2015 ᠣᠨ ᠳᠤ᠂ ᠤᠯᠠᠭᠠᠨᠴᠠᠪ ᠬᠤᠳᠠ ᠥᠪᠡᠷᠲᠡᠭᠡᠨ ᠵᠠᠰᠠᠬᠤ ᠣᠷᠣᠨ ᠤ ᠶᠠᠳᠠᠭᠤᠷᠠᠯ ᠤᠨ ᠱᠤᠭᠤᠮ ᠠᠴᠠ | ᠳᠤᠤᠷ᠎ᠠ ᠪᠠᠶᠢᠭ᠎ᠠ᠂ ᠦᠢᠯᠡᠳᠪᠦᠷᠢᠯᠡᠯ ᠤᠨ ᠨᠥᠬᠦᠴᠡᠯ ᠤᠢᠭᠡᠢ ᠪᠤᠶᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ | ᠮᠠᠯᠴᠢᠨ ᠲᠠᠷᠢᠶᠠᠴᠢᠳ ᠲᠤ ᠤᠯᠭᠤᠬᠤ ᠶᠠᠳᠠᠭᠤ ᠶᠢ ᠲᠡᠳᠬᠦᠬᠦ ᠪᠡᠯᠡᠨ ᠵᠣᠭᠤᠰ ᠤᠨ ᠰᠢᠭᠤᠳ ᠨᠥᠬᠦᠪᠥᠷᠢ ᠶᠢᠨ | ᠪᠠᠷᠢᠮᠵᠢᠶ᠎ᠠ ᠶᠢ ᠬᠥᠮᠦᠨ ᠪᠦᠷᠢ ᠳᠤ 2000 ᠲᠥᠭᠦᠷᠢᠭ ᠪᠤᠯᠭᠠᠨ ᠨᠡᠮᠡᠭᠳᠡᠭᠦᠯᠵᠦ᠂ ᠤᠳᠤ ᠨᠢᠭᠡᠨᠲᠡ ᠵᠠᠯᠭ᠎ᠠ ᠪᠠᠷ | ᠮᠠᠯᠴᠢᠨ ᠲᠠᠷᠢᠶᠠᠴᠢᠳ ᠤᠨ ᠭᠠᠷ ᠲᠤ ᠲᠦᠭᠡᠭᠡᠵᠦ ᠪᠠᠶᠢᠨ᠎ᠠ᠃ | ᠣᠶᠢᠯᠠᠭᠠᠭᠰᠠᠨ ᠢᠶᠠᠷ᠂ 2015 ᠣᠨ ᠳᠤ ᠤᠯᠠᠭᠠᠨᠴᠠᠪ ᠬᠤᠳᠠ ᠳᠤ 85698 ᠶᠠᠳᠠᠭᠤ ᠬᠦᠴᠢᠷᠳᠡᠯᠲᠡᠶ | ᠮᠠᠯᠴᠢᠨ ᠲᠠᠷᠢᠶᠠᠴᠢᠳ ᠬᠥᠮᠦᠨ ᠪᠦᠷᠢ 2000 ᠲᠦᠬᠦᠷᠢᠭ ᠤᠨ ᠪᠡᠯᠡᠨ ᠵᠣᠭᠤᠰ ᠤᠨ ᠰᠢᠭᠤᠳ ᠨᠥᠬᠦᠪᠥᠷᠢ | ᠬᠦᠷᠲᠡᠵᠦ᠂ 11 ᠬᠤᠰᠢᠭᠤ ᠰᠢᠶᠠᠨ ᠬᠤᠳᠠ ᠲᠣᠭᠤᠷᠢᠭ ᠨᠡᠶᠢᠳᠡ1.7 ᠳ᠋ᠦᠩᠰᠢᠭᠤᠷ ᠪᠡᠯᠡᠨ ᠵᠣᠭᠤᠰ ᠤᠨ ᠰᠢᠭᠤᠳ | ᠨᠥᠬᠦᠪᠥᠷᠢ ᠤᠯᠭᠤᠪᠠ᠃ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠶᠢᠷᠠᠲᠤᠭᠰᠠᠨ ᠭᠡᠷ ᠪᠦᠯᠢ ᠰᠢᠭᠤᠳ ᠨᠥᠬᠦᠪᠥᠷᠢ | ᠬᠦᠷᠲᠡᠪᠡ | ᠣᠶᠢᠯᠠᠭᠠᠭᠰᠠᠨ ᠢᠶᠠᠷ᠂ ᠪᠡᠯᠡᠨ ᠵᠣᠭᠤᠰ ᠤᠨ ᠰᠢᠭᠤᠳ ᠨᠥᠬᠦᠪᠥᠷᠢ ᠬᠦᠷᠲᠡᠭᠰᠡᠳ ᠪᠤᠯ ᠪᠦᠬᠦᠯᠢ 60 ᠨᠠᠰᠤ | ᠣᠷᠴᠢᠮ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠭᠰᠠᠨ ᠦᠭᠡᠢ ᠬᠦᠴᠢᠷᠲᠡᠶ ᠬᠥᠮᠦᠰ ᠪᠤᠶᠤ | ᠶᠠᠳᠠᠭᠤ ᠬᠦᠴᠢᠷᠳᠡᠯ ᠲᠠᠢ ᠰᠢᠶᠠᠩ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠦᠭᠡᠢ ᠪᠠ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠤᠯᠤᠨ᠎ᠠ᠃ ᠡᠨᠡᠬᠦ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ 2012 ᠣᠨ ᠠᠴᠠ ᠡᠬᠢᠯᠡᠨ ᠬᠡᠷᠡᠭᠵᠢᠭᠦᠯᠵᠦ᠂ | 2012 ᠣᠨ ᠠᠴᠠ ᠡᠬᠢᠯᠡᠨ ᠪᠡᠯᠡᠨ ᠵᠣᠭᠤᠰ ᠤᠨ ᠰᠢᠭᠤᠳ ᠨᠥᠬᠦᠪᠥᠷᠢ ᠬᠦᠷᠲᠡᠬᠦ ᠮᠠᠯᠴᠢᠨ ᠲᠠᠷᠢᠶᠠᠴᠢᠨ ᠬᠥᠮᠦᠨ | ᠪᠦᠷᠢ ᠶᠢᠨ ᠵᠢᠯ ᠪᠦᠷᠢ 500 ᠲᠥᠭᠦᠷᠢᠭ ᠤᠨ ᠨᠥᠬᠦᠪᠥᠷᠢ ᠮᠥᠩᠭᠦ ᠬᠦᠷᠲᠡᠵᠦ ᠪᠠᠶᠢᠭᠰᠠᠨ ᠠᠴᠠ ᠪᠠᠨ ᠵᠢᠯ | ᠳᠠᠷᠠᠭᠠᠯᠠᠨ 500 ᠲᠥᠭᠦᠷᠢᠭ ᠠᠬᠢᠨ ᠨᠡᠮᠡᠭᠳᠡᠭᠦᠯᠵᠦ᠂ 2015 ᠣᠨ ᠪᠤᠯᠬᠤ ᠳᠤ ᠪᠡᠯᠡᠨ ᠵᠣᠭᠤᠰ ᠤᠨ ᠰᠢᠭᠤᠳ | ᠨᠥᠬᠦᠪᠥᠷᠢ ᠶᠢ 2000 ᠲᠥᠭᠦᠷᠢᠭ ᠲᠤ ᠬᠦᠷᠦᠭᠦᠯᠵᠡᠢ᠃ |