ᠬᠥᠯᠥᠨ ᠪᠤᠶᠢᠷ ᠬᠤᠳᠠ ᠶᠢᠨ 2015 ᠣᠨ ᠤ ᠠᠷᠠᠳ ᠤᠨ ᠠᠮᠢᠳᠤᠷᠠᠯ ᠤᠨ ᠵᠠᠷᠤᠯᠭ᠎ᠠ 254 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2016/1/6
     2015 ᠣᠨ ᠳᠤ᠂ ᠬᠥᠯᠥᠨ ᠪᠤᠶᠢᠷ ᠬᠤᠳᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠯᠢᠩ᠂ ᠪᠠᠶᠢᠭᠤᠯᠤᠮᠵᠢ ᠶᠢᠨ ᠡᠷᠭᠢᠯᠲᠡ ᠵᠡᠷᠭᠡ ᠪᠠᠲᠤᠯᠠᠭᠠᠲᠤ ᠴᠢᠨᠠᠷᠲᠠᠶ ᠵᠠᠷᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠣᠭᠤᠰ ᠮᠥᠩᠭᠦ ᠶᠢ ᠲᠥᠪᠯᠡᠷᠡᠭᠦᠯᠵᠦ ᠪᠠᠶᠢᠭᠠᠳ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠭᠤᠷᠠᠶ ᠲᠠᠯ᠎ᠠ ᠲᠡᠰᠢ ᠬᠡᠯᠪᠡᠶᠢᠯᠭᠡᠪᠡ᠃ 2015 ᠣᠨ ᠳᠤ ᠬᠥᠯᠥᠨ ᠪᠤᠶᠢᠷ ᠬᠤᠳᠠ ᠶᠢᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 380.77 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 9.26% ᠨᠡᠮᠡᠭᠳᠡᠪᠡ᠃ ᠡᠭᠦᠨ ᠳᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠡᠶ᠎ᠡ ᠶᠢᠨ ᠲᠠᠮᠢᠷ ᠪᠣᠯᠤᠨ ᠵᠠᠭᠤᠴᠢᠯᠠᠭᠤᠷ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠲᠠᠷᠢᠶᠠᠯᠠᠩ ᠤᠢ ᠰᠢᠭᠤᠶ ᠤᠰᠤᠨ ᠠᠰᠢᠭᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠳᠡ254.12 ᠳ᠋ᠦᠩᠰᠢᠭᠤᠷ ᠲᠥᠭᠦᠷᠢᠭ ᠲᠤ ᠬᠦᠷᠴᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 39.65 ᠳ᠋ᠦᠩᠰᠢᠭᠤᠷ ᠲᠥᠭᠦᠷᠢᠭ ᠨᠡᠮᠡᠭᠳᠡᠵᠦ᠂ 18.49% ᠦᠰᠴᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 66.74%᠎ ᠶᠢ ᠡᠵᠡᠯᠡᠵᠦ᠂ ᠦᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 5.20% ᠳᠡᠭᠡᠭᠰᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号