1 ᠳ᠋ᠤᠭᠡᠷ ᠰᠠᠷ᠎ᠠ ᠶᠢᠨ 18 ᠤ ᠡᠳᠦᠷ᠂ ᠤᠷᠳᠤᠰ ᠬᠤᠲᠠ ᠶᠢᠨ ᠢᠳᠡᠭᠡᠨ ᠪᠤᠯᠤᠨ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠴᠢᠮᠬᠠᠨ ᠳᠤ ︽ᠴᠠᠭᠠᠨ ᠰᠠᠷ᠎ᠠ ᠶᠢᠨ ᠬᠤᠭᠤᠴᠠᠭᠠᠨ ᠳᠤ ᠢᠳᠡᠭᠡᠨ ᠤ | ᠠᠶᠤᠯ ᠥᠭᠡᠢ ᠶᠢ ᠲᠤᠰᠬᠠᠶᠢᠯᠠᠨ ᠬᠢᠨᠠᠯᠲᠠ ᠲᠠᠯᠪᠢᠵᠤ ᠰᠤᠭᠤᠴᠡᠠ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ | ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠢᠳᠡᠭᠡᠨ ᠪᠣᠷᠣᠯᠠᠭᠤᠯᠬᠤ | ᠭᠤᠭᠴᠤᠭ᠎ᠠ ᠶᠢᠨ ᠠᠶᠤᠯ ᠥᠭᠡᠢ ᠶᠢᠨ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠰᠤᠭᠤᠴᠠᠨ ᠪᠠᠶᠢᠴᠠᠭᠠᠯᠲᠠ ᠨᠢ ᠪᠠᠶᠠᠷ ᠤᠨ | ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠬᠡᠮᠵᠢᠶ᠎ᠡ ᠪᠠᠷ ᠶᠡᠭᠡ᠂ ᠢᠳᠡᠰᠢᠨ ᠤ ᠬᠡᠪᠴᠢᠶ᠎ᠡ ᠪᠠᠷ ᠥᠷᠭᠡᠨ ᠪᠠ | ᠥᠩᠭᠡᠷᠡᠭᠰᠡᠨ ᠳᠤ ᠬᠢᠨᠠᠨ ᠪᠠᠶᠢᠴᠠᠭᠠᠭᠠᠳ ᠨᠡᠯᠢᠶᠡᠳ ᠠᠷᠪᠢᠨ ᠠᠰᠠᠭᠤᠳᠠᠯ ᠣᠷᠣᠰᠢᠵᠤ ᠪᠠᠶᠢᠭ᠎ᠠ ᠢᠳᠡᠭᠡᠨ ᠢᠶᠠᠷ | ᠭᠤᠤᠯᠳᠠᠯᠭ᠎ᠠ ᠪᠤᠯᠭᠠᠵᠤ᠂ ᠭᠤᠣᠯᠳᠠᠭᠤ ᠬᠤᠳᠠᠯᠳᠤᠭ᠎ᠠ᠂ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ ᠢᠶᠠᠷ | ᠭᠤᠣᠯᠳᠠᠯᠭ᠎ᠠ ᠲᠠᠢ ᠲᠠᠯᠠᠪᠤᠷ ᠪᠤᠯᠭᠠᠨ᠎ᠠ᠃ ᠰᠤᠭᠤᠴᠠᠨ ᠪᠠᠶᠢᠴᠠᠭᠠᠬᠤ ᠭᠠᠵᠠᠷ ᠣᠷᠣᠨ ᠨᠢ ᠬᠤᠰᠢᠭᠤ ᠲᠤᠭᠤᠷᠢᠭ᠂ | ᠰᠢᠶᠠᠩ ᠪᠠᠯᠭᠠᠰᠤ ᠶᠢ ᠬᠠᠮᠤᠷᠴᠤ᠂ ᠭᠤᠣᠯᠳᠠᠭᠤ ᠢᠳᠡᠭᠡᠨ ᠪᠣᠯᠤᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ | ᠪᠦᠲᠦᠭᠡᠭᠳᠡᠬᠦᠨ ᠲᠦᠪᠯᠡᠷᠡᠭᠰᠡᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤ ᠠᠰᠠᠭᠤᠳᠠᠯ ᠤᠯᠠᠨ ᠡᠭᠦᠰᠬᠦ | ᠣᠷᠣᠨ᠂ ᠵᠢᠴᠢ ᠮᠠᠯᠵᠢᠬᠤ ᠲᠠᠷᠢᠶᠠᠯᠠᠬᠤ ᠣᠷᠣᠨ ᠬᠢᠭᠡᠳ ᠡᠷᠭᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ | ᠪᠦᠰᠡ ᠶᠢᠨ ᠢᠳᠡᠭᠡᠨ ᠢ ᠰᠤᠭᠤᠴᠠᠨ ᠪᠠᠶᠢᠴᠠᠭᠠᠨ᠎ᠠ᠃ ᠰᠤᠭᠤᠴᠠᠨ ᠪᠠᠶᠢᠴᠠᠭᠠᠬᠤ ᠲᠦᠷᠦᠯ ᠵᠦᠢᠯ ᠨᠢ ᠢᠳᠡᠰᠢᠨ | ᠲᠤᠰᠤ᠂ ᠲᠤᠰᠤ ᠵᠢᠴᠢ ᠲᠤᠰᠤᠨ ᠤ ᠦᠢᠯᠡᠳᠭᠦᠨ᠂ ᠴᠠᠭᠠᠨ ᠢᠳᠡᠭᠡ᠂ ᠠᠮᠲᠠ ᠣᠷᠣᠭᠤᠯᠬᠤ ᠡᠳ᠋᠂ ᠤᠯᠠᠭᠠᠨ | ᠢᠳᠡᠭᠡᠨ᠂ ᠢᠳᠡᠰᠢᠨ ᠨᠤᠭᠤᠭ᠎ᠠ᠂ ᠵᠢᠮᠢᠰ ᠤᠨ ᠵᠦᠢᠯ ᠵᠡᠷᠭᠡ 15 ᠶᠡᠭᠡ ᠲᠥᠷᠥᠯ ᠤᠨ ᠢᠳᠡᠭᠡᠨ ᠪᠤᠯᠤᠨ ᠠᠩᠬ᠎ᠠ | ᠵᠡᠷᠭᠡ ᠶᠢᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠢᠮᠢᠰ ᠨᠣᠭᠤᠭ᠎ᠠ ᠬᠤᠯᠪᠤᠭᠳᠠᠵᠤ᠂ ᠵᠢᠱᠢᠯᠲᠡ ᠪᠠᠷ | ᠰᠤᠭᠤᠴᠠᠨ ᠪᠠᠶᠢᠴᠠᠭᠠᠯᠲᠠ ᠨᠢ 400 ᠪᠦᠯᠦᠭ ᠤᠳᠠᠭ᠎ᠠ ᠳᠤ ᠬᠦᠷᠬᠦ ᠪᠤᠯᠤᠨ᠎ᠠ᠃ |