ᠣᠳᠣ ᠦᠶ᠎ᠡ ᠶᠢᠨ ᠢᠳᠡᠰᠢᠨ ᠬᠤᠨᠢᠨ ᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠵᠦ᠂ | ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠬᠤ ᠶᠢᠨ ᠲᠤᠰᠠᠳᠠ᠂ 2015 ᠣᠨ ᠳᠤ᠂ | ᠭᠦᠶᠠᠩ ᠰᠢᠶᠠᠨ ᠲᠥᠪ ᠤᠨ ᠡᠳ᠋ ᠤᠨ ᠵᠠᠰᠠᠭ ᠤᠨ ᠣᠳᠣ ᠦᠶ᠎ᠡ ᠶᠢᠨ ᠢᠳᠡᠰᠢᠨ ᠬᠤᠨᠢᠨ ᠤ ᠠᠵᠤ ᠦᠢᠯᠡᠰ ᠤᠨ | ᠬᠥᠭᠵᠢᠯᠲᠡ ᠶᠢ ᠳᠡᠮᠵᠢᠬᠦ 1000 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠭᠦᠶᠠᠩ ᠰᠢᠶᠠᠨ ᠤ ᠣᠳᠣ | ᠦᠶ᠎ᠡ ᠶᠢᠨ ᠢᠳᠡᠰᠢᠨ ᠬᠤᠨᠢᠨ ᠤ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠵᠦ᠂ ᠨᠢᠭᠡ ᠪᠦᠯᠦᠭ ᠥᠨᠳᠥᠷ | ᠪᠠᠷᠢᠮᠵᠢᠶᠠᠲᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠡᠪᠴᠢᠶᠡᠵᠢᠭᠦᠯᠦᠭᠰᠡᠨ᠂ | ᠲᠤᠰᠬᠠᠶᠢᠵᠢᠭᠰᠠᠨ᠂ ᠪᠠᠷᠢᠮᠵᠢᠶᠠᠴᠢᠯᠠᠭᠰᠠᠨ ᠡᠵᠡᠩᠨᠡᠯᠲᠡ ᠬᠢᠵᠦ᠂ ᠲᠡᠵᠢᠭᠡᠨ ᠦᠷᠡᠵᠢᠭᠦᠯᠬᠦ ᠬᠢᠷᠢ ᠲᠦᠪᠰᠢᠨ ᠢᠶᠠᠨ | ᠳᠡᠭᠡᠭᠰᠢᠯᠡᠭᠦᠯᠪᠡ᠂ ᠡᠨᠡ ᠨᠢ ᠭᠦᠶᠠᠩ ᠰᠢᠶᠠᠨ ᠤ 2014 ᠣᠨ ᠠᠴᠠ ᠨᠠᠰᠢ ᠬᠤᠶᠠᠳᠠᠭᠢ ᠤᠳᠠᠭ᠎ᠠ ᠲᠣᠰ | ᠲᠥᠷᠥᠯ ᠤᠨ ᠪᠡᠯᠡ ᠮᠥᠩᠭᠦ ᠶᠢ ᠣᠯᠵᠤ ᠪᠤᠢ᠃ | 2008 ᠣᠨ ᠠᠴᠠ ᠡᠬᠢᠯᠡᠨ᠂ ᠲᠥᠪ ᠤᠨ ᠡᠳ᠋ ᠤᠨ ᠵᠠᠰᠠᠭ ᠠᠴᠠ ᠣᠳᠣ ᠦᠶ᠎ᠡ ᠶᠢᠨ ᠲᠠᠷᠢᠶᠠᠯᠠᠩ ᠢ | ᠬᠥᠭᠵᠢᠭᠦᠯᠬᠦ ᠲᠤᠰᠬᠠᠢ ᠰᠠᠭᠤᠷᠢ ᠮᠥᠩᠭᠦ ᠶᠢ ᠪᠠᠶᠢᠭᠤᠯᠵᠤ᠂ ᠡᠯ᠎ᠡ ᠭᠠᠵᠠᠷ ᠤᠨ ᠠᠮᠤ ᠪᠤᠳᠠᠭ᠎ᠠ ᠢᠳᠡᠰᠢᠨ ᠳᠤᠰᠤᠨ ᠤ | ᠦᠢᠯᠡᠳᠪᠦᠷᠢᠯᠡᠯ ᠪᠣᠯᠣᠨ ᠳᠠᠪᠠᠭᠤᠯᠢᠭ ᠥᠪᠡᠷᠮᠢᠴᠡ ᠣᠨᠴᠠᠯᠢᠭᠲᠤ ᠥᠨᠳᠥᠷ ᠪᠦᠲᠦᠮᠵᠢᠲᠡᠢ ᠲᠠᠷᠢᠶᠠᠯᠠᠩ ᠤᠨ | ᠦᠢᠯᠡᠰ ᠢ ᠬᠥᠭᠵᠢᠭᠦᠯᠬᠦ ᠶᠢ ᠳᠡᠮᠵᠢᠵᠦ᠂ ᠲᠠᠷᠢᠶᠠᠯᠠᠩ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠪᠠ | ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠪᠠ᠃ ᠭᠦᠶᠠᠩ ᠰᠢᠶᠠᠨ ᠲᠠᠷᠢᠶᠠᠯᠠᠩ | ᠮᠠᠯᠵᠢᠯ ᠰᠣᠯᠪᠢᠴᠠᠭᠰᠠᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠭᠤᠣᠯ ᠪᠦᠰᠡ ᠳᠤ | ᠪᠠᠶᠢᠷᠢᠯᠠᠵᠤ᠂ ᠢᠳᠡᠰᠢᠨ ᠬᠤᠨᠢᠨ ᠤ ᠠᠵᠤ ᠦᠢᠯᠡᠰ ᠨᠢ ᠪᠦᠬᠦ ᠰᠢᠶᠠᠨ ᠤ ᠭᠤᠣᠯᠯᠠᠬᠤ ᠠᠵᠤ ᠦᠢᠯᠡᠰ ᠪᠣᠯᠬᠤ | ᠮᠥᠷᠲᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠲᠠᠷᠢᠶᠠᠯᠠᠬᠤ ᠣᠷᠣᠨ ᠤ | ᠣᠳᠣ ᠦᠶ᠎ᠡ ᠶᠢᠨ ᠢᠳᠡᠰᠢᠨ ᠬᠤᠨᠢᠨ ᠤ ᠠᠵᠤ ᠦᠢᠯᠡᠰ ᠤᠨ ᠪᠦᠰᠡ ᠳᠤ ᠣᠷᠣᠪᠠ᠃ | ᠣᠳᠣᠬᠠᠨ ᠪᠣᠯᠲᠠᠯ᠎ᠠ᠂ ᠲᠣᠰ ᠰᠢᠶᠠᠨ ᠨᠢᠭᠡᠨᠲᠡ ᠵᠢᠯ ᠲᠤᠷᠰᠢ 100 ᠲᠦᠮᠡᠨ ᠢᠳᠡᠰᠢᠨ ᠬᠤᠨᠢᠨ ᠮᠢᠬᠠᠨ | ᠢᠳᠡᠭᠡᠨ ᠤ ᠵᠦᠢᠯ ᠦᠢᠯᠡᠳᠪᠦᠷᠢᠯᠡᠬᠦ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠪᠠᠶᠢᠭᠤᠯᠵᠤ᠂ ᠢᠳᠡᠰᠢᠨ ᠬᠤᠨᠢ | ᠲᠡᠵᠢᠭᠡᠨ ᠦᠷᠡᠵᠢᠭᠦᠯᠵᠦ ᠪᠣᠷᠣᠯᠠᠭᠤᠯᠬᠤ ᠶᠢ ᠪᠠᠲᠤᠯᠠᠪᠠ᠃ ᠢᠳᠡᠰᠢᠨ ᠬᠤᠨᠢ ᠶᠢ ᠶᠡᠷᠦᠩᠬᠡᠶᠢᠯᠡᠨ ᠡᠳ᠋ᠰᠢᠭᠦᠯᠬᠦ ᠪᠠᠷ | ᠳᠠᠮᠵᠢᠭᠤᠯᠤᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ | ᠠᠵᠤ ᠠᠬᠤᠢ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ | ᠠᠬᠤᠢ ᠶᠢᠨ ᠬᠥᠭᠵᠢᠯᠲᠡ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠬᠦ ᠪᠣᠯᠣᠨ᠎ᠠ᠃ |