ᠡᠷᠢᠶᠡᠨ ᠬᠤᠲᠠ ᠠᠴᠠ ᠤᠯᠠᠭᠠᠨᠪᠠᠭᠠᠲᠤᠷ ᠬᠤᠲᠠ ᠬᠦᠷᠬᠦ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠱᠤᠭᠤᠮ ᠨᠡᠪᠲᠡᠷᠡᠪᠡ
ᠨᠡᠶᠢᠲᠡᠯᠡᠭᠰᠡᠨ ᠴᠠᠭ᠄
2016/1/5
     ᠪᠣᠭᠤᠮᠲᠠ ᠶᠢᠨ ᠬᠥᠭᠵᠢᠯᠲᠡ ᠶᠢ ᠠᠬᠢᠭᠤᠯᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠠᠶᠠᠨᠴᠢᠳ ᠤᠨ ᠭᠠᠳᠠᠭᠰᠢ ᠶᠠᠪᠤᠬᠤ ᠳᠤ ᠳᠥᠬᠦᠮ ᠦᠵᠡᠭᠦᠯᠬᠦ ᠶᠢᠨ ᠲᠥᠯᠦᠭᠡ᠂ 2015 ᠣᠨ ᠤ 12 ᠳ᠋ᠤᠭᠠᠷ ᠰᠠᠷ᠎ᠠ ᠶᠢᠨ 3᠎ ᠤ ᠡᠳᠦᠷ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠠᠴᠠ ᠡᠷᠢᠶᠡᠨ ᠬᠤᠲᠠ ᠬᠦᠷᠬᠦ ᠠᠩᠬᠠᠳᠤᠭᠠᠷ ᠡᠭᠡᠯᠵᠢ ᠶᠢᠨ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠬᠢᠯᠢ ᠪᠠᠷ ᠣᠷᠣᠵᠣ ᠡᠷᠢᠶᠡᠨ ᠬᠤᠲᠠ ᠶᠢᠨ ᠠᠶᠠᠨᠴᠢᠳ ᠤᠨ ᠦᠷᠳᠡᠭᠡ ᠳᠤ ᠬᠦᠷᠴᠦ ᠢᠷᠡᠪᠡ᠃ 12 ᠳ᠋ᠤᠭᠠᠷ ᠰᠠᠷ᠎ᠠ ᠶᠢᠨ 4᠎ ᠤ ᠡᠳᠦᠷ ︽ᠮᠣᠩᠭᠤᠯ ᠤᠯᠤᠰ ᠤᠨ ᠤᠯᠠᠭᠠᠨᠪᠠᠭᠠᠲᠤᠷ  — ᠳᠤᠮᠳᠠᠳᠤ ᠤᠯᠤᠰ ᠤᠨ ᠡᠷᠢᠶᠡᠨ ᠬᠤᠲᠠ ᠶᠢᠨ ᠬᠤᠭᠤᠷᠣᠨᠳᠣᠬᠢ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠱᠤᠭᠤᠮ ᠨᠡᠪᠲᠡᠷᠡᠬᠦ ᠶᠣᠰᠣᠯᠠᠯ ᠡᠷᠢᠶᠡᠨ ᠬᠤᠲᠠ ᠶᠢᠨ ᠠᠶᠠᠨᠴᠢᠳ ᠤᠨ ᠦᠷᠳᠡᠭᠡ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠮᠣᠩᠭᠤᠯ ᠤᠯᠤᠰ ᠤᠨ ᠵᠠᠮ ᠲᠡᠭᠡᠭᠡᠪᠦᠷᠢ ᠶᠢᠨ ᠶᠠᠮᠤᠨ ᠤ ᠬᠠᠮᠢᠶ᠎ᠡ ᠪᠦᠭᠦᠢ ᠰᠠᠯᠠᠭ᠎ᠠ ᠮᠥᠴᠢᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠢᠭᠡᠳ ᠡᠷᠢᠶᠡᠨ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠪᠣᠯᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠤᠨ ᠭᠤᠣᠯ ᠤᠳᠤᠷᠢᠳᠤᠯᠭ᠎ᠠ ᠨᠤᠭᠤᠳ ᠶᠣᠰᠣᠯᠠᠯ ᠳᠤ ᠣᠷᠣᠯᠴᠠᠪᠠ᠃ ᠡᠨᠡᠬᠦ ᠲᠤᠰᠬᠠᠶ ᠱᠤᠭᠤᠮ ᠢᠶᠠᠷ ᠳᠡᠮᠵᠢᠨ᠂ ᠠᠶᠠᠨᠴᠢᠳ ᠮᠣᠩᠭᠤᠯ ᠤᠯᠤᠰ ᠤᠨ ᠨᠡᠶᠢᠰᠯᠡᠯ ᠠᠴᠠ ᠳᠤᠮᠳᠠᠳᠤ ᠤᠯᠤᠰ ᠤᠨ ᠡᠷᠢᠶᠡᠨ ᠬᠤᠲᠠ ᠳᠤ ᠰᠢᠭᠤᠳ ᠬᠦᠷᠬᠦ ᠪᠣᠯᠤᠨ᠎ᠠ᠃ ᠤᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠨᠢ ᠠᠶᠠᠨᠴᠢᠳ ᠲᠡᠭᠡᠭᠡᠪᠦᠷᠢᠯᠡᠬᠦ ᠶᠠᠭᠠᠷᠠᠯᠲᠠᠢ ᠡᠭᠦᠷᠭᠡ ᠶᠢ ᠬᠦᠯᠢᠶᠡᠨ ᠠᠪᠬᠤ ᠠᠴᠠ ᠭᠠᠳᠠᠨ᠎ᠠ ᠪᠠᠰᠠ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠣᠶᠢᠯᠠᠭᠠᠯᠴᠠᠭ᠎ᠠ ᠰᠣᠯᠢᠯᠴᠠᠭ᠎ᠠ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ ᠪᠣᠯᠣᠨ᠎ᠠ᠃ ᠲᠤᠰ ᠱᠣᠭᠤᠮ ᠤᠨ ᠨᠡᠪᠲᠡᠷᠡᠭᠰᠡᠨ ᠨᠢ ᠳᠤᠮᠳᠠᠳᠤ ᠮᠣᠩᠭᠤᠯ ᠤᠨ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠠᠮᠤᠷ ᠲᠦᠪᠰᠢᠨ᠂ ᠳᠥᠭᠦᠮ ᠳᠥᠲᠡ ᠵᠠᠮ ᠬᠠᠷᠢᠯᠴᠠᠭᠠᠨ ᠤ ᠦᠢᠯᠡᠴᠢᠯᠡᠭᠡ ᠬᠠᠨᠭ᠍ᠭᠠᠵᠤ᠂ ᠡᠷᠬᠡ ᠲᠡᠭᠰᠢ ᠬᠠᠷᠢᠯᠴᠠᠨ ᠠᠰᠢᠭᠲᠠᠶ ᠪᠠᠶᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠴᠢᠭᠯᠡᠯᠲᠡ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号