ᠵᠢᠯ ᠭᠠᠷᠤᠶ ᠶᠢᠨ ᠬᠤᠭᠤᠴᠠᠭ᠎ᠠ ᠶᠢ ᠬᠡᠷᠡᠭᠯᠡᠵᠦ᠂ ᠪᠤᠭᠤᠲᠤ ᠬᠤᠳᠠ ᠶᠢᠨ ᠣᠷᠣᠨ ᠨᠤᠲᠤᠭ ᠤᠨ ᠳᠠᠯᠠᠢ ᠶᠢᠨ | ᠶᠠᠪᠤᠳᠠᠯ ᠤᠨ ᠭᠠᠵᠠᠷ ᠤᠨ ᠤᠰᠤᠨ ᠲᠡᠭᠡᠭᠡᠪᠦᠷᠢ ᠶᠢᠨ ᠬᠢᠨᠠᠨ ᠡᠵᠡᠮᠳᠡᠬᠦ ᠲᠠᠪᠴᠠᠩ 1 ᠳ᠋ᠦ᠋ᠭᠡᠷ ᠰᠠᠷ᠎ᠠ ᠶᠢᠨ 13 ᠤ | ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠪᠠ᠃ | 2014 ᠣᠨ ᠤ ᠵᠢᠯ ᠤᠨ ᠡᠴᠦᠰ ᠠᠴᠠ ᠨᠠᠰᠢ᠂ ᠪᠤᠭᠤᠲᠤ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ | ︽ᠪᠤᠭᠤᠲᠤ ᠬᠤᠳᠠ ᠶᠢᠨ ᠤᠯᠠᠨ ᠨᠡᠶᠢᠳᠡ ᠶᠢᠨ ᠵᠠᠮ ᠬᠠᠷᠢᠯᠴᠠᠭ᠎ᠠ ᠶᠢ ᠮᠡᠳᠡᠭᠡ ᠵᠠᠩᠭᠢᠵᠢᠭᠤᠯᠬᠤ ᠪᠥᠳᠥᠭᠡᠨ | ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ︾ ᠵᠢᠴᠢ ᠠᠩᠬᠠᠳᠤᠭᠠᠷ ᠬᠤᠭᠤᠴᠠᠭᠠᠨ ᠤ ᠢᠨᠵᠧᠨᠧᠷᠢᠩ ᠢ | ᠬᠡᠷᠡᠭᠵᠢᠭᠦᠯᠵᠦ᠂ ᠡᠭᠦᠨ ᠳᠤ ᠤᠰᠤᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠲᠠᠪᠴᠠᠩ ᠤᠨ ᠬᠡᠰᠡᠭ ᠲᠤ 60 ᠰᠢᠬᠠᠮ ᠲᠦᠮᠡᠨ ᠲᠥᠭᠦᠷᠢᠭ ᠪᠡᠯᠨ ᠣᠷᠣᠭᠤᠯᠪᠠ᠃ 2015 ᠣᠨ ᠤ 10 ᠳ᠋ᠤᠭᠠᠷ | ᠰᠠᠷ᠎ᠠ ᠶᠢᠨ 29 ᠤ ᠡᠳᠦᠷ᠂ ᠤᠰᠤᠨ ᠲᠡᠭᠡᠭᠡᠪᠦᠷᠢ ᠶᠢᠨ ᠬᠢᠨᠠᠨ ᠡᠵᠡᠮᠳᠡᠬᠦ ᠵᠣᠴᠢᠨ ᠡᠷᠥᠭᠡ ᠶᠢᠨ ᠲᠠᠪᠴᠠᠩ ᠢ | ᠪᠤᠭᠤᠲᠤ ᠬᠤᠳᠠ ᠶᠢᠨ ᠣᠷᠣᠨ ᠨᠤᠲᠤᠭ ᠤᠨ ᠳᠠᠯᠠᠢ ᠶᠢᠨ ᠶᠠᠪᠤᠳᠠᠯ ᠤᠨ ᠭᠠᠵᠠᠷ ᠤᠭᠰᠠᠷᠠᠵᠤ ᠳᠠᠭᠤᠰᠬᠠᠪᠠ᠃ ᠰᠠᠷ᠎ᠠ | ᠭᠠᠷᠤᠶ ᠶᠢᠨ ᠬᠤᠭᠤᠴᠠᠭᠠᠨ ᠤ ᠲᠤᠷᠰᠢᠨ ᠠᠵᠢᠯᠯᠠᠭᠤᠯᠬᠤ ᠪᠠᠷ ᠳᠠᠮᠵᠢᠭᠠᠳ᠂ ᠣᠳᠣ ᠨᠢᠭᠡᠨᠲᠡ ᠵᠢᠩᠬᠢᠨᠢ ᠪᠠᠷ | ᠲᠤᠰᠢᠶᠠᠨ ᠥᠭᠴᠦ ᠬᠡᠷᠡᠭᠯᠡᠭᠦᠯᠪᠡ᠃ ᠬᠢᠨᠠᠨ ᠡᠵᠡᠮᠳᠡᠬᠦ ᠰᠢᠰᠲ᠋ᠧᠮ ᠢ ᠠᠵᠢᠯᠯᠠᠭᠤᠯᠤᠭᠰᠠᠨ ᠨᠢ ᠪᠤᠭᠤᠲᠤ ᠬᠤᠳᠠ ᠶᠢᠨ | ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠥᠪᠥᠮᠡᠯ ᠬᠥᠭᠦᠷᠭᠡ᠂ ᠵᠢᠭᠤᠯᠴᠢᠯᠠᠯ ᠤᠨ ᠣᠷᠣᠨ ᠤ ᠪᠦᠬᠦ ᠡᠳᠦᠷ ᠤᠨ ᠠᠭᠤᠷ ᠠᠮᠢᠰᠬᠤᠯ ᠤᠨ ᠠᠯᠤᠰ ᠬᠢᠨᠠᠨ | ᠡᠵᠡᠮᠰᠢᠯ ᠢ ᠪᠡᠶᠡᠯᠡᠭᠦᠯᠪᠡ᠃ | ᠲᠤᠰ ᠲᠠᠪᠴᠠᠩ ᠢ ᠵᠢᠩᠬᠢᠨᠢ ᠪᠠᠷ ᠡᠬᠢᠯᠡᠨ ᠬᠡᠷᠡᠭᠯᠡᠭᠰᠡᠨ ᠤ ᠳᠠᠷᠠᠭ᠎ᠠ᠂ 4 G ᠶᠢᠨ ᠮᠡᠷᠭᠡᠵᠢᠯ ᠢᠶᠠᠷ | ᠳᠠᠮᠵᠢᠭᠤᠯᠤᠨ᠂ ᠮᠠᠨ ᠤ ᠬᠤᠳᠠ ᠶᠢᠨ ᠬᠠᠷᠢᠶ᠎ᠠ ᠲᠣᠭᠤᠷᠢᠭ ᠤᠨ ᠤᠳᠤ ᠪᠠᠶᠢᠭ᠎ᠠ 4 ᠬᠥᠪᠦᠮᠡᠯ ᠬᠥᠭᠦᠷᠭᠡ ᠶᠢᠨ ᠭᠠᠷᠠᠮ | ᠬᠢᠭᠡᠳ ᠡᠷᠬᠢᠨ ᠲᠣᠭᠤᠷᠢᠨ᠂ ᠨᠠᠭᠤᠷ᠂ ᠴᠥᠭᠦᠷᠥᠮ ᠤᠨ 2 ᠵᠢᠭᠤᠯᠴᠢᠯᠠᠯ ᠤᠨ ᠲᠣᠭᠤᠷᠢᠭ ᠤᠨ ᠭᠤᠣᠯ ᠭᠠᠷᠠᠮ ᠳᠤ | ᠠᠭᠤᠷ ᠠᠮᠢᠰᠬᠤᠯ ᠢ ᠠᠯᠤᠰ ᠠᠴᠠ ᠬᠢᠨᠠᠨ ᠡᠵᠡᠮᠰᠢᠵᠦ᠂ ᠺᠣᠮᠫᠢᠦ᠋ᠲ᠋ᠧᠷ ᠤᠨ ᠰᠦᠯᠵᠢᠶᠡᠵᠢᠯᠳᠡ ᠪᠠᠷ ᠳᠠᠮᠵᠢᠭᠤᠯᠤᠨ | ᠪᠤᠭᠤᠲᠤ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ᠂ ᠪᠤᠭᠤᠲᠤ ᠬᠤᠳᠠ ᠶᠢᠨ ᠣᠷᠣᠨ ᠨᠤᠲᠤᠭ ᠤᠨ | ᠳᠠᠯᠠᠢ ᠶᠢᠨ ᠶᠠᠪᠤᠳᠠᠯ ᠤᠨ ᠭᠠᠵᠠᠷ᠂ ᠡᠯ᠎ᠡ ᠬᠤᠰᠢᠭᠤ ᠰᠢᠶᠠᠨ ᠤ ᠲᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠡᠯ᠎ᠡ ᠣᠩᠭᠤᠴᠠᠨ ᠤ ᠬᠠᠷᠢᠶᠠᠲᠤ ᠨᠢᠭᠡᠴᠡ ᠶᠢᠨ ᠳᠦᠷᠪᠡᠨ ᠱᠠᠲᠤᠨ ᠤ ᠬᠢᠨᠠᠨ ᠡᠵᠡᠮᠳᠡᠯ ᠢ | ᠪᠡᠶᠡᠯᠡᠭᠦᠯᠵᠦ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠪᠤᠭᠤᠲᠤ ᠬᠤᠳᠠ ᠶᠢᠨ | ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠤᠶᠦᠡᠴᠢᠯᠡᠯᠳᠠ ᠶᠢᠨ ᠬᠢᠷᠢ | ᠲᠥᠪᠰᠢᠨ ᠢ ᠴᠦ ᠬᠦᠴᠦᠲᠡᠢ ᠳᠡᠭᠡᠭᠰᠢᠯᠡᠭᠦᠯᠪᠡ᠃ |