ᠵᠢᠷᠭᠤᠳᠤᠭᠠᠷ ᠬᠤᠭᠤᠴᠠᠭᠠᠨ ᠤ ︽ᠳᠤᠮᠳᠠᠳᠤ ᠮᠣᠩᠭᠤᠯ ᠤᠨ ᠤᠨᠴᠠᠯᠢᠭᠳᠤ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠪᠣᠯᠤᠨ ᠬᠢᠯᠢ ᠶᠢᠨ ᠠᠷᠠᠳ ᠤᠨ ᠵᠠᠬ᠎ᠠ ᠵᠢᠨ‌ᠠᠷᠠᠯᠵᠢᠶ᠎ᠠ︾ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2016/1/27
     1 ᠳ᠋ᠦ᠋ᠭᠡᠷ ᠰᠠᠷ᠎ᠠ ᠶᠢᠨ15᠎ ᠤ ᠡᠳᠦᠷ ᠠᠴᠠ 21᠎ ᠤ ᠡᠳᠦᠷ ᠪᠤᠯᠲᠠᠯ᠎ᠠ᠂ ᠴᠡᠭᠡ ᠪᠣᠭᠤᠮᠲᠠ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠮᠣᠩᠭᠤᠯ ᠤᠨ ᠤᠨᠴᠠᠯᠢᠭᠳᠤ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠪᠣᠯᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ︾᠎ ᠶᠢ ᠡᠷᠬᠢᠯᠡᠵᠦ᠂ ᠮᠣᠩᠭᠤᠯ ᠤᠯᠤᠰ ᠤᠨ ᠬᠤᠳᠠᠯᠳᠤᠭᠠᠴᠢᠨ ᠡᠷᠦᠭᠡ ᠪᠤᠯᠤᠨ ᠥᠷᠭᠡᠨ ᠤᠯᠡᠨ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠳᠡᠯᠭᠡᠨ ᠪᠣᠷᠣᠯᠠᠭᠤᠯᠬᠤ ᠴᠤᠭᠯᠠᠭᠠᠨ ᠢ 1 ᠳ᠋ᠦ᠋ᠭᠡᠷ ᠰᠠᠷ᠎ᠠ ᠶᠢᠨ 24᠎ ᠤ ᠡᠳᠦᠷ ᠪᠣᠯᠲᠠᠯ᠎ᠠ ᠬᠤᠶᠢᠰᠢᠯᠠᠭᠤᠯᠪᠠ᠃      ᠲᠤᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠳᠤ ᠤᠯᠠᠭᠠᠨᠪᠠᠭᠠᠲᠤᠷ ᠬᠤᠲᠠ᠂ ᠪᠠᠶᠠᠨ ᠬᠤᠩᠭᠤᠷ ᠠᠶᠢᠮᠠᠭ᠂ ᠡᠮᠦᠨ᠎ᠡ ᠭᠤᠪᠢ ᠠᠶᠢᠮᠠᠭ ᠵᠡᠷᠭᠡ ᠭᠠᠵᠠᠷ ᠣᠷᠣᠨ ᠠᠴᠠ ᠢᠷᠡᠭᠰᠡᠨ 200 ᠭᠠᠷᠤᠶ ᠮᠣᠩᠭᠤᠯ ᠤᠯᠤᠰ ᠤᠨ ᠬᠤᠳᠠᠯᠳᠤᠭᠠᠴᠢᠨ ᠡᠷᠦᠭᠡ ᠴᠤᠭᠯᠠᠭᠠᠨ ᠳᠤ ᠤᠷᠤᠯᠴᠠᠵᠤ᠂ ᠣᠷᠣᠯᠴᠠᠭᠰᠠᠨ ᠲᠠᠸᠠᠷ ᠨᠢ ᠭᠤᠣᠯᠳᠠᠭᠤ ᠴᠠᠭᠠᠨ ᠢᠳᠡᠭᠡᠨ᠂ ᠰᠢᠬᠢᠷ᠂ ᠬᠡᠪᠢᠰ᠂ ᠮᠣᠩᠭᠤᠯ ᠬᠤᠪᠴᠠᠰᠤ ᠵᠠᠰᠠᠯ᠂ ᠵᠠᠰᠠᠯ ᠴᠢᠮᠡᠭ ᠤᠨ ᠡᠳ᠋᠂ ᠮᠣᠳᠣ ᠴᠢᠯᠠᠭᠤᠨ ᠰᠡᠶᠢᠯᠦᠮᠡᠯ ᠡᠳ᠋ ᠵᠢᠴᠢ ᠭᠠᠷ ᠤᠷᠠᠯᠠᠯ ᠤᠨ ᠪᠦᠲᠦᠭᠡᠭᠲᠡᠬᠦᠨ ᠵᠡᠷᠭᠡ ᠪᠠᠶᠢᠵᠤ᠂ ᠪᠤᠷᠤᠯᠠᠭᠤᠯᠭ᠎ᠠ ᠶᠢᠨ ᠶᠡᠷᠦᠩᠬᠡᠶ ᠲᠤᠭ᠎ᠠ ᠨᠢ 255.2 ᠲᠦᠮᠡᠨ ᠲᠥᠭᠦᠷᠢᠭ ᠬᠦᠷᠴᠡᠶ᠃ ᠲᠤᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠭᠢᠯᠡᠭᠰᠡᠨ ᠨᠢ ᠴᠡᠭᠡ ᠪᠣᠭᠤᠮᠲᠠ ᠪᠤᠯᠤᠨ ᠮᠣᠩᠭᠤᠯ ᠤᠯᠤᠰ ᠤᠨ ᠬᠦᠷᠰᠢ ᠵᠡᠷᠭᠡᠯᠡᠳᠡᠭᠡ ᠮᠤᠵᠢ ᠯᠤᠭ᠎ᠠ ᠶᠢᠨ ᠬᠤᠳᠠᠯᠳᠤᠭ᠎ᠠ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠭᠰᠠᠨ ᠮᠦᠷᠲᠡᠭᠡᠨ ᠪᠠᠰᠠ ᠡᠵᠡᠨ᠎ᠡ ᠬᠤᠰᠢᠭᠤ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠡᠷᠡᠭᠯᠡᠭᠴᠢᠳ ᠤᠨ ᠬᠤᠳᠠᠯᠳᠤᠨ ᠠᠪᠬᠤ ᠬᠡᠷᠡᠭᠴᠡᠭᠡ ᠶᠢ ᠤᠷᠮᠠᠰᠢᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号