| 1 ᠳ᠋ᠦ᠋ᠭᠡᠷ ᠰᠠᠷ᠎ᠠ ᠶᠢᠨ 27 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ ᠬᠤ᠋ ᠢ ᠹᠧᠩ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ | ᠳᠡᠭᠡᠷ᠎ᠡ ᠠᠵᠢᠯ ᠤᠨ ᠮᠡᠳᠡᠬᠦᠯᠦᠯᠳᠡ ᠬᠢᠪᠡ᠃ | ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2015 ᠣᠨ ᠳᠤ 7051 ᠬᠡᠷᠡᠭ ᠢ ᠡᠯ᠎ᠡ ᠱᠠᠲᠤᠨ ᠤ | ᠰᠢᠭᠦᠬᠦ ᠬᠤᠷᠢᠶ᠎ᠠ ᠶᠢᠨ ᠳᠠᠷᠤᠭ᠎ᠠ ᠨᠠᠷ ᠰᠢᠢᠳᠪᠦᠷᠢᠯᠡᠵᠦ᠂ ᠲᠢᠩᠬᠢᠮ ᠤᠨ ᠳᠠᠷᠤᠭ᠎ᠠ 161873 ᠬᠡᠷᠡᠭ ᠢ | ᠰᠢᠢᠳᠪᠦᠷᠢᠯᠡᠵᠦ᠂ ᠲᠤᠰ ᠲᠤᠰ ᠪᠦᠬᠦ ᠵᠢᠯ ᠳᠤ ᠰᠢᠭᠦᠵᠦ ᠳᠠᠭᠤᠰᠬᠠᠭᠰᠠᠨ ᠬᠡᠷᠡᠭ ᠤᠨ ᠲᠤᠭ᠎ᠠ ᠶᠢᠨ 1.6% ᠪᠠ | 35.9% ᠶᠢ ᠡᠵᠡᠯᠡᠵᠦ᠂ ᠬᠤᠷᠢᠶ᠎ᠠ ᠲᠢᠩᠬᠢᠮ ᠤᠨ ᠳᠠᠷᠤᠭ᠎ᠠ ᠨᠠᠷ ᠤᠨ ᠬᠡᠷᠡᠭ ᠰᠢᠢᠳᠪᠦᠷᠢᠯᠡᠭᠰᠡᠨ ᠬᠡᠮᠵᠢᠶ᠎ᠡ ᠨᠢ | ᠠᠳᠠᠯᠢ ᠬᠤᠭᠤᠴᠠᠭᠠᠨ ᠤ ᠬᠢ ᠠᠴᠠ 40.1% ᠪᠠᠷ ᠳᠡᠭᠡᠭᠰᠢᠯᠡᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ︽ᠬᠡᠷᠡᠭ ᠣᠯᠠᠨ ᠬᠥᠮᠦᠨ ᠴᠥᠭᠡᠨ︾ ᠤ ᠵᠥᠷᠢᠴᠡᠯ ᠢ ᠨᠠᠮᠳᠠᠭᠤᠯᠬᠤ ᠳᠤ | ᠴᠢᠬᠤᠯᠠ ᠦᠢᠯᠡᠳᠦᠯ ᠪᠠᠳᠠᠷᠠᠭᠤᠯᠪᠠ᠃ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠪᠠ᠃ | ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ 2014 ᠣᠨ ᠤ 5 ᠰᠢᠭᠦᠬᠦ ᠬᠤᠷᠢᠶ᠎ᠠ ᠠᠴᠠ 26 ᠰᠢᠭᠦᠬᠦ ᠬᠤᠷᠢᠶ᠎ᠠ | ᠪᠣᠯᠣᠨ 36 ᠰᠢᠭᠦᠬᠦ ᠲᠢᠩᠬᠢᠮ ᠳᠤ ᠬᠦᠷᠲᠡᠯ᠎ᠡ ᠥᠷᠭᠡᠳᠬᠡᠵᠦ᠂ ᠡᠭᠦᠨ ᠳᠤ ᠪᠠᠶᠠᠨᠨᠠᠭᠤᠷ ᠬᠤᠳᠠ ᠶᠢᠨ ᠬᠤᠶᠠᠷ | ᠱᠠᠲᠤᠨ ᠤ ᠰᠢᠭᠦᠬᠦ ᠬᠤᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠪᠦᠬᠦ ᠲᠠᠯ᠎ᠠ ᠪᠠᠷ ᠠᠬᠢᠵᠤ᠂ ᠪᠦᠬᠦ | ᠣᠷᠣᠨ ᠤ ᠡᠮᠦᠨ᠎ᠡ ᠡᠩᠨᠡᠭᠡᠨ ᠳᠤ ᠣᠷᠣᠭᠰᠠᠨ ᠪᠠᠶᠢᠨ᠎ᠠ᠃ | ᠵᠠᠰᠠᠭ ᠵᠠᠬᠢᠷᠭᠠᠨ ᠤ ᠬᠡᠷᠡᠭ ᠢ ᠲᠥᠪᠯᠡᠷᠡᠭᠦᠯᠦᠨ ᠬᠠᠮᠢᠶᠠᠷᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠪᠡ᠃ | ᠠᠷᠠᠳ ᠤᠨ ᠳᠡᠭᠡᠳᠦ ᠰᠢᠭᠦᠬᠦ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠂ ᠪᠤᠭᠤᠲᠤ᠂ ᠤᠯᠠᠭᠠᠨᠬᠠᠳᠠ᠂ | ᠲᠦᠩᠯᠢᠶᠣᠤ᠂ ᠬᠥᠯᠥᠨ ᠪᠤᠶᠢᠷ ᠬᠤᠳᠠ ᠳᠤ ᠵᠠᠰᠠᠭ ᠵᠠᠬᠢᠷᠭᠠᠨ ᠤ ᠬᠡᠷᠡᠭ ᠢ ᠣᠨᠳᠣᠣ ᠭᠠᠵᠠᠷ ᠲᠤ ᠰᠢᠭᠦᠨ | ᠰᠢᠢᠳᠪᠦᠷᠢᠯᠡᠬᠦ ᠲᠤᠷᠰᠢᠯᠲᠠ ᠶᠢᠨ ᠴᠢᠭ᠋ ᠢ ᠵᠢᠯᠣᠭᠤᠳᠴᠤ᠂ ᠣᠷᠣᠨ ᠨᠤᠲᠤᠭ ᠤᠨ ᠬᠠᠷᠰᠢᠯᠠᠯ ᠢ ᠠᠷᠢᠯᠭᠠᠪᠠ᠃ | ᠠᠷᠠᠳ ᠤᠨ ᠬᠠᠪᠰᠤᠷᠤᠨ ᠰᠢᠭᠦᠭᠴᠢ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ︽ᠠᠷᠠᠳ ᠤᠨ ᠬᠠᠪᠰᠤᠷᠤᠨ ᠰᠢᠭᠦᠭᠴᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠲᠡᠭᠦᠯᠳᠡᠷᠵᠢᠭᠦᠯᠬᠦ ᠲᠤᠬᠠᠶ ᠰᠠᠨᠠᠯ︾ ᠢ ᠲᠣᠭᠲᠠᠭᠠᠵᠤ᠂ ᠰᠣᠩᠭᠤᠨ ᠲᠣᠮᠢᠯᠠᠬᠤ᠂ ᠪᠣᠯᠪᠠᠰᠤᠷᠠᠭᠤᠯᠬᠤ᠂ ᠤᠬᠤᠷᠢᠨ | ᠭᠠᠷᠭᠠᠬᠤ ᠲᠣᠭᠲᠠᠴᠠ ᠶᠢ ᠲᠣᠳᠣᠷᠬᠠᠶᠢᠯᠠᠵᠤ᠂ ︽ᠬᠤᠪᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠵᠦ᠂ ᠠᠷᠠᠳ ᠤᠨ ᠬᠠᠪᠰᠤᠷᠤᠨ ᠰᠢᠭᠦᠭᠴᠢ 4465 ᠬᠥᠮᠦᠨ ᠳᠤ ᠬᠦᠷᠴᠦ᠂ ᠨᠢᠭᠡᠳᠦᠭᠡᠷ ᠰᠢᠭᠦᠯᠲᠡ ᠳᠤ | ᠣᠷᠣᠯᠴᠠᠬᠤ ᠨᠤᠷᠮ᠎ᠠ ᠨᠢ 86 % ᠳᠤ | ᠬᠦᠷᠴᠡᠶ᠃ | ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠲᠦ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠪᠠ᠃ ᠨᠡᠶᠢᠭᠡᠮ ᠤᠨ ᠵᠠᠰᠠᠯᠲᠠ ᠶᠢ ᠣᠳᠣᠬᠢᠴᠢᠯᠠᠬᠤ ᠰᠢᠨ᠎ᠡ ᠱᠠᠭᠠᠷᠳᠠᠯᠭ᠎ᠠ ᠪᠠ ᠵᠠᠷᠭᠤ ᠶᠢᠨ ᠬᠡᠷᠡᠭ | ᠲᠠᠰᠤᠷᠠᠯᠲᠠ ᠦᠭᠡᠶ ᠳᠡᠭᠡᠭᠰᠢᠯᠡᠵᠦ ᠪᠠᠶᠢᠭ᠎ᠠ ᠰᠢᠨ᠎ᠡ ᠪᠠᠶᠢᠳᠠᠯ ᠳᠤ ᠵᠣᠬᠢᠴᠠᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠲᠠᠢ ᠬᠠᠮᠲᠤᠷᠠᠨ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ | ᠡᠰᠢᠲᠦ ᠲᠣᠭᠲᠠᠴᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠷᠠᠯ ᠢ ᠬᠤᠷᠠᠯᠳᠤᠭᠤᠯᠤᠭᠰᠠᠨ ᠪᠥᠭᠡᠳ | ᠶᠤᠸᠠᠨ ᠪᠦᠦ ᠱᠠᠨ ᠲᠣᠭᠤᠷᠢᠭ ᠤᠨ ᠰᠢᠭᠦᠬᠦ ᠬᠤᠷᠢᠶ᠎ᠠ ᠵᠡᠷᠭᠡ 13 ᠦᠯᠢᠬᠡᠷ ᠵᠢᠱᠢᠶ᠎ᠡ ᠨᠢᠭᠡᠴᠡ ᠶᠢ ᠲᠣᠭᠲᠠᠭᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ | ᠵᠥᠷᠢᠴᠡᠯ ᠢ ᠨᠠᠮᠳᠠᠭᠤᠯᠬᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠳᠠᠶᠢᠴᠢᠯᠠᠨ ᠵᠣᠬᠢᠶᠠᠨ | ᠪᠠᠶᠢᠭᠤᠯᠵᠤ᠂ ᠨᠡᠶᠢᠭᠡᠮ ᠤᠨ ᠵᠠᠰᠠᠨ ᠴᠡᠭᠴᠡᠯᠡᠯᠲᠡ ᠶᠢᠨ ᠬᠠᠤᠯᠢᠵᠢᠭᠤᠯᠤᠯᠲᠠ᠂ ᠣᠳᠣᠬᠢᠴᠢᠯᠠᠯᠲᠠ ᠶᠢ ᠲᠦᠯᠬᠢᠨ | ᠠᠬᠢᠭᠤᠯᠪᠠ᠃ | ᠬᠠᠤᠯᠢ ᠴᠠᠭᠠᠵᠠ ᠶᠢ ᠢᠯᠡ ᠪᠣᠯᠭᠠᠬᠤ ︽ᠭᠤᠷᠪᠠᠨ ᠶᠡᠭᠡ ᠲᠠᠪᠴᠠᠩ︾ ᠶᠢᠨ ᠪᠦᠳᠤᠭᠡᠨ ᠪᠠᠶᠢᠭᠤᠯᠤᠯᠲᠠ ᠶᠢ | ᠠᠬᠢᠭᠤᠯᠪᠠ᠃ ᠰᠢᠭᠦᠨ ᠲᠠᠰᠤᠯᠬᠤ ᠵᠢᠷᠤᠮ᠂ ᠲᠠᠰᠤᠯᠤᠯᠲᠠ ᠶᠢᠨ ᠪᠢᠴᠢᠭ ᠬᠠᠷ᠎ᠠ ᠪᠠ ᠭᠦᠢᠴᠡᠳᠬᠡᠬᠦ ᠮᠡᠳᠡᠭᠡ | ᠵᠠᠩᠭᠢ ᠶᠢ ᠢᠯᠡ ᠪᠠᠷ ᠨᠡᠶᠢᠲᠡᠯᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠵᠢᠯ ᠳᠤ 172208 | ᠬᠤᠪᠢ ᠲᠠᠰᠤᠯᠤᠯᠲᠠ ᠶᠢᠨ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠵᠦ᠂ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠤᠪᠢ ᠪᠠᠷ 1.8 ᠳᠠᠬᠢᠨ ᠳᠡᠭᠡᠭᠰᠢᠯᠡᠭᠰᠡᠨ ᠪᠥᠭᠡᠳ ᠮᠣᠩᠭᠤᠯ | ᠲᠠᠰᠤᠯᠤᠯᠲᠠ ᠶᠢᠨ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠢᠯᠡ ᠪᠠᠷ ᠨᠡᠶᠢᠲᠡᠯᠡᠬᠦ ᠶᠢ ᠪᠡᠶᠡᠯᠡᠭᠦᠯᠪᠡ᠃ | ᠮᠡᠳᠡᠭᠦᠯᠦᠯᠲᠡ ᠠᠴᠠ ᠦᠵᠡᠪᠡᠯ᠂ 2015 ᠣᠨ ᠤ ᠪᠦᠬᠦ ᠣᠷᠣᠨ ᠤ ᠰᠢᠭᠦᠬᠦ ᠬᠤᠷᠢᠶ᠎ᠠ ᠡᠯ᠎ᠡ ᠲᠦᠷᠤᠯ ᠤᠨ | ᠬᠡᠷᠡᠭ 562703 ᠶᠢ ᠬᠦᠯᠢᠶᠡᠨ ᠰᠢᠢᠳᠪᠦᠷᠢᠯᠡᠵᠦ᠂ 451156 ᠬᠡᠷᠡᠭ ᠢ ᠰᠢᠭᠦᠨ ︵ᠭᠦᠢᠴᠡᠳᠬᠡᠨ︶ | ᠳᠠᠭᠤᠰᠴᠤ᠂ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 30.3% ᠪᠠ 25.7% ᠪᠠᠷ ᠳᠡᠭᠡᠭᠰᠢᠯᠡᠵᠡᠢ᠂ | ᠡᠭᠦᠨ ᠳᠤ 5159 ᠬᠡᠷᠡᠭ ᠢ ᠥᠨᠳᠥᠷ ᠵᠡᠷᠭᠡ ᠶᠢᠨ ᠰᠢᠭᠦᠬᠦ ᠬᠤᠷᠢᠶ᠎ᠠ ᠬᠦᠯᠢᠶᠡᠨ ᠠᠪᠤᠭᠠᠳ 4475 ᠬᠤᠪᠢ ᠶᠢ | ᠰᠢᠭᠦᠨ ᠳᠠᠭᠤᠰᠬᠠᠵᠤ᠂ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 28.2% ᠪᠠ 20.8% ᠪᠠᠷ | ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠪᠠ ᠶᠡᠷᠦᠩᠬᠡᠢ ᠪᠠᠶᠢᠳᠠᠯ ᠢ | ᠲᠣᠭᠲᠠᠭᠤᠨ ᠪᠠᠶᠢᠯᠭᠠᠬᠤ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ | |