ᠸᠠᠩ ᠵᠢᠶᠦ᠋ᠨ᠄ ᠠᠮᠵᠢᠯᠲᠠ ᠪᠦᠲᠦᠮᠵᠢ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠦᠯᠦᠪᠵᠢᠭᠦᠯᠦᠨ ᠪᠠᠶᠢᠷᠢᠯᠠᠭᠤᠯᠵᠣ ᠡᠬᠡ ᠤᠯᠤᠰ ᠤᠨ ᠤᠮᠠᠷᠠᠲᠤ ᠶᠢᠨ ᠥᠵᠡᠰᠬᠦᠯᠡᠩᠲᠥ ᠰᠠᠶᠢᠬᠠᠨ ᠥᠵᠡᠮᠵᠢ ᠶᠢᠨ ᠤᠷᠤᠨ ᠢ ᠲᠥᠷᠬᠡᠳᠬᠡᠨ ᠪᠥᠲᠥᠬᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2016-01-25
     1 ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠬᠦᠬᠡᠬᠤᠳᠠ ᠶᠢᠨ ᠲᠦᠯᠦᠭᠡᠯᠡᠭᠴᠢᠳ ᠤᠨ ᠪᠦᠯᠭᠦᠮ ᠤᠨ ᠲᠥᠯᠥᠬᠡᠯᠡᠭᠴᠢᠳ ᠲᠠᠢ ᠬᠠᠮᠳᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃      1 ᠳ᠋ᠤᠭᠡᠷ ᠰᠠᠷ᠎ᠠ ᠶᠢᠨ 23 ᠤ ᠡᠳᠦᠷ ᠤᠨ ᠦᠲᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠲᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠲᠦᠭᠡᠷ ᠬᠤᠷᠠᠯ ᠤᠨ ᠬᠦᠬᠡᠬᠤᠲᠠ ᠶᠢᠨ ᠲᠦᠯᠦᠭᠡᠯᠡᠭᠴᠢᠳ ᠤᠨ ᠪᠦᠯᠬᠦᠮ ᠲᠠᠢ ᠬᠠᠮᠲᠤ ᠵᠠᠰᠠᠬ ᠤᠨ ᠤᠷᠲᠤᠨ ᠤ ᠠᠵᠢᠯ ᠤᠨ ᠢᠯᠡᠳᠭᠡᠯ ᠢ ᠬᠢᠨᠡᠨ ᠵᠦᠪᠯᠡᠬᠦ ᠳᠡᠭᠡᠨ ᠴᠢᠬᠤᠯᠠᠴᠢᠯᠠᠬᠰᠠᠨ ᠨᠢ᠂ ︽ᠠᠷᠪᠠᠨ ᠬᠤᠶᠠᠲᠤᠭᠠᠷ ᠲᠠᠪᠤᠨ ᠵᠢᠯ︾ ᠤᠨ ᠬᠤᠭᠤᠴᠠᠭ᠎ᠠ ᠪᠤᠯᠤᠨ 2015 ᠤᠨ ᠤ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠮᠵᠢᠯᠲᠠ ᠪᠦᠲᠦᠮᠵᠢ ᠲᠤᠷᠰᠢᠯᠭ᠎ᠠ ᠪᠠᠨ ᠬᠢᠨᠠᠮᠠᠭᠠᠢ ᠳ᠋ᠦᠩᠨᠡᠨ᠂ ᠬᠦᠢᠴᠡᠳ ᠨᠤᠲᠠᠯᠠᠵᠦ᠂ ︽ᠠᠷᠪᠠᠨ ᠭᠤᠷᠪᠠᠲᠤᠭᠠᠷ ᠲᠠᠪᠤᠨ ᠵᠢᠯ︾ ᠪᠤᠯᠤᠨ 2016 ᠤᠨ ᠤ ᠡᠯ᠎ᠡ ᠵᠦᠢᠯ ᠤᠨ ᠠᠵᠢᠯ ᠢᠶᠠᠨ ᠨᠠᠷᠢᠨ ᠲᠦᠯᠦᠪᠵᠢᠭᠦᠯᠦᠨ ᠯᠠᠪᠲᠠᠭᠤᠨ ᠪᠠᠲᠤᠲᠠᠢ ᠰᠠᠶᠢᠲᠤᠷ ᠬᠢᠵᠦ᠂ ᠰᠢᠯᠢᠲᠡᠭ ᠠᠮᠵᠢᠯᠳᠠ ᠪᠠᠷ ᠢᠶᠠᠨ ᠦᠪᠡᠷᠲᠡᠭᠡᠨ ᠵᠠᠰᠠᠬᠤ ᠤᠷᠤᠨ ᠪᠠᠶᠢᠭᠤᠯᠤᠬᠲᠠᠬᠰᠠᠨ 70 ᠵᠢᠯ ᠤᠨ ᠤᠢ ᠳᠤ ᠪᠡᠯᠡᠭ ᠪᠤᠯᠭᠠᠨ ᠡᠷᠬᠦᠬᠦ ᠬᠡᠷᠡᠭᠲᠡᠢ ᠭᠡᠪᠡ᠃       ᠸᠠᠩ ᠵᠢᠶᠦ᠋ᠨ ᠦᠪᠡᠷᠲᠡᠭᠡᠨ ᠵᠠᠰᠠᠬᠤ ᠤᠷᠤᠨ ᠤ ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠦᠲᠦᠯᠪᠦᠷᠢ ᠪᠠ ᠵᠠᠰᠠᠬ ᠤᠨ ᠤᠷᠲᠤᠨ ᠤ ᠠᠵᠢᠯ ᠤᠨ ᠢᠯᠡᠳᠭᠡᠯ ᠢ ᠵᠦᠪᠰᠢᠶᠡᠷᠡᠵᠦ ᠪᠠᠶᠢᠬᠤ ᠪᠠᠨ ᠢᠯᠡᠳᠬᠡᠪᠡ᠃ ᠸᠠᠩ ᠵᠢᠶᠦ᠋ᠨ ᠬᠡᠯᠡᠭᠰᠡᠨ ᠨᠢ᠂ ᠦᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠠᠲᠤ ᠴᠢᠩᠭ᠎ᠠ ᠤᠲᠤᠷᠢᠲᠤᠯᠭ᠎ᠠ ᠲᠤᠤᠷ᠎ᠠ᠂ ᠪᠦᠬᠦ ᠤᠷᠤᠨ ᠲᠠᠶᠠᠭᠠᠷ ᠢᠶᠠᠨ ᠤᠯᠠᠨ ᠵᠦᠢᠯ ᠤᠨ ᠠᠷᠭ᠎ᠠ ᠪᠠᠷ ᠨᠡᠮᠡᠭᠲᠡᠯ ᠢ ᠲᠤᠬᠲᠠᠪᠤᠷᠢᠵᠢᠭᠤᠯᠵᠦ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠤᠬᠢᠷᠠᠭᠤᠯᠵᠦ᠂ ᠦᠭᠡᠷᠡᠴᠢᠯᠠᠯᠲᠠ ᠶᠢ ᠯᠠᠪᠲᠠᠭᠤᠨ ᠢᠶᠠᠷ ᠠᠬᠢᠭᠤᠯᠵᠦ᠂ ᠠᠷᠠᠳ ᠲᠤ ᠠᠰᠢᠬ ᠬᠦᠷᠲᠡᠭᠡᠵᠦ᠂ ᠲᠤᠬᠲᠠᠭᠤᠨ ᠢ ᠪᠠᠲᠤᠯᠠᠨ ᠨᠠᠮ ᠤᠨ ᠪᠠᠶᠢᠭᠤᠯᠤᠯᠲᠠ ᠶᠢ ᠠᠳᠬᠤᠵᠦ ᠠᠵᠦ ᠠᠬᠤᠢ ᠬᠦᠭᠵᠢᠭᠰᠡᠨ᠂ ᠦᠨᠳᠦᠰᠦᠲᠡᠨ ᠨᠦᠭᠦᠳ ᠪᠦᠯᠬᠦᠮᠲᠡᠭᠰᠡᠨ᠂ ᠨᠡᠶᠢᠭᠡᠮ ᠲᠤᠬᠲᠠᠭᠤᠨ᠂ ᠬᠢᠯᠢ ᠬᠢᠵᠠᠭᠠᠷ ᠠᠮᠤᠷ ᠲᠤᠬᠲᠠᠭᠤᠨ ᠶᠡᠭᠡ ᠰᠠᠶᠢᠨ ᠪᠠᠶᠢᠲᠠᠯ ᠢ ᠴᠢᠨᠠᠬᠰᠢᠲᠠ ᠪᠠᠬᠢᠵᠢᠬᠦᠯᠪᠡ᠃ ᠬᠦᠬᠡᠬᠤᠲᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠡᠯ᠎ᠠ ᠵᠦᠢᠯ ᠤᠨ ᠠᠵᠢᠯ ᠢᠶᠠᠨ ᠴᠢᠩᠭ᠎ᠠ ᠪᠤᠲᠠᠲᠠᠢ ᠠᠳᠬᠤᠵᠦ᠂ ᠭᠤᠤᠯ ᠪᠤᠯᠬᠤ ᠠᠵᠦ ᠠᠬᠤᠢ ᠶᠢᠨ ᠵᠢᠭᠠᠯᠲᠠ ᠲᠤᠭ᠎ᠠ ᠪᠦᠬᠦ ᠤᠷᠤᠨ ᠤ ᠡᠮᠦᠨ᠎ᠡ ᠡᠩᠨᠡᠭᠡ ᠳᠤ ᠤᠷᠤᠵᠦ᠂ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠳᠤ ᠴᠢᠬᠤᠯᠠ ᠬᠤᠪᠢ ᠨᠡᠮᠡᠷᠢ ᠦᠵᠡᠬᠦᠯᠵᠦ᠂ ᠬᠤᠶᠢᠰᠢᠲᠠ ᠶᠢᠨ ᠬᠦᠭᠵᠢᠯᠲᠡ ᠳᠡᠭᠡᠨ ᠰᠠᠶᠢᠨ ᠰᠠᠭᠤᠷᠢ ᠲᠠᠯᠪᠢᠵᠠᠢ᠃ ᠠᠵᠦ ᠠᠬᠤᠢ ᠶᠢᠨ ᠪᠠᠶᠢᠲᠠᠯ ᠳᠦᠪᠡᠭ ᠪᠤᠲᠤᠯᠢᠶᠠᠨᠲᠠᠢ᠂ ᠠᠵᠦ ᠠᠬᠤᠢ ᠮᠠᠭᠤᠲᠠᠬᠤ ᠲᠠᠷᠤᠭᠠᠰᠦ ᠦᠷᠬᠦᠯᠵᠢᠯᠡᠨ ᠬᠦᠨᠲᠦᠷᠡᠵᠣ ᠪᠠᠶᠢᠭ᠎ᠠ ᠪᠠᠶᠢᠲᠠᠯ ᠲᠤᠤᠷ᠎ᠠ ᠡᠶᠢᠮᠦ ᠰᠠᠶᠢᠨ ᠠᠮᠵᠢᠯᠳᠠ ᠤᠯᠤᠭᠰᠠᠨ ᠨᠢ ᠬᠢᠯᠪᠡᠷ ᠪᠤᠰᠤ᠂ ᠡᠷᠭᠡᠪᠰᠢ ᠬᠢᠨᠠᠮᠠᠭᠠᠢ ᠳ᠋ᠦᠩᠨᠡᠵᠦ ᠬᠦᠢᠴᠡᠳ ᠨᠤᠲᠠᠯᠠᠬᠤ ᠬᠡᠷᠡᠭᠲᠡᠢ ᠭᠡᠪᠡ᠃       ᠸᠠᠩ ᠵᠢᠶᠦ᠋ᠨ ᠬᠡᠯᠡᠭᠰᠡᠨ ᠨᠢ᠂ ︽ᠠᠷᠪᠠᠨ ᠬᠤᠶᠠᠲᠤᠭᠠᠷ ᠲᠠᠪᠤᠨ ᠵᠢᠯ︾᠂ ᠤᠨᠴᠠᠭᠠᠢᠢᠯᠠᠨ ᠨᠠᠮ ᠤᠨ ᠠᠷᠪᠠᠨ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠪᠢᠲᠡ ᠤᠯᠠᠨ ᠠᠷᠪᠢᠨ ᠬᠤᠪᠤᠷ ᠨᠠᠨᠲᠢᠨ ᠲᠤᠷᠰᠢᠯᠭ᠎ᠠ ᠬᠤᠷᠠᠮᠲᠤᠭᠤᠯᠵᠠᠢ᠃ ᠨᠢᠭᠡ ᠳᠤ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠢᠮᠠᠭᠳᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠡ ᠪᠠᠷ ᠨᠢᠭᠡᠲᠦᠯᠲᠡᠢ ᠪᠠᠶᠢᠬᠤ ᠶᠢ ᠪᠠᠳᠣᠯᠠᠪᠠ᠃ ᠬᠤᠶᠠᠷ ᠲᠤ᠂ ᠲᠦᠪ ᠤᠨ ᠵᠤᠷᠢᠬ ᠰᠠᠨᠠᠭ᠎ᠠ ᠶᠢ ᠲᠤᠭᠤᠷᠠᠲᠠᠯ᠎ᠠ ᠤᠢᠢᠯᠠᠭᠠᠬᠰᠠᠨ ᠰᠠᠭᠤᠷᠢᠨ ᠲᠡᠭᠡᠷ᠎ᠡ ᠦᠪᠡᠷᠲᠡᠭᠡᠨ ᠵᠠᠰᠠᠬᠤ ᠤᠷᠤᠨ ᠤ ᠪᠤᠲᠠᠲᠤ ᠪᠠᠶᠢᠲᠠᠯ ᠲᠠᠢ ᠪᠠᠨ ᠨᠢᠬᠲᠠ ᠤᠶᠠᠯᠲᠤᠭᠤᠯᠵᠦ᠂ ᠠᠵᠢᠯ ᠢᠶᠠᠨ ᠪᠦᠲᠦᠭᠡᠯᠴᠢ ᠪᠠᠷ ᠦᠷᠨᠢᠬᠦᠯᠪᠡ᠃ ᠭᠤᠷᠪᠠ ᠳᠤ᠂ ᠦᠨᠡᠨ ᠢ ᠪᠠᠷᠢᠮᠳᠠᠯᠠᠵᠤ ᠪᠤᠲᠠᠲᠠᠢ ᠶᠢ ᠡᠷᠬᠢᠮᠯᠡᠨ᠂ ᠯᠠᠪᠳᠠᠭᠤᠨ ᠪᠠᠳᠣᠳᠠᠢ ᠠᠵᠢᠯᠯᠠᠵᠦ᠂ ᠲᠦᠪ ᠤᠨ ᠡᠯ᠎ᠠ ᠵᠦᠢᠯ ᠤᠨ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠳᠡᠷᠡ ᠶᠤᠰᠤᠭᠠᠷ ᠨᠢ ᠦᠪᠦᠷ ᠮᠤᠩᠭᠤᠯ ᠳᠤ ᠨᠠᠶᠢᠲᠠᠪᠤᠷᠢᠵᠢᠭᠤᠯᠬᠤ ᠶᠢ ᠪᠠᠲᠤᠯᠠᠪᠠ᠃ ᠲᠦᠷᠪᠡ ᠳᠤ᠂ ᠺᠠᠳ᠋ᠷ ᠤᠯᠠᠨ ᠲᠦᠮᠡᠨ ᠤ ᠢᠲᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠦᠢᠴᠡᠳ ᠲᠠᠶᠢᠴᠢᠯᠠᠵᠦ᠂ ᠡᠯ᠎ᠠ ᠦᠨᠳᠦᠰᠦᠲᠡᠨ ᠤ ᠤᠯᠠᠨ ᠲᠦᠮᠡᠨ ᠤ ᠦᠢᠯᠡᠰ ᠪᠣᠰᠬᠠᠬᠤ ᠤᠷᠬᠢᠯᠤᠮ᠎ᠠ ᠬᠠᠯᠠᠭᠤᠨ ᠰᠡᠳᠬᠢᠯᠭᠡ ᠶᠢ ᠪᠦᠲᠦᠮᠵᠢᠲᠡᠢ ᠪᠠᠲᠠᠷᠠᠭᠤᠯᠵᠦ᠂ ᠡᠯ᠎ᠠ ᠵᠦᠢᠯ ᠤᠨ ᠦᠢᠯᠡᠰ ᠤᠨ ᠬᠦᠭᠵᠢᠯᠲᠡ ᠶᠢ ᠠᠬᠢᠭᠤᠯᠬᠤ ᠬᠦᠴᠦᠷᠭᠡᠭ ᠶᠡᠭᠡ ᠨᠡᠶᠢᠯᠡᠯ ᠬᠦᠴᠦᠨ ᠢ ᠪᠦᠷᠢᠯᠲᠦᠬᠦᠯᠪᠡ᠃ ᠡᠲᠡᠭᠡᠷ ᠨᠢ ᠪᠢᠲᠡᠨ ᠤ ᠤᠢᠢᠷ᠎ᠠ ᠶᠢᠨ ᠬᠡᠲᠦᠨ ᠵᠢᠯ ᠤᠨ ᠠᠵᠢᠯ ᠳᠠᠭᠠᠨ ᠠᠮᠵᠢᠯᠳᠠ ᠤᠯᠤᠬᠰᠠᠨ ᠤ ᠬᠤᠪᠤᠷ ᠨᠠᠨᠲᠢᠨ ᠲᠤᠷᠰᠢᠯᠭ᠎ᠠ ᠪᠤᠯᠬᠤ ᠪᠠᠷ ᠪᠠᠷᠠᠬᠤ ᠦᠭᠡᠢ ᠪᠠᠰᠠ ᠰᠢᠨ᠎ᠠ ᠭᠠᠷᠤᠭ᠎ᠠ ᠲᠡᠭᠡᠷ᠎ᠡ ᠰᠢᠨ᠎ᠠ ᠬᠦᠭᠵᠢᠯᠲᠡ ᠶᠢ ᠪᠡᠶᠡᠯᠡᠬᠦᠯᠬᠦ ᠳᠤ ᠡᠷᠭᠡᠪᠰᠢ ᠪᠠᠷᠢᠮᠳᠠᠯᠠᠬᠤ ᠴᠢᠬᠤᠯᠠ ᠵᠠᠷᠴᠢᠮ ᠪᠣᠯᠣᠨ᠎ᠠ᠂ ᠵᠠᠪᠠᠯ ᠬᠤᠪᠢ ᠳᠠᠬᠢᠨ ᠨᠠᠨᠲᠢᠩᠨᠠᠵᠦ᠂ ᠶᠡᠬᠡᠪᠡᠷ ᠪᠠᠲᠠᠷᠠᠭᠤᠯᠬᠤ ᠬᠡᠷᠡᠭᠲᠡᠢ ᠭᠡᠪᠡ᠃       ᠸᠠᠩ ᠵᠢᠶᠦ᠋ᠨ ᠬᠡᠯᠡᠭᠰᠡᠨ ᠨᠢ᠂ ︽ᠠᠷᠪᠠᠨ ᠭᠤᠷᠪᠠᠲᠤᠭᠠᠷ ᠲᠠᠪᠤᠨ ᠵᠢᠯ︾ ᠤᠨ ᠬᠤᠭᠤᠴᠠᠭ᠎ᠠ ᠪᠠ 2016 ᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠠ ᠵᠦᠢᠯ ᠤᠨ ᠠᠵᠢᠯ ᠢᠶᠠᠨ ᠨᠠᠷᠢᠯᠢᠬ ᠤᠬᠠᠭᠠᠯᠠᠨ ᠲᠦᠯᠦᠪᠵᠢᠬᠦᠯᠬᠦ ᠳᠤ᠂ ᠵᠠᠪᠠᠯ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠲᠤᠭᠠᠷ ᠪᠦᠬᠦᠲᠡ ᠬᠤᠷᠠᠯ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠲᠦᠭᠡᠷ᠂ ᠠᠷᠪᠠᠨ ᠬᠤᠶᠠᠲᠤᠭᠠᠷ᠂ ᠠᠷᠪᠠᠨ ᠭᠤᠷᠪᠠᠳᠣᠭᠠᠷ᠂ ᠠᠷᠪᠠᠨ ᠲᠦᠷᠪᠡᠲᠦᠭᠡᠷ ᠤᠲᠠᠭ᠎ᠠ ᠶᠢᠨ ᠪᠦᠬᠦ ᠭᠡᠰᠢᠬᠦᠳ ᠤᠨ ᠬᠤᠷᠠᠯ᠂ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠪᠠ ᠡᠨᠡ ᠤᠲᠠᠭ᠎ᠠ ᠶᠢᠨ ︽ ᠬᠤᠶᠠᠷ ᠬᠤᠷᠠᠯ︾ ᠤᠨ ᠵᠤᠷᠢᠬ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠬᠤ ᠬᠡᠷᠡᠭᠲᠡᠢ᠃ ︽ ᠲᠠᠪᠤᠨ ᠶᠡᠭᠡ ᠬᠦᠭᠵᠢᠯᠲᠡ︾ ᠶᠢᠨ ᠤᠢᠢᠯᠠᠭᠠᠬᠲᠠᠬᠤᠨ ᠤ ᠦᠨᠳᠦᠰᠦᠨ ᠠᠭᠤᠯᠬᠤᠨ ᠪᠠ ᠦᠢᠯᠡᠲᠦᠯᠭᠡ ᠶᠢᠨ ᠱᠠᠭᠠᠷᠲᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠤᠤᠱᠯᠠᠭᠤᠯᠤᠨ ᠨᠠᠶᠢᠲᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠦ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠠᠵᠦ ᠠᠬᠤᠢ ᠶᠢᠨ ᠬᠦᠭᠵᠢᠯᠲᠡ ᠶᠢᠨ ᠰᠢᠨ᠎ᠠ ᠬᠡᠪ ᠪᠠᠶᠢᠲᠠᠯ ᠭᠡᠰᠡᠨ ᠡᠨᠡᠬᠦ ᠶᠡᠭᠡ ᠯᠤᠬᠢᠬ ᠢ ᠭᠦᠨᠵᠡᠭᠡᠢ ᠤᠢᠢᠯᠠᠭᠠᠨ ᠡᠵᠡᠮᠰᠢᠵᠦ᠂ ᠰᠢᠨ᠎ᠠ ᠬᠡᠪ ᠪᠠᠶᠢᠲᠠᠯ ᠢ ᠬᠡᠷᠬᠢᠨ ᠦᠵᠡᠬᠦ᠂ ᠰᠢᠨ᠎ᠠ ᠬᠡᠪ ᠪᠠᠶᠢᠲᠠᠯ ᠲᠤᠤᠷ᠎ᠠ ᠶᠠᠭᠠᠬᠢᠵᠦ ᠠᠵᠢᠯᠯᠠᠬᠤ ᠠᠰᠠᠭᠤᠲᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠲᠦᠪ ᠤᠨ ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠴᠢᠩᠭᠠᠳᠬᠠᠬᠤ ᠲᠤᠬᠠᠢ ᠲᠦᠷᠦ ᠶᠢᠨ ᠪᠤᠲᠤᠯᠭ᠎ᠠ ᠰᠡᠳᠬᠢᠴᠡ ᠪᠠ ᠴᠢᠬᠤᠯᠠ ᠡᠬᠦᠷᠭᠡ ᠶᠢ ᠭᠦᠨᠵᠡᠭᠡᠢ ᠤᠢᠢᠯᠠᠭᠠᠨ ᠡᠵᠡᠮᠰᠢᠵᠦ᠂ ︽ᠲᠠᠪᠤᠨ ᠶᠡᠭᠡ ᠲᠦᠷᠦ ᠶᠢᠨ ᠪᠤᠲᠤᠯᠭ᠎ᠠ ᠶᠢᠨ ᠲᠤᠯᠭᠠᠭᠤᠷᠢ︾ ᠶᠢ ᠬᠢᠨᠠᠮᠠᠭᠠᠢ ᠨᠠᠶᠢᠲᠠᠪᠤᠷᠢᠵᠢᠭᠤᠯᠤᠨ᠂ ︽ᠲᠠᠪᠤᠨ ᠶᠡᠭᠡ ᠭᠤᠤᠯᠲᠠᠯᠭ᠎ᠠ ᠲᠠᠢ ᠡᠬᠦᠷᠭᠡ︾ ᠶᠢ ᠯᠠᠪᠲᠠᠭᠤᠨ ᠪᠠᠲᠤᠲᠠᠢ ᠰᠠᠶᠢᠲᠤᠷ ᠠᠳᠬᠤᠨ᠂ ᠪᠦᠬᠦ ᠤᠷᠤᠨ ᠤ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠬᠦᠴᠦᠯᠡᠨ ᠠᠬᠢᠭᠤᠯᠵᠦ᠂ ︽ᠠᠷᠪᠠᠨ ᠭᠤᠷᠪᠠᠲᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠬᠦᠯᠬᠦ ᠭᠡᠷᠡᠭᠲᠡᠢ ᠭᠡᠵᠡᠢ᠃       ᠸᠠᠩ ᠵᠢᠶᠦ᠋ᠨ ᠬᠡᠯᠡᠭᠰᠡᠨ ᠨᠢ᠂ ᠡᠨᠡ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠠ ᠵᠦᠢᠯ ᠤᠨ ᠬᠠᠷᠠᠯᠲᠠ ᠡᠬᠦᠷᠭᠡ ᠶᠢ ᠪᠡᠶᠡᠯᠡᠬᠦᠯᠬᠦ ᠳᠤ ᠡᠷᠭᠡᠪᠰᠢ ᠤᠲᠤᠷᠢᠳᠬᠤ ᠺᠠᠳ᠋ᠷ ᠭᠡᠰᠡᠨ ᠡᠨᠡᠬᠦ ︽ᠵᠠᠩᠬᠢᠯᠠᠭ᠎ᠠ ᠶᠢᠨ ᠴᠦᠭᠡᠨ ᠲᠤᠭ᠎ᠠ︾ ᠶᠢ ᠠᠳᠬᠤᠨ᠂ ᠤᠲᠤᠷᠢᠳᠬᠤ ᠺᠠᠳ᠋ᠷ ᠤᠨ ᠴᠢᠲᠠᠪᠤᠷᠢ ᠮᠡᠬᠦᠰᠲᠡᠬᠦ ᠠᠰᠠᠭᠤᠲᠠᠯ ᠢ ᠦᠨᠡᠨᠬᠦ ᠰᠢᠢᠳᠪᠦᠷᠢᠯᠡᠵᠦ᠂ ᠺᠠᠳ᠋ᠷ ᠤᠯᠠᠨ ᠲᠦᠮᠡᠨ ᠤ ᠢᠲᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ ᠬᠠᠮᠠᠭᠠᠯᠠᠨ ᠲᠠᠶᠢᠴᠢᠯᠠᠵᠦ᠂ ᠠᠵᠢᠯ ᠬᠢᠬᠦ ᠬᠦᠰᠡᠯ ᠲᠠᠢ᠂ ᠠᠵᠢᠯ ᠬᠢᠵᠦ ᠴᠢᠲᠠᠬᠤ᠂ ᠠᠵᠢᠯ ᠬᠢᠵᠦ ᠲᠡᠶᠢᠯᠬᠦ ᠬᠦᠮᠦᠨ ᠳᠤ ᠦᠨᠡᠨᠬᠦ ᠲᠠᠪᠴᠠᠩ ᠬᠠᠩᠭᠠᠨ ᠦᠭᠴᠦ᠂ ᠦᠷᠭᠡᠨ ᠤᠯᠠᠨ ᠺᠠᠳ᠋ᠷ ᠤᠯᠠᠨ ᠲᠦᠮᠡᠨ ᠤ ᠤᠷᠤᠬᠰᠢᠯᠠᠨ ᠲᠠᠪᠰᠢᠵᠦ᠂ ᠦᠨᠡᠨ ᠪᠤᠲᠠᠲᠠᠢ ᠠᠵᠢᠯᠯᠠᠬᠤ ᠶᠢ ᠵᠤᠷᠢᠬᠵᠢᠭᠤᠯᠵᠦ᠂ ᠤᠲᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠪᠠ ᠡᠭᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠪᠡ᠃       ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠠᠰᠦᠨᠮᠦ᠋ᠩᠭᠡ ᠬᠢᠨᠠᠨ ᠵᠦᠪᠯᠡᠬᠦ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号