ᠦᠬᠠᠶ ᠬᠤᠳᠠ ᠶᠢᠨ ᠵᠠᠮ ᠬᠠᠷᠢᠯᠴᠠᠭᠠᠨ ᠤ 24 ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠭᠤᠷᠪᠠᠨ ᠵᠢᠯ ᠦᠷᠭᠦᠯᠵᠢᠯᠡᠭᠦᠯᠬᠦ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠪᠠ
ᠨᠡᠶᠢᠲᠡᠯᠡᠭᠰᠡᠨ ᠴᠠᠭ᠄
2016/1/28
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠬᠠᠶ ᠬᠤᠳᠠ ᠶᠢᠨ ᠵᠠᠮ ᠬᠠᠷᠢᠯᠴᠠᠭᠠᠨ ᠤ ᠪᠦᠳᠤᠭᠡᠨ ᠪᠠᠶᠢᠭᠤᠯᠤᠯᠲᠠ ᠶᠢᠨ 24 ᠲᠥᠷᠥᠯ ᠵᠦᠢᠯ ᠢ ᠭᠤᠷᠪᠠᠨ ᠵᠢᠯ ᠦᠷᠭᠦᠯᠵᠢᠯᠡᠭᠦᠯᠬᠦ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠪᠠ᠃      ᠣᠶᠢᠯᠠᠭᠠᠭᠰᠠᠨ ᠢᠶᠠᠷ᠂ ᠭᠤᠷᠪᠠᠨ ᠵᠢᠯ ᠦᠷᠭᠦᠯᠵᠢᠯᠡᠭᠦᠯᠬᠦ ᠪᠡᠯᠡ ᠣᠷᠣᠭᠤᠯᠬᠤ ᠲᠥᠯᠥᠪᠯᠡᠭᠡ ᠳᠤ ᠣᠷᠣᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠠᠴᠠ ᠠᠷᠭ᠎ᠠ ᠵᠠᠮ ᠢᠯᠭᠠᠵᠤ᠂ ᠪᠡᠯᠡ ᠣᠷᠣᠭᠤᠯᠤᠯᠲᠠ ᠶᠢ ᠵᠢᠯ ᠎ ᠢᠶᠠᠷ ᠬᠤᠭᠤᠴᠠᠭᠠᠯᠠᠨ ᠨᠠᠶᠢᠳᠠᠪᠤᠷᠢᠵᠢᠭᠤᠯᠤᠨ᠎ᠠ᠃ ᠭᠤᠷᠪᠠᠨ ᠵᠢᠯ ᠤᠨ ᠦᠷᠭᠦᠯᠵᠢᠯᠡᠭᠦᠯᠬᠦ ᠪᠡᠯᠡ ᠣᠷᠣᠭᠤᠯᠬᠤ ᠲᠥᠯᠥᠪᠯᠡᠭᠡ ᠶᠢᠨ ᠲᠥᠷᠥᠯ ᠵᠦᠢᠯ ᠳᠤ ᠣᠷᠣᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠵᠤ ᠪᠣᠯᠬᠤ ᠦᠭᠡᠢ᠃      ᠦᠬᠠᠶ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠎ ᠤᠨ ᠭᠤᠷᠪᠠᠨ ᠵᠢᠯ ᠤᠨ ᠦᠷᠭᠦᠯᠵᠢᠯᠡᠭᠦᠯᠬᠦ ᠪᠡᠯᠡ ᠣᠷᠣᠭᠤᠯᠬᠤ ᠲᠥᠯᠥᠪᠯᠡᠭᠡ ᠳᠤ ᠡᠨᠡ ᠤᠳᠠᠭ᠎ᠠ ᠨᠢ 110 ᠤᠯᠤᠰ ᠤᠨ ᠵᠠᠮ ᠤᠨ ᠬᠠᠲᠤᠨ ᠭᠤᠣᠯ ᠤᠨ ᠣᠨᠴᠠ ᠶᠡᠭᠡ ᠬᠥᠭᠦᠷᠭᠡ ᠵᠡᠷᠭᠡ ᠬᠥᠭᠦᠷᠭᠡ ᠶᠢᠨ 5 ᠰᠠᠭᠤᠳᠠᠯ᠂ ᠷᠦᠩ ᠡᠦ ︵G18︶ ᠵᠡᠷᠭᠡ ᠳᠡᠭᠡᠳᠦ ᠬᠤᠷᠳᠤᠴᠠᠲᠤ ᠵᠠᠰᠠᠮᠠᠯ ᠵᠠᠮ 3 ᠵᠤᠷᠪᠤᠰ᠂ ᠬᠠᠶᠢᠨᠠᠨ ᠲᠣᠭᠤᠷᠢᠭ — ᠣᠷᠳᠣᠰ ᠤᠨ ᠦᠵᠦᠭᠦᠷ ᠪᠠᠯᠭᠠᠰᠤ  ᠬᠦᠷᠬᠦ ᠵᠡᠷᠭᠡ ᠨᠢᠭᠡᠳᠦᠭᠡᠷ ᠳᠡᠰ ᠤᠨ ᠵᠠᠰᠠᠮᠠᠯ ᠵᠠᠮ 4 ᠵᠤᠷᠪᠤᠰ᠂ ᠦᠬᠠᠶ ᠶᠢᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠵᠡᠷᠭᠡ ᠨᠡᠶᠢᠲᠡ ᠶᠢᠨ ᠮᠠᠰᠢᠨ ᠲᠡᠷᠭᠡᠨ ᠤ ᠭᠤᠣᠯ ᠦᠷᠳᠡᠭᠡ 3᠂ ᠬᠠᠶᠢᠷᠤᠪ ᠤᠨ ᠳᠤᠬᠤᠢ ᠲᠣᠭᠤᠷᠢᠭ ᠤᠨ ᠴᠡᠴᠡᠭ ᠰᠢᠪᠠᠭᠤᠨ ᠤ ᠵᠠᠬ᠎ᠠ ᠳᠡᠯᠭᠡᠭᠦᠷ ᠲᠠᠬᠢ ᠲᠡᠷᠭᠡᠨ ᠵᠣᠭᠰᠣᠭᠠᠯ ᠵᠡᠷᠭᠡ ᠪᠡᠶᠡᠲᠦ ᠲᠡᠷᠭᠡ ᠵᠣᠭᠰᠣᠬᠤ ᠲᠠᠯᠠᠪᠠᠢ ᠶᠢᠨ ᠪᠦ᠋ᠲᠦᠭᠡᠨ ᠪᠠᠶᠢᠭᠤᠯᠤᠯᠲᠠ ᠶᠢᠨ 3 ᠲᠥᠷᠥᠯ ᠵᠦᠢᠯ᠂ ᠠᠷᠠᠳ ᠤᠨ ᠠᠭᠠᠷ ᠎ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠥᠷᠥᠯ ᠵᠦᠢᠯ᠂ ᠪᠠᠷᠠᠭᠠᠨ ᠤ ᠭᠦᠢᠯᠭᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠪᠤᠢ᠃ ᠵᠠᠮ ᠬᠠᠷᠢᠯᠴᠠᠭᠠᠨ ᠤ ᠪᠦᠳᠤᠭᠡᠨ ᠪᠠᠶᠢᠭᠤᠯᠤᠯᠲᠠ ᠶᠢᠨ 24 ᠲᠥᠷᠥᠯ ᠵᠦᠢᠯ ᠳᠤ ᠬᠤᠯᠪᠣᠭᠳᠠᠭᠰᠠᠨ ᠶᠡᠷᠦᠩᠬᠡᠢ ᠪᠡᠯᠡ ᠣᠷᠤᠭᠤᠯᠤᠯᠲᠠ ᠨᠢ 233 ᠳ᠋ᠦᠩᠰᠢᠭᠤᠷ ᠲᠥᠭᠦᠷᠢᠭ ᠪᠣᠯᠣᠨ᠎ᠠ᠃      ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ 24 ᠳᠦᠷᠦᠯ ᠵᠦᠢᠯ ᠢ ᠪᠠᠶᠢᠭᠤᠯᠬᠤ ᠨᠢ᠂ ᠦᠬᠠᠢ ᠬᠤᠲᠠ ᠶᠢᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠭᠠᠳᠠᠭᠰᠢ ᠳᠣᠲᠣᠭᠰᠢ ︽ᠨᠢᠭᠡ ᠰᠦᠯᠵᠢᠶ᠎ᠡ᠂ ᠬᠤᠶᠠᠷ ᠭᠠᠷᠠᠮ᠂ ᠬᠤᠶᠠᠷ ᠲᠥᠪ︾᠎ ᠤᠨ ᠣᠷᠣᠨ ᠪᠦᠰᠡ ᠶᠢᠨ ᠶᠡᠷᠦᠩᠬᠡᠶᠢᠯᠡᠭᠰᠡᠨ ᠪᠡᠶᠡᠲᠦ ᠵᠠᠮ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠦᠷᠢᠯᠳᠦᠭᠦᠯᠵᠦ᠂ ︽ᠮᠣᠩᠭᠤᠯ ᠳᠤ ᠭᠠᠷᠴᠤ᠂ ᠰᠢᠨᠵᠢᠶᠠᠩ ᠳᠤ ᠣᠷᠣᠵᠤ᠂ ᠪᠠᠷᠠᠭᠤᠨ ᠬᠤᠶᠢᠲᠤ ᠣᠷᠣᠨ ᠢ ᠰᠠᠴᠤᠷᠠᠭᠤᠯᠬᠤ᠂ ᠤᠮᠠᠷᠠᠲᠤ ᠣᠷᠣᠨ ᠢ ᠬᠤᠯᠪᠣᠭᠠᠯᠠᠨ ᠨᠡᠪᠲᠡᠷᠡᠬᠦ ︾ ᠲᠣᠮᠣ ᠵᠠᠮ ᠬᠠᠷᠢᠯᠴᠠᠭ᠎ᠠ ᠶᠢᠨ ᠪᠠᠶᠢᠷᠢᠰᠢᠯ ᠢ ᠪᠤᠢ ᠪᠣᠯᠭᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号