ᠤᠯᠤᠰ᠂ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠦᠢᠳᠬᠡᠯ ᠬᠤᠷᠢᠶᠠᠬᠤ ᠥᠭᠡᠢ ᠰᠤᠷᠭᠠᠨ ᠬᠥᠮᠦᠵᠢᠯ ᠤᠨ ᠲᠦᠷᠦ ᠶᠢᠨ ᠪᠤᠳᠤᠯᠭ᠎ᠠ ᠪᠣᠯᠤᠨ ᠰᠢᠯᠢ ᠶᠢᠨ ᠭᠤᠣᠯ | ᠠᠶᠢᠮᠠᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠢᠳᠬᠡᠯ ᠬᠤᠷᠢᠶᠠᠬᠤ ᠥᠭᠡᠢ | ᠰᠤᠷᠭᠠᠨ ᠬᠥᠮᠥᠵᠢᠯ ᠤᠨ ᠠᠷᠭ᠎ᠠ ᠶᠢ ᠦᠨᠳᠦᠰᠦᠯᠡᠨ᠂ 2015 ᠣᠨ ᠳᠤ᠂ ᠰᠢᠯᠢ ᠶᠢᠨ ᠭᠤᠣᠯ ᠠᠶᠢᠮᠠᠭ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠢᠳᠬᠡᠯ ᠬᠤᠷᠢᠶᠠᠬᠤ ᠥᠭᠡᠢ ᠰᠤᠷᠭᠠᠨ ᠬᠥᠮᠦᠵᠢᠯ ᠤᠨ ᠪᠡᠯᠡ | ᠮᠥᠩᠭᠦ ᠶᠢ ᠨᠡᠶᠢᠲᠡ 10735.6 ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤ ᠶᠢᠨ ᠰᠤᠷᠤᠭᠴᠢᠳ 57380 ᠬᠥᠮᠦᠨ ᠤᠳᠠᠭ᠎ᠠ ᠶᠢᠨ ᠰᠦᠢᠳᠬᠡᠯ ᠬᠤᠷᠢᠶᠠᠬᠤ ᠦᠭᠡᠢ | ᠰᠤᠷᠭᠠᠨ ᠬᠥᠮᠥᠵᠢᠯ ᠢ ᠪᠦᠬᠦᠨ ᠢ ᠪᠡᠶᠡᠯᠡᠭᠦᠯᠪᠡ ︵ᠤᠯᠤᠰ ᠤᠨ ᠪᠡᠯᠡ ᠮᠥᠩᠭᠦ 1938.8 ᠲᠦᠮᠡᠨ ᠲᠥᠭᠦᠷᠢᠭ᠂ | ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 5591 ᠲᠦᠮᠡᠨ ᠲᠥᠭᠦᠷᠢᠭ᠂ ᠠᠶᠢᠮᠠᠭ ᠤᠨ ᠱᠠᠲᠤᠨ ᠤ ᠪᠡᠯᠡ | ᠮᠥᠩᠭᠦ 1769.6 ᠲᠦᠮᠡᠨ ᠲᠥᠭᠦᠷᠢᠭ᠂ ᠬᠤᠰᠢᠭᠤ ᠰᠢᠶᠠᠨ ᠤ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ | 1436.2 ᠲᠦᠮᠡᠨ ᠲᠥᠭᠦᠷᠢᠭ︶᠃ ᠡᠭᠦᠨ ᠳᠤ᠄ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠡᠯᠡ | ᠮᠥᠩᠭᠦ 5441 ᠲᠦᠮᠡᠨ ᠲᠥᠭᠦᠷᠢᠭ᠂ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠡᠯᠡ | ᠮᠥᠩᠭᠦ 793.3 ᠲᠦᠮᠡᠨ ᠲᠥᠭᠦᠷᠢᠭ᠂ ᠪᠠᠶᠢᠷᠢ ᠳᠤ ᠰᠠᠭᠤᠬᠤ ᠰᠤᠷᠤᠭᠴᠢᠳ ᠤᠨ ᠬᠤᠨᠤᠭ ᠤᠨ ᠵᠠᠷᠤᠳᠠᠯ ᠢ | ᠬᠡᠯᠲᠦᠷᠢᠭᠦᠯᠬᠦ ᠪᠡᠯᠡ ᠮᠥᠩᠭᠦ 916.9 ᠲᠦᠮᠡᠨ ᠲᠥᠭᠦᠷᠢᠭ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ 2093.4 ᠲᠦᠮᠡᠨ ᠲᠥᠭᠦᠷᠢᠭ᠂ ᠦᠨᠳᠦᠰᠦᠲᠡᠨ ᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ 579 | ᠲᠦᠮᠡᠨ ᠲᠥᠭᠦᠷᠢᠭ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠣᠰ ᠬᠡᠯᠡ ᠪᠠᠷ | ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠵᠠᠷᠤᠳᠠᠯ 736 ᠲᠦᠮᠡᠨ | ᠲᠥᠭᠦᠷᠢᠭ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠭᠤᠷᠪᠠᠳᠤᠭᠠᠷ ᠣᠨ ᠤ ᠰᠤᠷᠤᠭᠴᠢᠳ ᠤᠨ ᠠᠮᠢᠳᠤᠷᠠᠯ ᠤᠨ | ᠵᠠᠷᠤᠳᠠᠯ 169.4 ᠲᠦᠮᠡᠨ ᠲᠥᠭᠦᠷᠢᠭ᠂ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠷᠠᠭᠠᠬᠢ ᠰᠦᠢᠳᠬᠡᠯ ᠬᠤᠷᠢᠶᠠᠬᠤ ᠦᠭᠡᠶ ᠰᠤᠷᠭᠠᠨ | ᠬᠥᠮᠦᠵᠢᠯ ᠤᠨ ᠪᠡᠯᠡ ᠮᠥᠩᠭᠦ 6. 6 ᠲᠦᠮᠡᠨ ᠲᠥᠭᠦᠷᠢᠭ ᠪᠠᠭᠲᠠᠨ᠎ᠠ᠃ | ︽ᠰᠢᠯᠢ ᠶᠢᠨ ᠭᠤᠣᠯ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠯᠭ᠎ᠠ ᠶᠢᠨ ᠰᠣᠷᠣᠭᠴᠢᠳ ᠢ ᠲᠡᠳᠬᠦᠬᠦ ᠬᠠᠮᠢᠶᠠᠷᠤᠯᠲᠠ ᠶᠢᠨ ᠠᠷᠭ᠎ᠠ︾ ︵ᠰᠢᠯᠢ ᠵᠠᠬᠢᠷᠭ᠎ᠠ ᠲᠠᠷᠬᠠᠭᠠᠭᠰᠠᠨ ﹇ | 2011﹈ 66 ᠳ᠋ᠤᠭᠠᠷ ᠲᠣᠭᠠᠲᠤ︶ ᠶᠢ ᠦᠨᠳᠦᠰᠦᠯᠡᠵᠦ᠂ 2015 ᠣᠨ ᠳᠤ ᠰᠢᠯᠢ ᠶᠢᠨ ᠭᠤᠣᠯ ᠠᠶᠢᠮᠠᠭ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠲᠤᠰᠠᠯᠠᠮᠵᠢ ᠶᠢᠨ ᠪᠡᠯᠡ ᠮᠥᠩᠭᠦ ᠶᠢ ᠨᠡᠶᠢᠲᠡ 663.1 | ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ ︵ᠠᠶᠢᠮᠠᠭ ᠤᠨ ᠱᠠᠲᠤᠨ ᠤ ᠪᠡᠯᠡ ᠮᠥᠩᠭᠦ 286.6 ᠲᠦᠮᠡᠨ | ᠲᠥᠭᠦᠷᠢᠭ᠂ ᠬᠤᠰᠢᠭᠤ ᠰᠢᠶᠠᠨ ᠤ ᠱᠠᠲᠤᠨ ᠤ ᠪᠡᠯᠡ ᠮᠥᠩᠭᠦ 376.5 ᠲᠦᠮᠡᠨ ᠲᠥᠭᠦᠷᠢᠭ︶᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢ 17 ᠲᠦᠮᠡᠨ ᠬᠥᠮᠦᠨ ᠤᠳᠠᠭ᠎ᠠ ᠳᠤ ᠠᠰᠢᠭ | ᠬᠦᠷᠲᠡᠭᠡᠵᠡᠢ᠃ ᠡᠭᠦᠨ ᠳᠤ᠂ ᠰᠦᠢᠳᠬᠡᠯ ᠬᠤᠷᠢᠶᠠᠬᠤ ᠦᠭᠡᠢ ᠳᠠᠰᠬᠠᠯ ᠤᠨ ᠳᠡᠪᠲᠡᠷ ᠤᠨ ᠵᠠᠷᠤᠳᠠᠯ 349.6 | ᠲᠦᠮᠡᠨ ᠲᠥᠭᠦᠷᠢᠭ ᠢ ᠪᠦᠬᠦ ᠰᠤᠷᠤᠭᠴᠢᠳ ᠲᠤ ᠥᠭᠴᠡᠢ︔ ᠭᠡᠷ ᠪᠦᠯᠢ ᠶᠢᠨ ᠠᠵᠤ ᠠᠬᠤᠶ ᠨᠢ ᠣᠨᠴᠠ | ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠶᠢᠨ ᠬᠡᠷᠡᠭᠰᠡᠯ ᠵᠠᠷᠤᠳᠠᠯ 218.9 ᠲᠦᠮᠡᠨ ᠲᠥᠭᠦᠷᠢᠭ᠂ 26194 | ᠬᠥᠮᠦᠨ ᠤᠳᠠᠭ᠎ᠠ ᠳᠤ ᠠᠰᠢᠭ ᠬᠦᠷᠲᠡᠭᠡᠵᠡᠢ︔ ᠠᠩᠬᠢ ᠲᠠᠭᠠᠨ ᠰᠤᠷᠤᠯᠴᠠᠵᠤ ᠪᠠᠶᠢᠭ᠎ᠠ ᠪᠠᠶᠢᠷᠢ ᠳᠤ ᠰᠠᠭᠤᠬᠤ | ᠭᠤᠷᠪᠠᠨ ᠲᠥᠷᠥᠯ ᠤᠨ ᠵᠡᠮᠳᠡᠭ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ 94.6 ᠲᠦᠮᠡᠨ | ᠲᠥᠭᠦᠷᠢᠭ᠂ 626 ᠬᠥᠮᠦᠨ ᠤᠳᠠᠭ᠎ᠠ ᠳᠤ ᠠᠰᠢᠭ ᠬᠦᠷᠲᠡᠭᠡᠵᠡᠢ᠃ |