ᠣᠶᠢᠷ᠎ᠠ ᠳᠤ᠂ ᠠᠯᠠᠱᠠ ᠶᠢᠨ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠪᠠᠶᠠᠨ ᠤᠪᠤᠭ᠎ᠠ ᠶᠢᠨ ᠪᠤᠵᠠᠷ | ᠤᠰᠤ ᠶᠢ ᠰᠢᠢᠳᠪᠦᠷᠢᠯᠡᠬᠦ ᠵᠢᠴᠢ ᠳᠠᠬᠢᠨᠲᠠ ᠬᠡᠷᠡᠭᠯᠡᠬᠦ ᠤᠰᠤ ᠶᠢ ᠰᠢᠢᠳᠪᠦᠷᠢᠯᠡᠬᠦ ᠶᠢᠨ ᠰᠢᠨ᠎ᠡ ᠪᠠᠷ ᠪᠠᠶᠢᠭᠤᠯᠬᠤ | ᠲᠦᠷᠦᠯ ᠵᠦᠢᠯ ᠠᠵᠢᠯ ᠡᠬᠢᠯᠡᠪᠡ᠃ ᠲᠤᠰ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠤᠨ ᠲᠢᠩᠬᠢᠮ ᠠᠴᠠ ᠨᠡᠶᠢᠲᠡᠯᠡᠭᠰᠡᠨ ᠬᠤᠶᠠᠳᠤᠭᠠᠷ ᠪᠦᠯᠦᠭ ᠤᠨ ᠵᠠᠰᠠᠭ ᠤᠨ ᠣᠷᠳᠣᠨ ᠪᠠ ᠨᠡᠶᠢᠭᠡᠮ ᠤᠨ | ᠬᠦᠷᠦᠩᠭᠡ ᠶᠢᠨ ᠬᠠᠮᠲᠤᠷᠠᠭᠤᠯᠤᠭᠰᠠᠨ PPP ᠲᠠᠨᠢᠯᠴᠠᠭᠤᠯᠬᠤ ᠲᠦᠷᠦᠯ ᠵᠦᠢᠯ ᠮᠦᠨ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠤᠷᠤᠰᠬᠠᠯ ᠤᠨ ᠤᠷᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ | ᠪᠣᠯᠤᠨ᠎ᠠ᠃ ᠲᠤᠰ ᠲᠦᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 1.62 ᠳ᠋ᠦᠩᠰᠢᠭᠤᠷ ᠲᠥᠭᠦᠷᠢᠭ | ᠪᠠᠶᠢᠵᠤ᠂ ᠪᠦᠳᠦᠭᠡᠨ ᠪᠠᠶᠢᠭᠤᠯᠬᠤ ᠠᠭᠤᠯᠭ᠎ᠠ ᠨᠢ ᠡᠳᠦᠷ ᠲᠤ 1 ᠲᠦᠮᠡᠨ ᠲᠣᠨ ᠪᠤᠵᠠᠷ ᠤᠰᠤ᠂ 1 ᠲᠦᠮᠡᠨ ᠲᠣᠨ | ᠳᠠᠬᠢᠨᠲᠠ ᠬᠡᠷᠡᠭᠯᠡᠬᠦ ᠤᠰᠤ ᠰᠢᠢᠳᠪᠦᠷᠢᠯᠡᠬᠦ ᠵᠢᠴᠢ 50 ᠺᠢᠯᠣᠮᠧᠲᠷ ᠬᠤᠭᠤᠯᠠᠶ ᠶᠢᠨ ᠲᠣᠣᠷ ᠵᠡᠷᠭᠡ ᠢᠵᠢ | ᠪᠦᠷᠢᠳᠦᠭᠦᠯᠬᠦ ᠪᠡᠯᠡᠳᠬᠡᠮᠵᠢ ᠪᠣᠯᠤᠨ᠎ᠠ᠃ ᠡᠨᠡᠬᠦ ᠲᠦᠷᠤᠯ ᠵᠦᠢᠯ ᠤᠨ ᠪᠠᠶᠢᠭᠤᠯᠤᠯᠲᠠ ᠨᠢ ᠪᠠᠶᠠᠨ ᠤᠪᠤᠭ᠎ᠠ ᠶᠢᠨ ᠠᠵᠤ | ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠳᠪᠦᠷᠢ ᠵᠢᠴᠢ ᠠᠮᠢᠳᠤᠷᠠᠯ ᠤᠨ ᠪᠤᠵᠠᠷ ᠤᠰᠤ ᠶᠢ ᠪᠦᠲᠦᠮᠵᠢᠲᠡᠶ | ᠰᠢᠢᠳᠪᠦᠷᠢᠯᠡᠵᠦ᠂ ᠪᠠᠶᠠᠨ ᠤᠪᠤᠭ᠎ᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ ᠤ | ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃ ᠡᠭᠦᠨ ᠤ ᠬᠠᠮᠲᠤ᠂ ᠰᠢᠢᠳᠪᠦᠷᠢᠯᠡᠭᠰᠡᠨ ᠤ ᠳᠠᠷᠠᠭᠠᠬᠢ | ᠳᠠᠬᠢᠨᠲᠠ ᠬᠡᠷᠡᠭᠯᠡᠬᠦ ᠤᠰᠤ ᠶᠢ ᠡᠯ᠎ᠡ ᠠᠵᠤ ᠦᠢᠯᠡᠳᠪᠦᠷᠢ ᠠᠵᠤ ᠠᠬᠤᠶᠢᠯᠠᠯ ᠳᠤ ᠡᠭᠡᠭᠦᠯᠦᠨ ᠬᠡᠷᠡᠭᠯᠡᠵᠦ᠂ ᠤᠰᠤᠨ ᠤ | ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠭᠠᠵᠠᠷ ᠣᠷᠣᠨ ᠤ ᠬᠡᠷᠡᠭᠯᠡᠬᠦ ᠤᠰᠤ ᠪᠠᠴᠢᠮ | ᠪᠠᠶᠢᠭ᠎ᠠ ᠠᠰᠠᠭᠤᠳᠠᠯ ᠢ ᠪᠦᠲᠦᠮᠵᠢᠲᠡᠶ ᠨᠠᠮᠳᠠᠭᠤᠯᠬᠤ ᠪᠦᠭᠡᠳ ᠪᠠᠰᠠᠴᠤ ᠠᠶᠢᠮᠠᠭ ᠤᠨ ᠨᠠᠮ ᠤᠨ ᠬᠤᠷᠢᠶ᠎ᠠ ᠶᠢᠨ | ᠳᠤᠷᠠᠳᠤᠭᠰᠠᠨ ᠮᠢᠩᠭᠠᠨ ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠴᠣᠭᠴᠠᠯᠠᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢᠲᠤ ᠲᠥᠬᠦᠭᠡᠷᠦᠮᠵᠢ ᠶᠢᠨ ᠪᠠᠲᠤᠯᠠᠭ᠎ᠠ ᠣᠯᠭᠤᠬᠤ | ᠪᠣᠯᠤᠨ᠎ᠠ᠃ |