ᠰᠢᠯᠢᠩᠬᠤᠲᠠ  — ᠤᠯᠠᠭᠠᠨᠬᠤᠲᠠ ᠬᠦᠷᠬᠦ ᠠᠩᠬᠠᠨ ᠤ ᠡᠭᠡᠯᠵᠢ ᠶᠢᠨ ᠠᠶᠠᠨᠴᠢᠨ ᠤ ᠭᠠᠯᠲᠤ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2016/1/5
      ᠰᠢᠯᠢᠩᠬᠤᠲᠠ  — ᠤᠯᠠᠭᠠᠨᠬᠤᠲᠠ ᠬᠦᠷᠬᠦ ᠠᠶᠠᠨᠴᠢᠨ ᠤ ᠭᠠᠯᠲᠤ ᠲᠡᠷᠭᠡ K2013/2014  ︵ᠬᠥᠬᠡᠬᠤᠲᠠ ᠶᠢᠨ ᠵᠡᠭᠦᠨ ᠥᠷᠲᠡᠭᠡ — ᠤᠯᠠᠭᠠᠨᠬᠤᠲᠠ︶ 12 ᠰᠠᠷ᠎ᠠ ᠶᠢᠨ 28᠎ ᠤ ᠡᠳᠦᠷ ᠵᠢᠩᠬᠢᠨᠢ ᠪᠠᠷ ᠨᠡᠪᠲᠡᠷᠡᠪᠡ᠃ ᠲᠤᠰ ᠭᠠᠯᠲᠤ ᠲᠡᠷᠭᠡ ᠨᠢ ᠬᠥᠬᠡᠬᠤᠲᠠ ᠶᠢᠨ ᠵᠡᠭᠦᠨ ᠥᠷᠲᠡᠭᠡ ᠠᠴᠠ ᠡᠬᠢᠯᠡᠨ᠂ ᠤᠯᠠᠭᠠᠨᠴᠠᠪ᠂ ᠰᠢᠯᠢᠩᠬᠤᠲᠠ᠂ ᠬᠤᠤᠯᠢᠩᠭᠤᠣᠯ ᠢ ᠳᠠᠭᠠᠷᠢᠨ ᠤᠯᠠᠭᠠᠨᠬᠤᠲᠠ ᠬᠦᠷᠦᠨ᠎ᠡ᠂ ᠪᠦᠬᠦ ᠵᠠᠮ ᠤᠨ ᠤᠷᠲᠤ ᠨᠢ 1313 ᠺᠢᠯᠣᠮᠧᠲᠷ᠂ 20 ᠴᠠᠭ 28 ᠮᠢᠨᠦ᠋ᠲ ᠠᠶᠠᠯᠠᠵᠤ᠂12 ᠥᠷᠲᠡᠭᠡ ᠶᠢ ᠥᠩᠭᠡᠷᠡᠨ᠎ᠡ᠃ ᠲᠤᠰ ᠭᠠᠯᠲᠤ ᠲᠡᠷᠭᠡ ᠶᠢᠨ ᠨᠡᠪᠲᠡᠷᠡᠭᠰᠡᠨ ᠨᠢ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠮᠠᠰᠢ ᠳᠥᠭᠦᠮ ᠦᠵᠡᠭᠦᠯᠵᠦ᠂ ᠵᠠᠮ ᠳᠠᠭᠠᠤ ᠠᠷᠠᠳ ᠲᠦᠮᠡᠨ ᠤ ᠶᠠᠪᠤᠵᠤ ᠰᠠᠭᠤᠬᠤ ᠠᠷᠭ᠎ᠠ ᠵᠠᠮ ᠢ ᠥᠷᠭᠡᠵᠢᠭᠦᠯᠪᠡ᠃ ᠡᠭᠦᠨ ᠤ ᠬᠠᠮᠲᠤ ᠵᠠᠮ ᠳᠠᠭᠠᠤ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠦᠢᠯᠡᠰ ᠢ ᠠᠬᠢᠭᠤᠯᠬᠤ ᠳᠤ ᠪᠣᠳᠠᠲᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰ ᠡᠭᠡᠯᠵᠢ ᠶᠢᠨ ᠰᠢᠯᠢᠩᠬᠤᠲᠠ  — ᠤᠯᠠᠭᠠᠨᠬᠤᠲᠠ ︵ᠰᠢᠯᠢᠩᠬᠤᠲᠠ ᠠᠴᠠ ᠤᠯᠠᠭᠠᠨᠬᠤᠲᠠ︶ ᠬᠦᠷᠬᠦ ᠠᠶᠠᠨᠴᠢᠨ ᠤ ᠭᠠᠯᠲᠤ ᠲᠡᠷᠭᠡ ᠶᠢᠨ ᠨᠡᠪᠲᠡᠷᠡᠭᠰᠡᠨ ᠨᠢ ᠰᠢᠯᠢᠩᠬᠤᠲᠠ ᠠᠴᠠ ᠤᠯᠠᠭᠠᠨᠬᠤᠲᠠ ᠬᠦᠷᠬᠦ ᠠᠶᠠᠨᠴᠢᠨ ᠤ ᠭᠠᠯᠲᠤ ᠲᠡᠷᠭᠡ ᠨᠡᠪᠲᠡᠷᠡᠬᠦ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠣᠶᠢᠯᠭᠠᠭᠰᠠᠨ ᠢᠶᠠᠷ᠂ ᠰᠢᠯᠢᠩᠬᠤᠲᠠ ᠠᠴᠠ ᠤᠯᠠᠭᠠᠨᠬᠤᠲᠠ ᠬᠦᠷᠬᠦ ᠲᠡᠮᠦᠷ ᠵᠠᠮ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 2008 ᠣᠨ ᠤ 10 ᠳ᠋ᠤᠭᠠᠷ ᠰᠠᠷ᠎ᠠ ᠳᠤ ᠵᠥᠪᠰᠢᠶᠡᠷᠡᠨ ᠪᠠᠶᠢᠭᠤᠯᠤᠭᠰᠠᠨ᠂ ᠤᠯᠤᠰ ᠤᠨ 1 ᠳ᠋ᠤᠭᠠᠷ ᠳᠡᠰ ᠤᠨ ᠲᠡᠮᠦᠷ ᠵᠠᠮ ᠤᠨ ᠱᠤᠭᠤᠮ ᠪᠣᠯᠣᠨ᠎ᠠ᠃ ᠰᠢᠯᠢᠩᠬᠤᠲᠠ ᠠᠴᠠ ᠤᠯᠠᠭᠠᠨᠬᠤᠲᠠ ᠬᠦᠷᠬᠦ ᠲᠡᠮᠦᠷ ᠵᠠᠮ ᠤᠨ ᠪᠦᠬᠦ ᠤᠷᠲᠤ ᠨᠢ 651 ᠺᠢᠯᠣᠮᠧᠲᠷ᠂ ᠥᠪᠥᠷ ᠮᠣᠩᠭᠤᠯ ᠤᠨ ᠳᠤᠮᠳᠠ ᠵᠡᠭᠦᠨ ᠪᠡᠶ᠎ᠡ᠂ ᠰᠢᠯᠢ ᠶᠢᠨ ᠭᠤᠣᠯ ᠠᠶᠢᠮᠠᠭ᠂ ᠲᠦᠩᠯᠢᠶᠣᠣ ᠬᠤᠲᠠ᠂ ᠬᠢᠩᠭᠠᠨ ᠠᠶᠢᠮᠠᠭ ᠵᠡᠷᠭᠡ 3 ᠠᠶᠢᠮᠠᠭ ᠬᠤᠲᠠ ᠪᠠᠷ ᠨᠡᠪᠲᠡᠷᠡᠵᠦ᠂ ᠬᠠᠮᠤᠭ ᠲᠦᠷᠭᠡᠨ ᠠᠶᠠᠯᠠᠬᠤ ᠬᠤᠷᠳᠤᠴᠠ ᠨᠢ 120 ᠺᠢᠯᠣᠮᠧᠲᠷ᠂ ᠵᠢᠯ ᠤᠨ ᠪᠠᠷᠠᠭ᠎ᠠ ᠲᠡᠭᠡᠭᠡᠬᠦ ᠬᠡᠮᠵᠢᠶ᠎ᠡ ᠶᠢ ᠵᠢᠱᠢᠭᠰᠡᠨ ᠢᠶᠠᠷ 500 ᠲᠤᠨ ᠠᠴᠠ ᠳᠡᠭᠡᠭᠰᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠪᠡᠶ᠎ᠡ ᠶᠢᠨ ᠣᠷᠣᠨ ᠵᠠᠢ ᠶᠢ ᠣᠶᠢᠷᠠᠲᠤᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢ ᠲᠦᠷᠭᠡᠳᠬᠡᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号