ᠬᠢᠩᠭᠠᠨ ᠠᠶᠢᠮᠠᠭ ᠥᠨᠥᠴᠢᠨ ᠤᠶᠤᠲᠠᠳ ᠲᠤ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ ᠣᠯᠭᠤᠪᠠ
ᠨᠡᠶᠢᠲᠡᠯᠡᠭᠰᠡᠨ ᠴᠠᠭ᠄
2016/1/25
      ᠠᠷᠠᠳ ᠤᠨ ᠶᠠᠪᠤᠳᠠᠯ ᠤᠨ ᠲᠢᠩᠬᠢᠮ ᠤᠨ ᠥᠨᠥᠴᠢᠨ ᠤᠶᠤᠲᠠᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ 2015 ᠣᠨ ᠳᠤ ᠶᠡᠭᠡ ᠰᠤᠷᠭᠠᠭᠤᠯᠢ ᠳᠤ ᠰᠢᠨ᠎ᠡ ᠪᠠᠷ ᠰᠢᠯᠭᠠᠵᠤ ᠤᠷᠤᠭᠰᠠᠨ ᠥᠨᠥᠴᠢᠨ ᠬᠡᠦᠬᠡᠳ ᠢ ᠠᠩᠬ᠎ᠠ ᠤᠳᠠᠭ᠎ᠠ ᠵᠣᠭᠤᠰ ᠮᠥᠩᠭᠦ ᠪᠠᠷ ᠲᠤᠰᠠᠯᠠᠪᠠ᠂ ᠲᠤᠰᠠᠯᠠᠬᠤ ᠪᠠᠷᠢᠮᠵᠢᠶ᠎ᠠ ᠨᠢ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠎ ᠳᠤ ᠡᠯᠰᠡᠭᠳᠡᠭᠰᠡᠨ ᠰᠢᠨ᠎ᠡ ᠰᠤᠷᠤᠭᠴᠢ ᠶᠢ ᠨᠢᠭᠡ ᠯᠠ ᠤᠳᠠᠭ᠎ᠠ ᠳᠡᠭᠡᠷ᠎ᠡ 40000 ᠲᠥᠭᠦᠷᠢᠭ ᠢᠶᠠᠷ ᠲᠤᠰᠠᠯᠠᠵᠤ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠢᠨ᠎ᠡ ᠰᠤᠷᠤᠭᠴᠢ ᠶᠢ ᠨᠢᠭᠡ ᠯᠠ ᠤᠳᠠᠭ᠎ᠠ ᠳᠡᠭᠡᠷ᠎ᠡ 30000 ᠲᠥᠭᠦᠷᠢᠭ ᠢᠶᠠᠷ ᠲᠤᠰᠠᠯᠠᠪᠠ᠃ 2015 ᠣᠨ ᠳᠤ᠂ ᠬᠢᠩᠭᠠᠨ ᠠᠶᠢᠮᠠᠭ ᠤᠨ ᠭᠠᠵᠠᠷ ᠣᠷᠣᠨ ᠤ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠭᠰᠠᠨ ᠥᠨᠥᠴᠢᠨ ᠬᠡᠦᠬᠡᠳ 6 ᠪᠠᠶᠢᠨ᠎ᠠ᠂ ᠡᠭᠦᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ 4᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤ 1᠂ ᠵᠠᠯᠠᠶᠢᠳ ᠬᠤᠰᠢᠭᠤ ᠳᠤ 1 ᠪᠠᠶᠢᠵᠤ᠂ ᠶᠡᠭᠡ ᠰᠤᠷᠭᠠᠭᠤᠯᠢ ᠶᠢᠨ ᠥᠨᠥᠴᠢᠨ ᠤᠶᠤᠲᠠᠳ ᠲᠤ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ ᠨᠡᠶᠢᠲᠡ 20 ᠲᠦᠮᠡᠨ ᠲᠥᠭᠦᠷᠢᠭ ᠣᠯᠭᠤᠪᠠ᠃ ᠥᠨᠥᠴᠢᠨ ᠤᠶᠤᠲᠠᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ ᠨᠢ ᠲᠡᠳᠡᠨ ᠢ ᠬᠠᠪᠰᠤᠷᠴᠤ ᠶᠡᠭᠡ ᠰᠤᠷᠭᠠᠭᠤᠯᠢ ᠶᠢᠨ ᠵᠡᠭᠦᠳᠦ ᠶᠢ ᠨᠢ ᠲᠡᠷᠭᠡᠯᠰᠢᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠠᠨ ᠤᠷᠤᠭᠰᠢᠲᠠᠢ ᠪᠡᠶᠡᠯᠡᠭᠦᠯᠬᠦ ᠳᠤᠨᠢ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号