ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠨᠥᠬᠦᠴᠡᠯ ᠲᠠᠢ ᠬᠦᠷᠢᠶᠡᠨ ᠳᠤ ᠰᠠᠯᠠᠭ᠎ᠠ ᠮᠥᠴᠢᠷ ᠠᠯᠤᠰᠯᠠᠭᠰᠠᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠶᠠᠪᠤᠭᠳᠠᠭᠤᠯᠬᠤ ᠲᠤᠬᠠᠢ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠬᠢ ᠪᠠᠶᠠᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠦᠨ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠲᠠ᠂ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ | ᠭᠠᠵᠠᠷ ᠣᠷᠣᠨ ᠠᠯᠤᠰᠯᠠᠵᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠤᠷᠰᠢᠯᠲᠠ ᠶᠢᠨ ᠴᠢᠬ ᠤᠨ ᠨᠢᠭᠡᠴᠡ ᠶᠢ ᠪᠠᠶᠢᠭᠤᠯᠬᠤ ᠪᠠᠷ ᠲᠣᠭᠲᠠᠭᠰᠠᠨ ᠪᠥᠭᠡᠳ ᠡᠮᠦᠨᠡᠬᠡᠨ ︽ᠤᠯᠠᠭᠠᠨᠴᠠᠪ | ᠬᠤᠲᠠ ᠶᠢᠨ ᠭᠠᠵᠠᠷ ᠣᠷᠣᠨ ᠠᠯᠤᠰᠯᠠᠵᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠤᠷᠰᠢᠯᠲᠠ ᠶᠢᠨ ᠴᠢᠭ᠋ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠵᠤ | ᠳᠣᠷᠣᠭᠰᠢ ᠲᠠᠷᠬᠠᠭᠠᠪᠠ᠃ | ︽ᠲᠥᠰᠦᠯ︾ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠭᠤᠯᠴᠢᠯᠠᠯ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠥᠷᠪᠡᠳ ᠬᠤᠰᠢᠭᠤᠨ ᠤ ᠬᠤᠳᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠥᠪᠥᠷ | ᠮᠣᠩᠭᠤᠯ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠤᠯᠠᠭᠠᠨᠴᠠᠪ ᠲᠠᠬᠢ ᠬᠤᠪᠢᠶᠠᠷᠢ ᠲᠣᠪᠴᠢᠶ᠎ᠠ ᠵᠢᠴᠢ ᠬᠤᠳᠠ ᠶᠢᠨ ᠰᠣᠶᠣᠯ ᠤᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠶᠢ ᠲᠤᠰ ᠤᠳᠠᠭᠠᠨ ᠤ ᠣᠷᠣᠨ ᠠᠯᠤᠰᠯᠠᠵᠤ ᠰᠠᠯᠠᠭ᠎ᠠ ᠮᠥᠴᠢᠷ ᠠᠯᠤᠰᠯᠠᠭᠰᠠᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠷᠰᠢᠯᠲᠠ ᠶᠢᠨ ᠴᠢᠬ ᠤᠨ ᠨᠢᠭᠡᠴᠡ ᠪᠠᠷ ᠲᠣᠭᠲᠠᠭᠠᠬᠤ ᠬᠠᠮᠲᠤ | ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠬᠦ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠬᠢᠭᠡᠳ ᠬᠡᠷᠡᠭᠵᠢᠭᠦᠯᠬᠦ | ᠠᠯᠬᠤᠮ ᠲᠠᠷᠠᠭ᠎ᠠ ᠶᠢ ᠪᠣᠳᠠᠲᠠᠶ ᠵᠠᠭᠠᠭᠯᠠᠨ ᠲᠣᠭᠲᠠᠭᠠᠭᠰᠠᠨ ᠪᠠᠶᠢᠨ᠎ᠠ᠃ | ︽ᠲᠥᠰᠦᠯ︾ ᠳᠤ ᠱᠠᠭᠠᠷᠳᠠᠭᠰᠠᠨ ᠨᠢ᠂ ᠲᠤᠷᠰᠢᠯᠲᠠ ᠶᠢᠨ ᠴᠢᠭ᠋ ᠤᠨ ᠶᠠᠪᠤᠴᠠ ᠳᠤᠮᠳᠠ ᠡᠷᠬᠡ | ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠨᠢᠭᠡᠳᠦᠯᠲᠡᠶ | ᠲᠥᠯᠥᠪᠯᠡᠨ ᠠᠬᠢᠭᠤᠯᠬᠤ᠂ ᠨᠢᠬᠡᠲᠦᠯᠲᠡᠢ ᠴᠣᠮᠬᠠᠳᠬᠠᠬᠤ᠂ ᠬᠠᠤᠯᠢ ᠶᠣᠰᠣᠭᠠᠷ ᠲᠦᠯᠬᠢᠨ ᠠᠬᠢᠭᠤᠯᠬᠤ ᠵᠡᠷᠭᠡ | ᠦᠨᠳᠦᠰᠦᠨ ᠵᠠᠷᠴᠢᠮ ᠢ ᠴᠢᠩᠭ᠎ᠠ ᠵᠢᠷᠤᠮᠯᠠᠨ᠂ ᠭᠠᠵᠠᠷ ᠣᠷᠣᠨ ᠠᠯᠤᠰᠯᠠᠵᠤ ᠰᠠᠯᠠᠭ᠎ᠠ ᠮᠥᠴᠢᠷ ᠠᠯᠤᠰᠯᠠᠭᠰᠠᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠡᠷᠬᠡ ᠮᠡᠳᠡᠯ ᠤᠨ | ᠬᠡᠪᠴᠢᠶ᠎ᠡ ᠶᠢ ᠵᠦᠢ ᠵᠣᠬᠢᠰᠲᠠᠶ ᠵᠠᠭᠠᠭᠯᠠᠨ ᠲᠣᠭᠲᠠᠭᠠᠵᠤ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠡᠮᠬᠢᠯᠡᠨ | ᠨᠡᠶᠢᠯᠡᠭᠦᠯᠵᠦ᠂ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠦᠭᠡᠢ ᠣᠷᠣᠨ | ᠪᠦᠰᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ ᠱᠠᠭᠠᠷᠳᠠᠯᠭ᠎ᠠ ᠶᠣᠰᠤᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ | ᠲᠣᠬᠢᠷᠠᠭᠤᠯᠬᠤ ᠶᠢᠨ ᠬᠠᠮᠲᠤ ︽ᠴᠣᠮᠬᠠᠳᠬᠠᠬᠤ ᠨᠢᠭᠡᠳᠬᠡᠬᠦ ᠦᠷ᠎ᠡ ᠪᠦᠲᠦᠮᠵᠢᠲᠡᠶ ᠲᠠᠢ ᠪᠠᠶᠢᠯᠭᠠᠬᠤ︾ ᠵᠠᠷᠴᠢᠮ | ᠶᠣᠰᠣᠭᠠᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠨ ᠤ ᠣᠷᠣᠨ ᠲᠤᠭ᠎ᠠ ᠶᠢ | ᠴᠢᠩᠭ᠎ᠠ ᠬᠢᠵᠠᠭᠠᠷᠯᠠᠬᠤ ᠤᠷᠢᠲᠠᠯ ᠳᠣᠣᠷ᠎ᠠ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠶᠢᠨ ᠬᠠᠤᠯᠢ | ᠬᠡᠷᠡᠭᠵᠢᠭᠦᠯᠬᠦ ᠠᠵᠢᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠶ ᠭᠡᠪᠡ᠃ | ︽ᠲᠥᠰᠦᠯ︾ ᠳᠤ ᠴᠢᠬᠤᠯᠠᠴᠢᠯᠠᠭᠰᠠᠨ ᠨᠢ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠡᠷᠬᠡ ᠶᠢᠨ | ᠨᠠᠷᠢᠨ ᠳᠠᠩᠰᠠ ᠪᠣᠯᠤᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠳᠦᠷᠢᠮ᠂ ᠬᠠᠤᠯᠢ ᠬᠡᠷᠡᠭᠵᠢᠭᠦᠯᠬᠦ ᠳᠡᠰ | ᠳᠠᠷᠠᠭᠠᠯᠠᠯ ᠤᠨ ᠳᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠰᠢᠢᠳᠪᠦᠷᠢᠯᠡᠬᠦ ᠲᠦᠷᠢᠮ᠂ ᠴᠢᠬᠤᠯᠠ | ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ | ᠬᠢᠬᠦ ᠲᠦᠷᠢᠮ ᠪᠣᠯᠣᠨ ᠴᠢᠬᠤᠯᠡ ᠶᠡᠭᠡ ᠨᠠᠷᠢᠨ ᠪᠤᠳᠤᠯᠢᠶᠠᠨᠲᠠᠶ ᠬᠡᠷᠡᠭ ᠢ ᠬᠠᠮᠲᠤ ᠪᠠᠷ ᠶᠠᠷᠢᠯᠴᠠᠬᠤ ᠲᠦᠷᠢᠮ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ ᠵᠢᠴᠢ ᠲᠤᠷᠰᠢᠯᠲᠠ ᠶᠢᠨ ᠴᠢᠭ᠋ ᠤᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠ ᠴᠢᠩᠭ᠎ᠠ ᠬᠡᠷᠡᠭᠵᠢᠭᠦᠯᠬᠦ | ᠬᠡᠷᠡᠭᠲᠡᠢ︔ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠬᠦᠴᠦᠨ ᠤ ᠲᠣᠬᠢᠷᠠᠭᠤᠯᠤᠯᠲᠠ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠤᠰᠠᠯᠠᠬᠤ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠳᠦᠷᠢᠮ ᠢ | ᠲᠡᠭᠦᠯᠳᠡᠷᠵᠢᠭᠦᠯᠵᠦ᠂ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ | ᠡᠷᠴᠢᠮ ᠢ ᠨᠡᠮᠡᠭᠳᠡᠭᠦᠯᠦᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠭᠡᠷᠡᠯ ᠭᠡᠭᠡ ᠲᠠᠢ ᠢᠯᠡ ᠲᠣᠳᠣ᠂ ᠵᠢᠷᠣᠮᠵᠢᠭᠤᠨ | ᠥᠨᠳᠥᠷ ᠪᠦᠲᠦᠮᠵᠢᠲᠡᠶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ ᠲᠦᠷᠭᠡᠨ | ᠪᠠᠶᠢᠭᠤᠯᠬᠤ ᠬᠡᠷᠡᠭᠲᠡᠢ ᠭᠡᠪᠡ᠃ | | |