ᠤᠤᠭᠤᠬᠤ ᠤᠰᠤᠨ ᠤ ᠡᠬᠢ ᠰᠤᠷᠪᠤᠯᠵᠢ ᠶᠢᠨ ᠣᠰᠣᠨ ᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ ︿ᠤᠯᠠᠭᠠᠨᠬᠠᠳᠠ | ᠬᠤᠲᠠ ᠶᠢᠨ ᠠᠵᠤ ᠠᠬᠤᠢ ᠠᠮᠢ ᠠᠬᠤᠢ ᠵᠢᠴᠢ ᠨᠡᠶᠢᠭᠡᠮ ᠠᠵᠢᠯ ᠦᠢᠯᠡᠰ ᠤᠨ ᠬᠦᠷᠢᠶᠡᠨ ᠲᠠᠬᠢ | ᠥᠭᠡᠷᠡᠴᠢᠯᠡᠯᠲᠡ ᠶᠢᠨ 2015 ᠣᠨ ᠤ ᠠᠵᠢᠯ ᠤᠨ ᠲᠣᠬᠢᠷᠠᠭᠤᠯᠤᠯᠲᠠ﹀ ᠶᠢᠨ ᠲᠤᠬᠠᠢ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠰᠣᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶ᠎ᠠ ︽ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠲᠥᠪᠯᠡᠷᠡᠭᠰᠡᠨ ᠤᠤᠭᠤᠬᠤ ᠤᠰᠤᠨ ᠤ ᠡᠬᠢ | ᠰᠤᠷᠪᠤᠯᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠥᠯᠥᠪᠵᠢᠭᠦᠯᠭᠡ ︵2016 —2025 ᠣᠨ︶︾ ︵ᠡᠬᠡ | ᠨᠣᠣᠷᠠᠭ︶ ᠶᠢ ᠨᠠᠶᠢᠷᠠᠭᠤᠯᠤᠨ ᠵᠣᠬᠢᠶᠠᠨ ᠳᠠᠭᠤᠰᠴᠤ᠂ ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠰᠲ᠋ᠧᠮ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠬᠡᠰᠡᠭ ᠮᠡᠷᠭᠡᠵᠢᠯᠲᠡᠨ | ᠵᠡᠷᠭᠡ ᠭᠤᠷᠪᠠᠨ ᠳᠠᠪᠬᠤᠷᠭ᠎ᠠ ᠠᠴᠠ ᠰᠠᠨᠠᠯ ᠬᠤᠷᠢᠶᠠᠵᠤ᠂ ᠰᠠᠨᠠᠯ ᠬᠤᠷᠢᠶᠠᠭᠰᠠᠨ ᠨᠣᠣᠷᠠᠭ ᠪᠣᠯᠭᠠᠭᠰᠠᠨ ᠤ ᠳᠠᠷᠠᠭ᠎ᠠ᠂ | ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠣᠰᠣᠨ ᠠᠰᠢᠭᠯᠠᠯᠲᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠪᠣᠯᠣᠨ ᠲᠥᠯᠥᠪᠯᠡᠭᠡᠲᠦ ᠦᠷᠡᠵᠢᠯ ᠤᠨ ᠵᠥᠪᠯᠡᠯ᠂ ᠤᠯᠤᠰ ᠤᠨ ᠭᠠᠵᠠᠷ ᠰᠢᠷᠤᠢ | ᠡᠬᠢ ᠪᠠᠶᠠᠯᠢᠭ ᠤᠨ ᠲᠣᠪᠴᠢᠶ᠎ᠠ᠂ ᠲᠥᠯᠥᠪᠵᠢᠭᠦᠯᠭᠡ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠪᠠᠷ | ᠭᠠᠷ ᠤᠨ ᠦᠰᠦᠭ ᠵᠢᠷᠤᠵᠤ ᠬᠢᠨᠠᠨ ᠲᠣᠭᠲᠠᠭᠠᠭᠠᠳ᠂ ︽ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ | ᠲᠥᠪᠯᠡᠷᠡᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠥᠯᠥᠪᠵᠢᠭᠦᠯᠭᠡ | ︵2016 —2025 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠳᠥᠭᠦᠮᠴᠢᠯᠡᠨ᠎ᠡ︶ ᠶᠢ | ᠪᠦᠷᠢᠯᠳᠦᠭᠦᠯᠪᠡ᠃ ᠣᠳᠣᠬᠠᠨ ᠳᠤ ︽ᠲᠥᠯᠥᠪᠵᠢᠭᠦᠯᠭᠡ︾ ᠶᠢ ᠬᠤᠲᠠ ᠶᠢᠨ ᠵᠠᠰᠠᠭ ᠤᠨ ᠣᠷᠳᠣᠨ ᠤ ᠠᠯᠪᠠᠨ | ᠲᠢᠩᠬᠢᠮ ᠳᠤ ᠮᠡᠳᠡᠭᠦᠯᠪᠡ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠷᠤᠮᠠᠯᠯᠠᠨ ᠲᠠᠷᠬᠠᠭᠠᠬᠤ ᠪᠠᠷ ᠵᠢᠱᠢᠵᠦ ᠪᠣᠢ᠃ | ︽ᠲᠥᠯᠥᠪᠵᠢᠭᠦᠯᠭᠡ︾ ᠨᠢ ᠣᠰᠣᠨ ᠤ ᠡᠬᠢ ᠰᠤᠷᠪᠤᠯᠵᠢ ᠶᠢᠨ ᠪᠣᠳᠠᠲᠠᠢ ᠪᠠᠶᠢᠳᠠᠯ ᠪᠠ ᠣᠷᠣᠰᠢᠵᠤ ᠪᠠᠶᠢᠭ᠎ᠠ | ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠯᠡᠵᠦ᠂ ᠣᠶᠢᠷ᠎ᠠ ᠶᠢᠨ ᠬᠤᠭᠤᠴᠠᠭ᠎ᠠ᠂ ᠠᠯᠤᠰ ᠤᠨ ᠬᠤᠭᠤᠴᠠᠭ᠎ᠠ | ᠬᠤᠶᠠᠷ ᠱᠠᠲᠤ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠠᠵᠤ᠂ 8 ᠵᠦᠢᠯ ᠤᠨ ᠭᠤᠣᠯ ᠡᠭᠦᠷᠭᠡ ᠶᠢ ᠨᠤᠲᠠᠯᠠᠨ | ᠲᠣᠭᠲᠠᠭᠠᠵᠤ᠂ ᠣᠰᠣᠨ ᠤ ᠡᠬᠢ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠂ | ᠬᠠᠮᠠᠭᠠᠯᠠᠯᠲᠠ ᠶᠢᠨ ᠣᠷᠣᠨ ᠢ ᠢᠯᠭᠠᠬᠤ ᠪᠦᠲᠦᠭᠡᠨ ᠪᠠᠶᠢᠭᠤᠯᠤᠯᠲᠠ᠂ ᠰᠡᠷᠭᠡᠶᠢᠯᠡᠯᠲᠡ ᠬᠠᠮᠠᠭᠠᠯᠠᠯᠲᠠ ᠶᠢᠨ | ᠲᠤᠰᠠᠭᠠᠷᠯᠠᠬᠤ ᠢᠨᠵᠧᠨᠧᠷᠢᠩ᠂ ᠣᠰᠣᠨ ᠤ ᠡᠬᠢ ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ | ᠣᠷᠣᠨ ᠤ ᠪᠣᠬᠢᠷᠳᠣᠯ ᠤᠨ ᠡᠭᠦᠰᠦᠯ ᠢ ᠴᠡᠭᠴᠡᠯᠡᠬᠦ ᠢᠨᠵᠧᠨᠧᠷᠢᠩ᠂ ᠣᠰᠣᠨ ᠤ ᠡᠬᠢ ᠰᠤᠷᠪᠤᠯᠵᠢ ᠶᠢᠨ ᠬᠤᠶᠠᠳᠤᠭᠠᠷ | ᠳᠡᠰ ᠤᠨ ᠬᠠᠮᠠᠭᠠᠯᠠᠯᠲᠠ ᠶᠢᠨ ᠣᠷᠣᠨ ᠤ ᠪᠣᠬᠢᠷᠳᠣᠯ ᠤᠨ ᠡᠭᠦᠰᠦᠯ ᠢ ᠴᠡᠭᠴᠡᠯᠡᠬᠦ ᠢᠨᠵᠧᠨᠧᠷᠢᠩ ᠪᠠ ᠣᠰᠣᠨ ᠤ | ᠡᠬᠢ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ 5 ᠶᠡᠭᠡ ᠲᠥᠷᠥᠯ ᠤᠨ 54 | ᠵᠦᠢᠯ ᠤᠨ ᠭᠤᠣᠯᠳᠠᠯᠭᠠᠲᠤ ᠢᠨᠵᠧᠨᠧᠷᠢᠩ ᠢ ᠲᠥᠯᠥᠪᠵᠢᠭᠦᠯᠵᠦ᠂ ᠣᠶᠢᠷ᠎ᠠ ᠶᠢᠨ ᠬᠤᠭᠤᠴᠠᠭᠠᠨ ᠤ ᠢᠨᠵᠧᠨᠧᠷᠢᠩ ᠳᠤ | 159681 ᠲᠦᠮᠡᠨ ᠲᠥᠭᠦᠷᠢᠭ ᠤᠨ ᠶᠡᠷᠦᠩᠬᠡᠢ ᠪᠡᠯᠡ ᠣᠷᠣᠭᠤᠯᠬᠤ ᠪᠠᠷ ᠪᠠᠶᠢᠨ᠎ᠠ᠃ |