2016 ᠣᠨ ᠤ ᠦᠪᠦᠷ ᠮᠣᠩᠭᠤᠯ ᠤᠨ ᠪᠦᠬᠦ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/22
     1 ᠳ᠋ᠦ᠋ᠭᠡᠷ ᠰᠠᠷ᠎ᠠ ᠶᠢᠨ 19 ᠤ ᠡᠳᠦᠷ᠂ 2016 ᠣᠨ ᠤ ᠥᠪᠥᠷ ᠮᠣᠩᠭᠤᠯ ᠤᠨ ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠬᠤᠷᠠᠯᠳᠤᠪᠠ᠃ ᠡᠨᠡ ᠵᠢᠯ᠂ ᠮᠠᠨ ᠤ ᠣᠷᠣᠨ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ᠂ ᠨᠡᠶᠢᠭᠡᠮ ᠤᠨ ᠪᠠᠲᠤᠯᠠᠭ᠎ᠠ ᠶᠢᠨ ᠪᠦᠷᠬᠦᠭᠦᠯᠬᠦ ᠬᠡᠪᠴᠢᠶ᠎ᠡ ᠶᠢ ᠦᠷᠭᠡᠳᠬᠡᠬᠦ᠂ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠬᠦ ᠵᠡᠷᠭᠡ ᠲᠠᠯ᠎ᠠ ᠪᠠᠷ ᠠᠵᠢᠯ ᠢᠶᠠᠨ ᠭᠤᠣᠯᠳᠠᠯᠭ᠎ᠠ ᠲᠠᠢ  ᠪᠠᠷ ᠦᠷᠨᠢᠭᠦᠯᠬᠦ ᠪᠠᠷ ᠪᠠᠶᠢᠨ᠎ᠠ᠃      ■ᠠᠵᠢᠯ ᠣᠯᠭᠤᠯᠲᠠ      ︽ᠬᠥᠰᠢᠭᠦᠷᠡᠭᠰᠡᠨ ᠠᠵᠤ ᠠᠬᠤᠶᠢᠯᠠᠯ︾ ᠤᠨ ᠠᠵᠢᠯ ᠠᠯᠳᠠᠭᠰᠠᠨ ᠬᠥᠮᠦᠰ ᠤᠨ ᠲᠠᠬᠢᠨ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠨ᠎ᠡ      ᠠᠵᠢᠯ ᠣᠯᠭᠤᠯᠲᠠ ᠶᠢᠨ ᠬᠦᠷᠢᠶᠡᠨ ᠠᠴᠠ ᠦᠵᠡᠪᠡᠯ᠂ ᠮᠠᠨ ᠤ ᠣᠷᠣᠨ ᠤ ᠠᠵᠢᠯ ᠣᠯᠭᠤᠯᠲᠠ ᠶᠢᠨ ᠶᠡᠷᠦᠩᠬᠡᠶ ᠬᠡᠮᠵᠢᠶᠡᠨ ᠤ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢᠨ ᠬᠥᠮᠦᠨ ᠤ ᠲᠤᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠢᠯᠠᠩᠭᠤᠶ᠎ᠠ ᠣᠳᠣᠬᠠᠨ ᠳᠤ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠯᠭᠤᠷᠯᠠᠬᠤ ᠬᠤᠭᠤᠴᠠᠭᠠᠨ ᠳᠤ ᠪᠠᠶᠢᠵᠤ᠂ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠮᠡᠳᠡᠭᠳᠡᠮ᠎ᠡ ᠪᠠᠭᠤᠷᠠᠵᠤ᠂ ᠠᠵᠢᠯ ᠣᠯᠭᠤᠯᠲᠠ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠬᠦ ᠪᠣᠯᠤᠨ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠬᠤ ᠪᠠᠲᠤᠯᠠᠭ᠎ᠠ ᠶᠢᠨ ᠳᠠᠷᠤᠯᠲᠠ ᠶᠡᠬᠡᠳᠴᠦ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ᠂ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠬᠤ ᠶᠢ ᠳᠠᠭᠠᠯᠳᠤᠨ᠂ ᠪᠣᠯᠣᠳ ᠲᠡᠮᠦᠷ᠂ ᠱᠦᠢᠨᠢ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠳᠤ ᠠᠳᠠᠯᠢ ᠪᠤᠰᠤ ᠬᠡᠮᠵᠢᠶᠡᠨ ᠤ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠠᠰᠠᠭᠤᠳᠠᠯ ᠣᠷᠣᠰᠢᠵᠤ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠤᠨ ᠨᠡᠶᠢᠯᠡᠭᠦᠯᠵᠦ᠂ ︽ᠬᠥᠰᠢᠭᠦᠷᠡᠭᠰᠡᠨ ᠠᠵᠤ ᠠᠬᠤᠶᠢᠯᠠᠯ︾ ᠢ ᠰᠢᠭᠰᠢᠵᠦ᠂ ᠪᠦᠲᠦᠴᠡ ᠶᠢᠨ ᠲᠤᠬᠢᠷᠡᠭᠤᠯᠦᠯᠳᠠ ᠳᠤᠮᠳᠠᠬᠢ ᠳᠠᠯᠳᠠ ᠠᠵᠢᠯ ᠠᠯᠳᠠᠭᠰᠠᠳ ᠡᠬᠢᠯᠡᠨ ᠢᠯᠡᠷᠡᠵᠦ᠂ ᠠᠵᠢᠯ ᠠᠯᠳᠠᠭᠰᠠᠨ ᠬᠥᠮᠦᠰ ᠲᠤ ᠲᠠᠬᠢᠨ ᠠᠵᠢᠯ ᠣᠯᠭᠤᠬᠤ ᠶᠢ ᠲᠦᠯᠬᠢᠨ ᠠᠬᠢᠭᠤᠯᠬᠤ ᠨᠢ ᠠᠵᠢᠯ ᠣᠯᠭᠤᠬᠤ ᠠᠵᠢᠯᠯᠠᠭ᠎ᠠ ᠶᠢᠨ ᠨᠢᠭᠡᠨ ᠰᠢᠨ᠎ᠡ ᠲᠥᠪᠯᠡᠷᠡᠯ ᠤᠨ ᠴᠡᠭ ᠪᠣᠯᠵᠤ ᠪᠠᠶᠢᠨ᠎ᠠ᠃      ᠡᠨᠡ ᠵᠢᠯ ᠤᠨ ᠠᠵᠢᠯ ᠣᠯᠭᠤᠬᠤ ᠠᠵᠢᠯᠯᠠᠭ᠎ᠠ ᠶᠢᠨ ᠭᠤᠣᠯ ᠬᠠᠷᠠᠯᠲᠠ ᠭᠡᠪᠡᠯ᠄ ᠬᠤᠲᠠ ᠪᠠᠯᠭᠠᠰᠤ ᠶᠢᠨ 26 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 4.0% ᠳᠣᠲᠣᠷ᠎ᠠ ᠬᠢᠵᠠᠭᠠᠷᠯᠠᠨ᠎ᠠ᠃ ᠭᠤᠣᠯ ᠠᠷᠭ᠎ᠠ ᠬᠡᠮᠵᠢᠶ᠎ᠡ ᠭᠡᠪᠡᠯ᠄ ᠥᠪᠡᠷᠲᠡᠭᠡᠨ ᠵᠠᠰᠠᠬᠤ ᠣᠷᠣᠨ ᠠᠴᠠ ᠪᠠᠭ᠎ᠠ ᠵᠢᠵᠢᠭ ᠠᠵᠤ ᠠᠬᠤᠶᠢᠯᠠᠯ ᠢ ᠲᠡᠳᠬᠦᠨ ᠳᠡᠮᠵᠢᠵᠦ ᠪᠠᠶᠢᠭ᠎ᠠ 8 ᠵᠦᠢᠯ ᠤᠨ ᠠᠷᠭ᠎ᠠ ᠬᠡᠮᠵᠢᠶ᠎ᠡ ᠵᠡᠷᠭᠡ ᠠᠵᠢᠯ ᠣᠯᠭᠤᠯᠲᠠ ᠶᠢ ᠲᠥᠯᠬᠢᠨ ᠠᠬᠢᠭᠤᠯᠬᠤ᠂ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠠᠵᠢᠯ ᠤᠨ ᠪᠠᠶᠢᠷᠢ ᠶᠢ ᠨᠡᠭᠡᠭᠡᠨ ᠭᠠᠷᠭᠠᠵᠤ᠂ ᠠᠵᠢᠯ ᠣᠯᠭᠤᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠤᠨ᠎ᠠ︔ ᠪᠦᠲᠦᠴᠡ ᠶᠢᠨ ᠴᠢᠨᠠᠷᠲᠠᠢ ᠠᠵᠢᠯ ᠠᠯᠳᠠᠬᠤ ᠵᠥᠷᠢᠴᠡᠯ ᠢ ᠢᠳᠡᠪᠬᠢᠲᠡᠶ ᠰᠢᠢᠳᠪᠦᠷᠢᠯᠡᠵᠦ᠂ ᠡᠯ᠎ᠡ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠦᠯᠡᠳᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠨ᠂ ︽ᠬᠥᠰᠢᠭᠦᠷᠡᠭᠰᠡᠨ ᠠᠵᠤ ᠠᠬᠤᠶᠢᠯᠠᠯ︾ ᠢ ᠰᠢᠢᠳᠪᠦᠷᠢᠯᠡᠬᠦ ᠶᠠᠪᠤᠴᠠ ᠳᠤᠮᠳᠠᠬᠢ ᠠᠵᠢᠯ ᠠᠯᠳᠠᠭᠰᠠᠨ ᠬᠥᠮᠦᠰ ᠲᠤ ᠲᠠᠬᠢᠨ ᠠᠵᠢᠯ ᠣᠯᠭᠤᠬᠤ ᠶᠠᠪᠤᠳᠠᠯ ᠢ ᠨᠢᠭᠡᠨ ᠴᠢᠬᠤᠯᠠ ᠡᠭᠦᠷᠭᠡ ᠪᠣᠯᠭᠠᠵᠤ᠂ ᠠᠵᠤ ᠠᠬᠤᠶᠢᠯᠠᠯ ᠤᠨ ᠠᠵᠢᠯᠲᠠᠨ ᠤ ᠣᠷᠤᠨ ᠲᠤᠭ᠎ᠠ ᠶᠢ ᠬᠠᠰᠤᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠂ ᠠᠵᠢᠯᠳᠠᠨ ᠢ ᠪᠣᠯᠪᠠᠰᠤᠷᠠᠭᠤᠯᠬᠤ᠂ ᠰᠠᠯᠭᠠᠨ ᠲᠣᠬᠢᠷᠠᠭᠤᠯᠬᠤ ᠪᠠ ᠲᠥᠪᠬᠢᠨᠡᠭᠦᠯᠬᠦ ᠠᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠬᠥᠳᠡᠯᠮᠦᠷᠢ ᠶᠢᠨ ᠬᠠᠷᠢᠴᠠᠭ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠦᠩᠭᠡᠷᠡᠭᠰᠡᠨ ᠵᠢᠯ ᠪᠠ ᠲᠤᠰ ᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠦᠨᠡᠨᠬᠦ ᠪᠠᠲᠤᠯᠠᠬᠤ ᠪᠤᠶᠤ 13 ᠲᠦᠮᠡᠨ ᠬᠦᠮᠦᠨ ᠤ ᠠᠵᠢᠯ ᠣᠯᠭᠤᠬᠤ ᠬᠠᠨᠳᠤᠰᠢ ᠶᠢ ᠨᠠᠶᠢᠳᠠᠪᠤᠷᠢᠵᠢᠭᠤᠯᠵᠤ᠂ ᠵᠢᠯ ᠤᠨ ᠡᠴᠦᠰ ᠠᠴᠠ ᠡᠮᠦᠨ᠎ᠡ 245 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠦᠨ᠎ᠡ᠃      ■ᠨᠡᠶᠢᠭᠡᠮ ᠤᠨ ᠪᠠᠲᠤᠯᠠᠭ᠎ᠠ      ᠨᠡᠩ ᠣᠯᠠᠨ ᠣᠷᠣᠯᠭ᠎ᠠ ᠪᠠᠭ᠎ᠠ ᠬᠦᠮᠦᠰ ᠢ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠤᠭᠤᠯᠤᠨ᠎ᠠ      ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠤᠯᠤᠰ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠦᠷᠢᠮ ᠢ ᠡᠮᠬᠢᠯᠡᠨ ᠨᠡᠶᠢᠯᠡᠭᠦᠯᠬᠦ ᠶᠢ ᠲᠣᠳᠤᠷᠬᠠᠶᠢᠯᠠᠵᠤ᠂ ᠠᠯᠬᠤᠮ ᠠᠯᠬᠤᠮ ᠢᠶᠠᠷ ᠪᠦᠬᠦ ᠤᠯᠤᠰ ᠤᠨ ᠬᠡᠪᠴᠢᠶᠡᠨ ᠤ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠎ᠠ᠃ ᠡᠭᠦᠨ ᠤ ᠲᠤᠬᠠᠶ ᠮᠠᠨ ᠤ ᠣᠷᠣᠨ ᠲᠣᠳᠤᠷᠬᠠᠶᠢᠯᠠᠭᠰᠠᠨ ᠨᠢ᠂ ᠲᠥᠪ ᠠᠴᠠ ᠨᠢᠭᠡᠨᠲᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠲᠣᠳᠣᠷᠬᠠᠶ ᠱᠠᠭᠠᠷᠳᠠᠯᠭ᠎ᠠ ᠳᠤᠷᠠᠳᠴᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠡᠨᠡ ᠲᠠᠯ᠎ᠠ ᠪᠠᠷ ᠪᠣᠳᠠᠲᠠᠶ ᠲᠣᠬᠢᠷᠠᠭᠤᠯᠤᠯᠲᠠ ᠬᠢᠬᠦ ᠬᠡᠷᠡᠭᠲᠡᠢ᠃ ᠡᠯ᠎ᠡ ᠭᠠᠵᠠᠷ ᠣᠷᠤᠨ ᠨᠤᠭᠤᠳ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠤᠷᠤᠭᠰᠢᠲᠠᠶ ᠵᠤᠯᠭᠠᠭᠤᠯᠬᠤ ᠶᠢ ᠪᠡᠶᠡᠯᠡᠭᠦᠯᠬᠦ ᠬᠡᠷᠡᠭᠲᠡᠶ ᠭᠡᠪᠡ᠃      ᠳᠡᠭᠡᠷ᠎ᠡ ᠳᠤᠷᠠᠳᠤᠭᠰᠠᠨ ᠠᠵᠢᠯ ᠠᠴᠠ ᠭᠠᠳᠠᠨ᠎ᠠ᠂ ᠮᠠᠨ ᠤ ᠤᠷᠤᠨ ᠡᠨᠡ ᠵᠢᠯ ᠳᠤ ᠪᠠᠰᠠ ᠨᠡᠶᠢᠭᠡᠮ ᠤᠨ ᠪᠠᠲᠤᠯᠠᠭ᠎ᠠ ᠶᠢᠨ ᠪᠦᠷᠬᠦᠭᠦᠯᠬᠦ ᠬᠡᠪᠴᠢᠶ᠎ᠡ ᠶᠢ ᠦᠷᠭᠡᠳᠬᠡᠨ᠎ᠡ᠃ ᠪᠣᠳᠠᠲᠠᠶ ᠠᠷᠭ᠎ᠠ ᠬᠡᠮᠵᠢᠶ᠎ᠡ ᠨᠢ᠄ ᠡᠯ᠎ᠡ ᠭᠠᠵᠠᠷ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠠᠵᠢᠯ ᠢ ᠲᠦᠷᠭᠡᠳᠬᠡᠵᠦ᠂ ᠡᠯ᠎ᠡ ᠲᠦᠷᠦᠯ ᠤᠨ ᠵᠥᠷᠢᠴᠡᠯ ᠲᠠᠢ ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠬᠡᠷᠡᠭᠵᠢᠭᠦᠯᠦᠭᠳᠡᠬᠦ ᠶᠢ ᠲᠥᠷᠭᠡᠳᠬᠡᠬᠦ ᠬᠡᠷᠡᠭᠲᠡᠢ︔ ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶᠢᠷᠡᠨ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠴᠢᠨᠠᠷᠲᠠᠢ ᠠᠵᠢᠯ ᠣᠯᠤᠭᠰᠠᠨ ᠬᠥᠮᠦᠰ᠂ ᠬᠤᠳᠠ ᠳᠤ ᠣᠷᠣᠵᠤ ᠠᠵᠢᠯ ᠬᠢᠳᠡᠭ ᠮᠠᠯᠴᠢᠨ ᠲᠠᠷᠢᠶᠠᠴᠢᠳ ᠢᠶᠠᠷ ᠭᠤᠣᠯᠳᠠᠯᠭ᠎ᠠ ᠪᠣᠯᠭᠠᠵᠤ᠂ ᠨᠡᠩ ᠣᠯᠠᠨ ᠣᠷᠣᠯᠭ᠎ᠠ ᠪᠠᠭ᠎ᠠ ᠬᠦᠮᠦᠰ ᠢ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠵᠢᠯ ᠤᠨ ᠡᠴᠦᠰ ᠠᠴᠠ ᠡᠮᠦᠨ᠎ᠡ᠂ ᠪᠦᠬᠦ ᠣᠷᠣᠨ ᠤ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠪᠠᠯᠭᠠᠰᠤ ᠶᠢᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠭᠰᠠᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠳᠤ ᠣᠷᠤᠯᠴᠠᠬᠤ ᠬᠦᠮᠦᠨ ᠤ ᠲᠤᠭ᠎ᠠ ᠶᠢ ᠲᠤᠰ ᠲᠤᠰ 655 ᠲᠦᠮᠡ᠂ 1012 ᠲᠦᠮᠡ᠂ 240 ᠲᠦᠮᠨ᠂ 300 ᠲᠦᠮᠡ᠂ 304 ᠲᠦᠮᠡᠨ ᠬᠦᠮᠦᠨ ᠳᠤ ᠬᠦᠷᠦᠭᠦᠯᠬᠦ ᠪᠠᠷ ᠪᠠᠶᠢᠨ᠎ᠠ᠃      ᠡᠭᠦᠨ ᠤ ᠬᠠᠮᠲᠤ᠂ ᠮᠠᠨ ᠤ ᠣᠷᠣᠨ ᠪᠠᠰᠠ ᠲᠤᠳᠤᠷᠬᠠᠶᠢᠯᠠᠭᠰᠠᠨ ᠨᠢ᠂ ᠡᠨᠡ ᠵᠢᠯ ᠠᠵᠤ ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠬᠠᠮᠲᠤ ᠠᠯᠪᠠᠨ ᠪᠠᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠨ ᠤ ᠠᠮᠠᠷᠠᠯᠲᠠ ᠠᠪᠤᠭᠰᠠᠨ ᠬᠦᠮᠦᠰ ᠤᠨ ᠭᠥᠷᠳᠡᠬᠦ ᠬᠠᠷᠠᠭᠠᠯᠵᠠᠯ ᠤᠨ ᠬᠢᠷᠢ ᠬᠡᠮᠵᠢᠶ᠎ᠡ ᠶᠢ ᠵᠡᠷᠭᠡᠪᠡᠷ ᠲᠤᠬᠢᠷᠠᠭᠤᠯᠵᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ︔ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠶᠢ ᠲᠦᠯᠬᠢᠨ ᠠᠬᠢᠭᠤᠯᠬᠤ ᠱᠠᠭᠠᠷᠳᠠᠯᠭ᠎ᠠ ᠶᠤᠰᠤᠭᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦᠨ ᠤ ᠪᠠᠷᠢᠮᠵᠢᠶ᠎ᠠ ᠶᠢ ᠴᠤ 5 ᠲᠥᠭᠦᠷᠢᠭ ᠳᠡᠭᠡᠭᠰᠢᠯᠡᠭᠦᠯᠪᠡ᠃      ■ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ      ᠡᠨᠡ ᠵᠢᠯ ᠪᠣᠯ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠪᠲᠤᠯᠤᠯᠲᠠ ᠶᠢᠨ ᠵᠢᠯ ᠮᠥᠨ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭᠠᠨ ᠤ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠨᠡᠩ ᠨᠦᠰᠡᠷ ᠬᠦᠨᠳᠦ ᠪᠠᠶᠢᠭ᠎ᠠ ᠶᠤᠮ᠃ ᠡᠭᠦᠨ ᠤ ᠲᠤᠯᠠᠳᠠ᠂ ᠮᠠᠨ ᠤ ᠣᠷᠣᠨ ᠡᠨᠡ ᠵᠢᠯ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠨ᠎ᠡ᠃ ᠭᠤᠣᠯ ᠠᠷᠭ᠎ᠠ ᠬᠡᠮᠵᠢᠶ᠎ᠡ ᠭᠡᠪᠡᠯ᠄ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠡ᠊ᠨᠡ ᠵᠢᠯ ᠤᠯᠤᠰ ᠠᠴᠠ ᠭᠠᠵᠠᠷ ᠣᠷᠣᠨ ᠤ ᠨᠡᠮᠡᠯᠲᠡ ᠨᠡᠮᠡᠭᠦᠷᠢ ᠮᠥᠩᠭᠦ ᠶᠢᠨ ᠲᠦᠷᠢᠮ ᠵᠡᠷᠭᠡ ᠲᠦᠷᠦ ᠶᠢᠨ ᠪᠤᠳᠤᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ ᠤ ᠴᠠᠯᠢᠩ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥᠨ ᠤ ᠲᠦᠷᠢᠮ ᠢ ᠲᠡᠭᠦᠯᠳᠡᠷᠵᠢᠭᠦᠯᠬᠦ ᠲᠤᠷᠰᠢᠯᠲᠠ ᠶᠢ ᠦᠷᠨᠢᠭᠦᠯᠦᠨ᠎ᠡ︔ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠶᠢ ᠲᠤᠬᠢᠷᠠᠭᠤᠯᠤᠨ᠎ᠠ᠂ ᠡᠨᠡ ᠤᠳᠠᠭᠠᠨ ᠤ ᠪᠠᠷᠢᠮᠵᠢᠶ᠎ᠠ ᠶᠢ ᠲᠤᠬᠢᠷᠠᠭᠤᠯᠬᠤ ᠶᠠᠪᠤᠳᠠᠯ ᠪᠣᠯ ᠦᠨᠳᠦᠰᠦᠨ ᠴᠠᠯᠢᠩ ᠤᠨ ᠪᠠᠷᠢᠮᠵᠢᠶ᠎ᠠ ᠳᠤ ᠬᠡᠪ ᠤᠨ ᠲᠤᠬᠢᠷᠠᠭᠤᠯᠤᠯᠳᠠ ᠬᠢᠬᠦ ᠲᠣᠭᠲᠠᠴᠠ ᠶᠢ ᠪᠠᠶᠢᠭᠤᠯᠤᠭᠰᠠᠨ ᠤ ᠳᠠᠷᠠᠭᠠᠬᠢ ᠠᠩᠬ᠎ᠠ ᠤᠳᠠᠭ᠎ᠠ ᠶᠢᠨ ᠲᠣᠬᠢᠷᠠᠭᠤᠯᠤᠯᠲᠠ ᠪᠤᠯᠤᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠢᠯᠭᠠᠷᠠᠭᠤᠯᠤᠨ ᠥᠪᠡᠷ ᠲᠡᠭᠡᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠶ᠃ ᠡᠭᠦᠨ ᠤ ᠬᠠᠮᠲᠤ᠂ ᠮᠠᠨ ᠤ ᠣᠷᠣᠨ ᠨᠢᠳᠤᠨᠤᠨ  ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡᠪᠡᠷ ᠶᠠᠪᠤᠭᠤᠯᠬᠤ ᠳᠦᠷᠢᠮ᠂ ᠰᠢᠶᠠᠩ ᠪᠠᠯᠭᠠᠰᠤᠨ ᠤ ᠠᠵᠢᠯ ᠤᠨ ᠨᠥᠬᠦᠪᠥᠷᠢ ᠶᠢᠨ ᠳᠦᠷᠢᠮ ᠢ ᠨᠡᠶᠢᠲᠡᠯᠡᠵᠡᠢ᠂ ᠪᠡᠶᠡᠯᠡᠭᠦᠯᠵᠦ ᠴᠢᠳᠠᠭᠰᠠᠨ ᠦᠭᠡᠢ ᠭᠠᠵᠠᠷ ᠣᠷᠣᠨ ᠨᠤᠭᠤᠳ ᠠᠬᠢᠴᠠ ᠪᠠᠨ ᠲᠦᠷᠭᠡᠳᠬᠡᠬᠦ ᠬᠡᠷᠡᠭᠲᠡᠢ᠂ ᠮᠠᠨ ᠤ ᠣᠷᠣᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠲᠤᠰᠬᠠᠶ ᠵᠦᠢᠯ ᠶᠢᠨ ᠰᠢᠮᠳᠠᠭᠤᠯᠤᠨ ᠪᠠᠶᠢᠴᠠᠭᠠᠯᠲᠠ ᠬᠢᠨ᠎ᠡ︔ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ᠃      ■ᠶᠠᠳᠠᠭᠤ ᠶᠢ ᠲᠡᠳᠬᠦᠬᠦ ᠰᠢᠪᠲᠤᠯᠤᠯᠲᠠ       ᠤᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠨ ᠬᠦᠭᠵᠢᠭᠦᠯᠦᠨ᠎ᠡ      ᠮᠠᠨ ᠤ ᠣᠷᠣᠨ ᠡᠨᠡ ᠵᠢᠯ 21 ᠲᠦᠮᠡᠨ ᠬᠥᠮᠦᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ10 ᠣᠷᠴᠢᠮ ᠬᠤᠰᠢᠭᠤ ᠰᠢᠶᠠᠨ ᠶᠠᠳᠠᠭᠤ ᠠᠴᠠ ᠠᠩᠭᠢᠵᠢᠷᠠᠵᠤ ᠮᠠᠯᠠᠭᠠᠶ ᠶᠢ ᠠᠪᠴᠤ ᠬᠠᠶᠠᠬᠤ ᠶᠢ ᠦᠨᠡᠨ ᠬᠦ ᠪᠠᠲᠤᠯᠠᠨ᠎ᠠ᠃ ᠭᠤᠣᠯ ᠠᠷᠭ᠎ᠠ ᠬᠡᠮᠵᠢᠶ᠎ᠡ ᠭᠡᠪᠡᠯ᠄ ᠡᠩ ᠲᠡᠷᠢᠭᠦᠨ ᠳᠤ᠂ ᠠᠵᠢᠯ ᠣᠯᠭᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ᠂ ᠰᠢᠯᠵᠢᠭᠦᠯᠵᠦ ᠠᠵᠢᠯ ᠤᠯᠭᠤᠬᠤ ᠪᠠᠷ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠶ ᠶᠢᠨ ᠨᠡᠭᠦᠯᠲᠡ ᠪᠠᠷ ᠶᠠᠳᠠᠭᠤ ᠠᠴᠠ ᠠᠩᠭᠢᠵᠢᠷᠠᠭᠤᠯᠬᠤ ᠶᠢᠨ ᠤᠶᠠᠯᠳᠤᠯ ᠢ ᠲᠦᠯᠬᠢᠨ ᠠᠬᠢᠭᠤᠯᠵᠤ ᠠᠵᠢᠯ ᠤᠯᠭᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠲᠤᠰ ᠲᠤᠰ ᠲᠣᠭᠲᠠᠭᠠᠵᠤ᠂ ᠬᠠᠨᠳᠤᠯᠭᠠᠲᠤ ᠴᠢᠨᠠᠷᠲᠠᠶ ᠠᠵᠢᠯ ᠣᠯᠭᠤᠬᠤ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯ ᠤᠯᠬᠤ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠥᠮᠦᠨ ᠪᠦᠬᠦᠨ ᠳᠤ ᠴᠥᠮ ᠨᠢᠭᠡ ᠵᠦᠢᠯ ᠤᠨ ᠠᠵᠢᠯ ᠤᠯᠬᠤ ᠮᠡᠷᠭᠡᠵᠢᠯ ᠢ ᠡᠵᠡᠮᠰᠢᠭᠦᠯᠦᠨ᠎ᠡ᠃ ᠠᠵᠢᠯ ᠤᠯᠬᠤ ᠳᠤ ᠬᠦᠴᠢᠷᠲᠡᠶ ᠬᠥᠮᠦᠰ ᠪᠠ ︽ᠠᠵᠢᠯ ᠣᠯᠤᠭᠰᠠᠨ ᠦᠭᠡᠢ︾ ᠭᠡᠷ ᠪᠦᠯᠢ ᠶᠢᠨ ᠪᠦᠷᠢᠯᠳᠦᠬᠦᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠢᠳᠡᠪᠬᠢᠲᠡᠶ ᠪᠠᠷ ᠨᠡᠭᠡᠭᠡᠨ ᠬᠥᠭᠵᠢᠭᠦᠯᠬᠦ᠂ ᠵᠠᠰᠠᠭ ᠤᠨ ᠣᠷᠳᠣᠨ ᠠᠴᠠ ᠪᠦᠬᠦᠨ ᠢ ᠲᠥᠪᠬᠢᠨᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠠᠳᠠᠯ ᠦᠢᠯᠡᠰ ᠴᠤᠭᠴᠠᠯᠠᠬᠤ ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠤᠯᠬᠤ ᠶᠢ ᠳᠠᠶᠢᠴᠢᠯᠠᠨ᠎ᠠ᠃ ᠳᠠᠷᠠᠭᠠᠯᠠᠪᠠᠯ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠲᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠡᠯ᠎ᠡ ᠭᠠᠵᠠᠷ ᠤᠳ ᠪᠡᠯᠡ ᠮᠥᠩᠭᠦ ᠲᠡᠶᠢᠰᠢ ᠬᠡᠯᠪᠡᠶᠢᠯᠭᠡᠬᠦ ᠡᠷᠴᠢᠮ ᠢ ᠴᠢᠩᠭᠠᠷᠠᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠬᠤ ᠰᠦᠢᠳᠬᠡᠯ ᠢ ᠵᠠᠰᠠᠭ ᠤᠨ ᠣᠷᠳᠣᠨ ᠣᠷᠣᠯᠠᠨ ᠲᠤᠰᠢᠶᠠᠬᠤ ᠲᠦᠷᠦ ᠶᠢᠨ ᠪᠤᠳᠤᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ ᠶᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠢᠳᠠᠪᠤᠷᠢᠲᠠᠳ ᠢ ᠬᠥᠮᠦᠵᠢᠭᠦᠯᠬᠦ᠂ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠪᠠ ᠴᠢᠳᠠᠪᠤᠷᠢᠲᠠᠨ ᠢ ᠦᠯᠡᠳᠡᠭᠡᠬᠦ ᠲᠡᠰᠢ ᠬᠡᠯᠪᠡᠶᠢᠯᠭᠡᠬᠦ ᠲᠦᠷᠦ ᠶᠢᠨ ᠪᠤᠳᠦᠯᠭ᠎ᠠ ᠶᠢ ᠰᠤᠳᠤᠯᠤᠨ ᠲᠣᠭᠲᠠᠭᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠭᠵᠢᠯᠲᠡ ᠳᠤ ᠴᠢᠳᠠᠪᠤᠷᠢᠲᠠᠨ ᠤ ᠳᠡᠮᠵᠢᠯᠭᠡ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号