ᠬᠢᠩᠭᠠᠨ ᠠᠶᠢᠮᠠᠭ ᠤᠨ 5 ᠡᠷᠡᠭᠦᠯ ᠬᠠᠮᠠᠭᠠᠯᠠᠯ ᠤᠨ ᠬᠤᠷᠢᠶ᠎ᠠ ᠪᠦᠬᠦ ᠤᠯᠤᠰ ᠤᠨ ︽ᠤᠯᠠᠨ ᠲᠦᠮᠡᠨ ᠬᠠᠮᠤᠭ ᠤᠨ ᠰᠡᠳᠬᠢᠯ ᠬᠠᠨᠤᠮᠵᠢᠲᠠᠶ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾᠎ ᠪᠠᠷ ᠵᠢᠱᠢᠭᠳᠡᠪᠡ
ᠨᠡᠶᠢᠲᠡᠯᠡᠭᠰᠡᠨ ᠴᠠᠭ᠄
2016/1/28
      ᠤᠶᠢᠷ᠎ᠠ ᠶᠢᠨ ᠡᠳᠦᠷ᠂ ᠤᠯᠤᠰ ᠤᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠦᠪᠯᠡᠯ ᠤᠨ ᠵᠣᠬᠢᠶᠠᠨ ᠪᠠᠶᠢᠭᠤᠯᠤᠨ ᠦᠷᠨᠢᠭᠦᠯᠦᠭᠰᠡᠨ 2014 — 2015 ᠣᠨ ᠤ ︽ᠤᠯᠠᠨ ᠲᠦᠮᠡᠨ ᠰᠡᠳᠬᠢᠯ ᠬᠠᠨᠤᠮᠵᠢᠲᠠᠶ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠲᠦᠭᠡᠨ ᠪᠠᠶᠢᠭᠤᠯᠬᠤ︾ ᠠᠵᠢᠯᠯᠠᠭ᠎ᠠ ᠥᠨᠳᠥᠷᠯᠡᠪᠡ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠡᠲᠦ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠤᠯᠠᠭᠠᠨᠮᠣᠳᠣ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠴᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠵᠠᠯᠠᠶᠢᠳ ᠬᠤᠰᠢᠭᠤᠨ ᠤ ᠬᠤᠯᠪᠣᠭ᠎ᠠ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠰᠤᠩᠭᠤᠭᠳᠠᠪᠡ᠃      ᠤᠯᠤᠰ ᠤᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠦᠪᠯᠡᠯ ᠨᠢ 2014 ᠣᠨ ᠳᠤ ᠪᠦᠬᠦ ᠤᠯᠤᠰ ᠤᠨ ᠬᠡᠪᠴᠢᠶᠡᠨ ᠳᠤ ᠤᠯᠠᠨ ᠲᠦᠮᠡᠨ ᠤ ᠰᠡᠳᠬᠢᠯ ᠬᠠᠨᠤᠮᠵᠢᠲᠠᠶ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ 1300 ᠡᠷᠡᠭᠦᠯ ᠬᠠᠮᠠᠭᠠᠯᠠᠯ ᠤᠨ ᠬᠤᠷᠢᠶ᠎ᠠ ︽ᠤᠯᠠᠨ ᠲᠦᠮᠡᠨ ᠬᠠᠮᠤᠭ ᠤᠨ ᠰᠡᠳᠬᠢᠯ ᠬᠠᠨᠤᠮᠵᠢᠲᠠᠶ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾᠎ ᠪᠠᠷ ᠵᠢᠱᠢᠭᠳᠡᠭᠰᠡᠳ ᠤᠨ ᠨᠡᠷᠡᠰ ᠲᠤ ᠣᠷᠤᠪᠠ᠃ ᠡᠴᠦᠰ ᠲᠡᠭᠡᠨ᠂ ᠥᠪᠥᠷ ᠮᠣᠩᠭᠤᠯ ᠤᠨ 38 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠯᠡᠰᠡᠭᠳᠡᠭᠰᠡᠨ ᠪᠠᠶᠢᠨ᠎ᠠ᠃      ︽ᠤᠯᠠᠨ ᠲᠦᠮᠡᠨ ᠰᠡᠳᠬᠢᠯ ᠬᠠᠨᠤᠮᠵᠢᠲᠠᠶ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠲᠦᠭᠡᠨ ᠪᠠᠶᠢᠭᠤᠯᠬᠤ︾ ᠭᠡᠳᠡᠭ ᠨᠢ ᠭᠤᠣᠯᠳᠠᠭᠤ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠠᠷᠤᠭᠠᠰᠤ ᠶᠢ ᠨᠠᠮᠳᠠᠭᠤᠯᠬᠤ ᠪᠠᠷ ᠵᠣᠷᠢᠯᠭ᠎ᠠ ᠪᠣᠯᠭᠠᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠠᠩᠬ᠎ᠠ ᠣᠨᠣᠰᠢᠯᠠᠨ ᠡᠮᠨᠡᠭᠦᠯᠬᠦ ᠪᠠᠷ ᠳᠠᠮᠵᠢᠨ᠂ ᠡᠷᠡᠭᠦᠯ ᠴᠢᠬᠢᠷᠠᠭ ᠤᠨ ᠠᠰᠠᠭᠤᠳᠠᠯ ᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠡᠪᠡᠳᠴᠢᠨ ᠦᠵᠡᠭᠦᠯᠬᠦ ᠳᠤ ᠣᠨᠣᠰᠢᠯᠠᠨ ᠡᠮᠨᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠡᠪᠡᠳᠴᠢᠨ ᠦᠵᠡᠭᠦᠯᠬᠦ ᠳᠡᠭᠡᠨ ︽ᠪᠠᠭ᠎ᠠ ᠡᠪᠡᠳᠴᠢᠨ ᠢ ᠲᠣᠰᠬᠤᠨ ᠠᠴᠠ ᠭᠠᠷᠬᠤ ᠦᠭᠡᠢ᠂ ᠡᠩ ᠤᠨ ᠡᠪᠡᠳᠴᠢᠨ ᠢ ᠰᠤᠮᠤ ᠠᠴᠠ ᠭᠠᠷᠬᠤ ᠦᠭᠡᠢ᠂ ᠬᠦᠨᠳᠦ ᠡᠪᠡᠳᠴᠢᠨ ᠢ ᠦᠨᠳᠦᠰᠦᠨ ᠳᠡᠭᠡᠨ ᠬᠤᠰᠢᠭᠤᠨ ᠰᠢᠶᠠᠨ ᠠᠴᠠ ᠭᠠᠷᠬᠤ ᠦᠭᠡᠢ︾ ᠬᠠᠷᠠᠯᠲᠠ ᠶᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号