| | | 10 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠦᠪᠡᠷᠳᠡᠭᠡᠨ ᠵᠠᠰᠠᠬᠤ ᠤᠷᠤᠨ ᠤ ᠲᠦᠯᠦᠪᠯᠡᠭᠡᠳᠦ | ᠦᠷᠡᠵᠢᠯ ᠤᠨ ᠠᠵᠢᠯ ᠤᠨ ᠨᠡᠶᠢᠭᠡᠮᠯᠢᠭ ᠤᠨ ᠳᠠᠪᠤᠳᠤᠭᠠᠷ ᠤᠳᠠᠭᠠᠨ ᠤ ᠭᠡᠰᠢᠬᠦᠳ ᠤᠨ ᠲᠦᠯᠦᠭᠡᠯᠡᠭᠴᠢᠳ ᠤᠨ ᠶᠡᠭᠡ | ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠳᠡᠭᠡᠷ᠎ᠡ ᠨᠢᠭᠡ ᠬᠤᠭᠤᠴᠠᠭᠠᠨ ᠤ ᠦᠪᠡᠷᠳᠡᠭᠡᠨ ᠵᠠᠰᠠᠬᠤ | ᠤᠷᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ ᠠᠵᠢᠯ ᠢ ᠳ᠋ᠦᠩᠨᠡᠬᠦ ᠶᠢᠨ ᠬᠠᠮᠳᠤ | ᠬᠤᠶᠢᠰᠢᠳᠠ ᠶᠢᠨ ᠲᠠᠪᠤᠨ ᠵᠢᠯ ᠤᠨ ᠠᠵᠢᠯ ᠢᠶᠠᠨ ᠪᠠᠶᠢᠷᠢᠯᠠᠭᠤᠯᠤᠭᠰᠠᠨ ᠪᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ | ᠯᠢᠨ ᠲᠤᠰᠪᠤᠷᠢ ᠶᠡᠭᠡ ᠬᠤᠷᠠᠯ ᠤᠨ ᠬᠤᠷᠠᠯᠳᠤᠭᠰᠠᠨ ᠳᠤ ᠴᠢᠬᠤᠯᠠ ᠴᠤᠬᠤᠯᠠᠪᠤᠷᠢ ᠦᠭᠴᠦ᠂ ᠦᠪᠡᠷᠳᠡᠭᠡᠨ ᠵᠠᠰᠠᠬᠤ | ᠤᠷᠤᠨ ᠤ ᠳᠡᠳ᠋ ᠲᠡᠷᠢᠬᠦᠯᠡᠭᠴᠢ ᠯᠢᠤ ᠰᠢᠨ ᠯᠧ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠳᠡᠳ᠋ ᠲᠡᠷᠢᠬᠦᠯᠡᠭᠴᠢ ᠶᠠᠩ ᠴᠧᠩ ᠸᠠᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠠᠢ᠃ | ᠯᠢ ᠵᠢᠢ ᠾᠧᠩ ᠴᠤᠬᠤᠯᠠᠪᠤᠷᠢ ᠳᠠᠭᠠᠨ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠬᠡᠨ᠂ | ᠬᠦᠬᠢᠬᠦᠯᠤᠨ ᠱᠠᠩᠨᠠᠭᠳᠠᠭᠰᠠᠨ ᠲᠡᠷᠢᠬᠦᠨ ᠤ ᠬᠠᠮᠳᠤ ᠨᠠᠶᠢᠳᠡ ᠪᠠ ᠬᠤᠪᠢ ᠬᠦᠮᠦᠨ ᠳᠤ ᠡᠷᠬᠢᠮ ᠬᠦᠨᠳᠤᠳᠬᠡᠯ | ᠲᠠᠪᠰᠢᠬᠦᠯᠵᠤ᠂ ᠪᠦᠬᠦ ᠤᠷᠤᠨ ᠤ ᠲᠦᠯᠦᠪᠯᠡᠬᠡᠳᠤ ᠦᠷᠡᠵᠢᠯ ᠤᠨ ᠠᠵᠢᠯ ᠤᠨ ᠨᠡᠶᠢᠬᠡᠮᠯᠢᠭ ᠤᠨ ᠦᠷᠬᠡᠨ ᠤᠯᠠᠨ | ᠬᠡᠰᠢᠬᠦᠨ᠂ ᠰᠠᠶᠢᠨ ᠲᠤᠷᠠᠴᠤᠤᠯ ᠪᠠ ᠠᠵᠢᠯᠯᠠᠭᠴᠢ ᠳᠤ ᠴᠢᠩ ᠰᠡᠳᠬᠢᠯ ᠤᠨ ᠮᠡᠨᠳᠤᠴᠢᠯᠡᠯ ᠬᠦᠷᠬᠡᠭᠰᠡᠨ ᠪᠠᠶᠢᠨ᠎ᠠ᠃ | ᠯᠢ ᠵᠢᠢ ᠡᡁᠧᠩ ᠴᠤᠬᠤᠯᠠᠪᠤᠷᠢ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ | ᠰᠠᠶᠢᠳ ᠯᠢ ᠺᠧ ᠴᠢᠶᠠᠩ ᠳᠤᠮᠳᠠᠳᠦ ᠤᠯᠤᠰ ᠤᠨ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ | ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠭᠡᠰᠢᠬᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠷᠠᠯᠳᠤᠬᠤ ᠲᠠᠰᠢᠷᠠᠮ ᠳᠤ ᠴᠢᠬᠤᠯᠠ ᠵᠢᠭᠠᠪᠤᠷᠢ ᠪᠤᠯᠤᠨ ᠴᠤᠬᠤᠯᠠᠪᠤᠷᠢ ᠦᠭᠬᠦᠭᠰᠡᠨ ᠨᠢ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠦᠯᠦᠪᠯᠡᠭᠡᠳᠦ ᠦᠷᠡᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ | ᠬᠦᠨᠳᠦᠳᠬᠡᠨ ᠦᠵᠡᠵᠦ ᠪᠠᠶᠢᠭ᠎ᠠ ᠶᠢ ᠬᠠᠷᠠᠭᠤᠯᠵᠦ᠂ ᠰᠢᠨ᠎ᠡ ᠴᠠᠭ ᠦᠶ᠎ᠡ ᠶᠢᠨ ᠲᠦᠯᠦᠪᠯᠡᠭᠡᠳᠦ ᠦᠷᠡᠵᠢᠯ ᠤᠨ ᠠᠵᠢᠯ | ᠢ ᠰᠠᠶᠢᠳᠤᠷ ᠬᠢᠬᠦ ᠳᠤ ᠦᠨᠳᠦᠰᠦᠨ ᠵᠢᠷᠤᠮᠯᠠᠯ ᠢ ᠬᠠᠩᠭᠠᠪᠠ᠃ ᠪᠢᠳᠡ ᠬᠢᠨᠠᠮᠠᠭᠠᠢ ᠰᠤᠷᠤᠯᠴᠠᠨ ᠬᠦᠨᠵᠡᠭᠡᠢ | ᠤᠢᠢᠯᠠᠭᠠᠵᠦ᠂ ᠮᠠᠨ ᠤ ᠤᠷᠤᠨ ᠤ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠵᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠭᠡᠷᠡᠭᠳᠠᠢ᠃ ᠤᠯᠠᠨ ᠵᠢᠯ ᠤᠨ ᠳᠤᠷᠰᠢ᠂ ᠦᠪᠡᠷᠳᠡᠭᠡᠨ ᠵᠠᠰᠠᠬᠤ | ᠤᠷᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠠᠴᠠ ᠶᠡᠭᠡ ᠬᠡᠮᠵᠢᠶᠡᠨ ᠤ ᠳᠤᠪᠤᠶᠢᠮ᠎ᠠ | ᠠᠮᠵᠢᠯᠳᠠ ᠲᠠᠢ ᠠᠵᠢᠯ ᠬᠢᠵᠦ᠂ ᠮᠠᠨ ᠤ ᠤᠷᠤᠨ ᠤ ᠲᠦᠯᠦᠪᠯᠡᠭᠡᠳᠦ ᠦᠷᠡᠵᠢᠯ ᠤᠨ ᠦᠢᠯᠡᠰ ᠲᠤ ᠢᠳᠡᠪᠬᠢ ᠬᠤᠪᠢ | ᠨᠡᠮᠡᠷᠢ ᠦᠵᠡᠬᠦᠯᠪᠡ᠃ ᠦᠪᠡᠷᠳᠡᠭᠡᠨ ᠵᠠᠰᠠᠬᠤ ᠤᠷᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ | ᠨᠡᠶᠢᠭᠡᠮᠯᠢᠭ ᠤᠨ ᠬᠢᠨ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠵᠦ᠂ ᠦᠷᠭᠡᠨ ᠤᠯᠠᠨ ᠠᠷᠠᠳ ᠲᠦᠮᠡᠨ ᠢ | ᠲᠠᠶᠢᠴᠢᠯᠠᠨ ᠵᠢᠯᠤᠭᠤᠳᠴᠦ ᠪᠠᠶᠢᠭᠠᠳ ᠲᠦᠯᠦᠪᠯᠡᠭᠡᠳᠦ ᠦᠷᠡᠵᠢᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠤᠬᠠᠭᠤᠯᠭ᠎ᠠ ᠬᠦᠮᠦᠵᠢᠯ᠂ ᠲᠤᠰᠬᠠᠢ ᠮᠡᠷᠭᠡᠵᠢᠯ ᠤᠨ ᠯᠠᠪᠯᠠᠯᠳᠠ᠂ ᠮᠡᠷᠭᠡᠵᠢᠯ ᠤᠨ | ᠦᠢᠯᠡᠴᠢᠯᠡᠭᠡ᠂ ᠲᠦᠯᠦᠪᠯᠡᠭᠡᠳᠦ ᠦᠷᠡᠵᠢᠯ ᠤᠨ ᠭᠡᠷ ᠪᠦᠯᠢ ᠶᠢ ᠬᠠᠮᠵᠢᠨ ᠳᠡᠳᠬᠦᠬᠦ ᠪᠤᠯᠤᠨ ᠡᠷᠭᠡ ᠠᠰᠢᠭ ᠢ | ᠬᠠᠮᠠᠭᠠᠯᠠᠬᠤ ᠵᠢᠴᠢ ᠶᠠᠪᠤᠭᠤᠯ ᠬᠦᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠳᠠ ᠵᠡᠷᠭᠡ ᠡᠯ᠎ᠡ ᠲᠦᠷᠦᠯ ᠤᠨ | ᠠᠵᠢᠯ ᠢ ᠦᠨᠡᠨᠬᠦ ᠰᠠᠶᠢᠳᠤᠷ ᠬᠢᠬᠦ ᠶᠢ ᠬᠦᠰᠡᠵᠦ ᠪᠠᠶᠢᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ | ᠤᠷᠳᠤᠨ ᠠᠴᠠ ᠡᠯ᠎ᠡ ᠱᠠᠳᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ ᠳᠤᠰᠢᠶᠠᠯ | ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠬᠦ ᠶᠢ ᠪᠦᠬᠦ ᠬᠦᠴᠦᠨ ᠢᠶᠠᠷ ᠳᠡᠮᠵᠢᠵᠦ᠂ ᠲᠦᠯᠦᠪᠯᠡᠭᠡᠳᠦ ᠦᠷᠡᠵᠢᠯ ᠤᠨ | ᠦᠨᠳᠦᠰᠦᠨ ᠤᠯᠤᠰ ᠤᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠮᠠᠨ ᠤ ᠤᠷᠤᠨ ᠤ ᠬᠦᠮᠦᠨ ᠠᠮᠠ ᠶᠢᠨ ᠤᠷᠳᠤ | ᠬᠤᠭᠤᠴᠠᠭᠠᠨ ᠤ ᠲᠡᠩᠴᠡᠬᠦᠷᠢᠳᠠᠢ ᠬᠦᠭᠵᠢᠯᠳᠡ ᠶᠢ ᠠᠬᠢᠭᠤᠯᠬᠤ᠂ ᠡᠷᠡᠬᠦᠯ ᠡᠩᠬᠡ ᠦᠪᠦᠷ ᠮᠤᠩᠭᠤᠯ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠬᠤ᠂ ᠪᠦᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠪᠡ᠃ | ᠪᠦ᠋ ᠰᠢᠶᠤᠤ ᠯᠢᠨ ᠴᠤᠬᠤᠯᠠᠪᠤᠷᠢ ᠳᠠᠭᠠᠨ ᠴᠢᠬᠤᠯᠠᠴᠢᠯᠠᠭᠰᠠᠨ ᠨᠢ᠂ ᠬᠦᠮᠦᠨ ᠠᠮᠠ ᠪᠠ ᠲᠦᠯᠦᠪᠯᠡᠭᠡᠳᠦ | ᠦᠷᠡᠵᠢᠯ ᠤᠨ ᠠᠵᠢᠯ ᠢ ᠰᠠᠶᠢᠳᠤᠷ ᠬᠢᠬᠦ ᠨᠢ ᠤᠯᠤᠰ ᠤᠨ ᠬᠦᠭᠵᠢᠯᠳᠡ ᠪᠤᠯᠤᠨ ᠦᠨᠳᠦᠰᠦᠳᠡᠨ ᠤ ᠢᠷᠡᠭᠡᠳᠦᠢ ᠲᠠᠢ | ᠬᠤᠯᠪᠤᠭᠳᠠᠵᠦ᠂ ᠲᠦᠭ ᠲᠦᠮᠡᠨ ᠭᠡᠷ ᠪᠦᠯᠢ ᠶᠢᠨ ᠵᠤᠯ ᠵᠢᠷᠭᠠᠯ ᠲᠠᠢ ᠬᠤᠯᠪᠤᠭᠳᠠᠨ᠎ᠠ᠃ ᠡᠯ᠎ᠡ ᠱᠠᠳᠤᠨ ᠤ | ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠶᠢᠨ ᠬᠢᠨ ᠪᠠᠶᠢᠳᠠᠯ ᠤᠨ | ᠬᠤᠪᠢᠷᠠᠯᠳᠠ ᠳᠤ ᠵᠤᠬᠢᠴᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠮᠦᠨ ᠠᠮᠠ ᠶᠢᠨ ᠠᠰᠠᠭᠤᠳᠠᠯ ᠤᠨ | ᠲᠤᠬᠠᠢ ︽ᠭᠤᠷᠪᠠᠨ ᠲᠠᠯ᠎ᠠ ᠪᠠᠷ ᠦᠨᠳᠤᠰᠤᠨ ᠠᠴᠠ ᠪᠠᠨ ᠦᠯᠦ ᠬᠤᠪᠢᠷᠠᠬᠤ︾ ᠦᠨᠳᠦᠰᠦᠨ ᠮᠠᠭᠠᠳᠯᠠᠯ ᠢ | ᠤᠨᠤᠪᠴᠢᠳᠠᠢ ᠡᠵᠡᠮᠳᠡᠵᠤ᠂ ᠠᠵᠢᠯ ᠤᠨ ᠰᠡᠳᠬᠢᠴᠡ ᠪᠤᠯᠤᠨ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ | ᠬᠦᠬᠦᠷᠭᠡ ᠬᠤᠯᠪᠤᠭᠠᠰᠦ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠳᠠᠢ᠃ ᠡᠯ᠎ᠠ ᠱᠠᠳᠤᠨ ᠤ ᠵᠠᠰᠠᠭ ᠤᠨ | ᠤᠷᠳᠤᠨ ᠤ ᠬᠢᠨ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠶᠢᠨ | ᠦᠢᠯᠡᠳᠦᠯ ᠴᠢᠳᠠᠪᠬᠢ ᠪᠠᠨ ᠪᠠᠳᠠᠷᠠᠭᠤᠯᠬᠤ ᠶᠢ ᠢᠳᠡᠪᠬᠢᠳᠠᠢ ᠳᠡᠮᠵᠢᠵᠦ᠂ ᠠᠵᠢᠯ ᠤᠨ ᠬᠠᠮᠳᠤᠷᠠᠯ ᠬᠦᠴᠦᠨ ᠢ | ᠪᠦᠷᠢᠯᠳᠦᠬᠦᠯᠤᠨ ᠬᠦᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠬᠦᠷᠢᠳᠠᠢ ᠬᠦᠭᠵᠢᠯᠳᠡ ᠶᠢ ᠠᠬᠢᠭᠤᠯᠬᠤ᠂ | ᠠᠷᠠᠳ ᠲᠦᠮᠡᠨ ᠤ ᠪᠤᠶᠠᠨ ᠵᠢᠷᠭᠠᠯ ᠢ ᠲᠠᠬᠡᠭᠰᠢᠯᠡᠬᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠳᠠᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠱᠠᠳᠤᠨ ᠤ ᠵᠠᠰᠠᠭ ᠤᠨ ᠤᠷᠳᠤᠨ ᠤᠳᠤᠷᠢᠳᠤᠯᠭ᠎ᠠ ᠪᠠᠨ ᠦᠨᠡᠨᠬᠦ | ᠴᠢᠩᠭᠠᠳᠬᠠᠨ ᠲᠤᠭᠳᠠᠭᠰᠠᠨ ᠬᠤᠭᠤᠴᠠᠭ᠎ᠠ ᠲᠠᠢ ᠪᠠᠷ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠦ᠂ | ᠲᠦᠯᠦᠪᠯᠡᠬᠡᠳᠤ ᠦᠷᠡᠵᠢᠯ ᠤᠨ ᠠᠵᠢᠯ ᠤᠨ ᠨᠡᠶᠢᠬᠡᠮᠯᠢᠭ ᠢ ᠬᠠᠪᠰᠤᠷᠴᠤ ᠪᠠᠶᠢᠭᠠᠳ ᠪᠤᠳᠠᠳᠤ ᠬᠦᠴᠢᠷᠳᠡᠯ ᠪᠠ | ᠠᠰᠠᠭᠤᠳᠠᠯ ᠢ ᠨᠢ ᠬᠦᠴᠦᠯᠡᠨ ᠰᠢᠢᠳᠪᠤᠷᠢᠯᠡᠵᠤ᠂ ᠨᠡᠶᠢᠬᠡᠮᠯᠢᠭ ᠲᠤ ᠤᠷᠤᠯᠴᠠᠬᠤ ᠬᠦᠮᠦᠨ ᠲᠠᠢ᠂ ᠠᠵᠢᠯ ᠬᠢᠬᠦ ᠳᠤ | ᠵᠤᠭᠤᠰ ᠲᠠᠢ᠂ ᠬᠡᠷᠡᠭ ᠡᠷᠬᠢᠯᠡᠬᠦ ᠳᠤ ᠲᠦᠷᠢᠮ ᠲᠤᠭᠳᠠᠭᠠᠯ ᠲᠠᠢ ᠪᠠᠶᠢᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ | ᠤ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠰᠠᠯᠠᠭ᠎ᠠ ᠮᠦᠴᠢᠷ ᠤᠨ ᠬᠢᠨ ᠲᠦᠯᠦᠪᠯᠡᠬᠡᠳᠤ ᠦᠷᠡᠵᠢᠯ ᠤᠨ | ᠠᠵᠢᠯ ᠤᠨ ᠨᠡᠶᠢᠬᠡᠮᠯᠢᠭ ᠤᠨ ᠠᠵᠢᠯ ᠢ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠶᠠᠷᠦᠩᠬᠡᠢ | ᠲᠦᠯᠦᠪᠵᠢᠬᠦᠯᠬᠡ ᠪᠠ ᠬᠠᠷᠠᠯᠳᠠ ᠳᠠᠭᠠᠨ ᠤᠷᠤᠭᠤᠯᠵᠤ᠂ ᠲᠦᠯᠦᠪᠯᠡᠬᠡᠳᠤ ᠦᠷᠡᠵᠢᠯ ᠤᠨ ᠠᠵᠢᠯ ᠤᠨ ᠨᠡᠶᠢᠬᠡᠮᠯᠢᠭ ᠤᠨ | ᠲᠠᠪᠠᠭᠤᠯᠢᠭ ᠢᠶᠠᠨ ᠪᠠᠳᠠᠷᠠᠭᠤᠯᠤᠨ ᠲᠠᠯᠳᠠ ᠬᠦᠴᠦᠨ ᠢᠶᠠᠨ ᠠᠭᠤᠳᠠᠯᠯᠠᠬᠤ ᠶᠢ ᠨᠢ ᠲᠠᠮᠵᠢᠨ ᠵᠢᠯᠦᠭᠤᠳᠬᠤ ᠬᠡᠷᠡᠭᠳᠠᠢ᠃ | ᠡᠯ᠎ᠠ ᠱᠠᠳᠤᠨ ᠤ ᠲᠦᠯᠦᠪᠯᠡᠬᠡᠳᠤ ᠦᠷᠡᠵᠢᠯ ᠤᠨ ᠠᠵᠢᠯ ᠤᠨ ᠨᠡᠶᠢᠬᠡᠮᠯᠢᠭ ᠤᠨ ᠬᠢᠨ ᠦᠨᠳᠤᠰᠤᠨ ᠱᠠᠳᠤᠨ ᠤ ᠰᠠᠭᠤᠷᠢ | ᠠᠵᠢᠯ ᠢ ᠯᠠᠪᠳᠠᠭᠤᠨ ᠪᠠᠳᠤᠳᠠᠢ ᠠᠬᠢᠭᠤᠯᠤᠨ ᠺᠠᠳ᠋ᠷ ᠪᠠ ᠡᠩᠨᠡᠭᠡ ᠶᠢᠨ ᠪᠠᠶᠢᠭᠤᠯᠤᠯᠳᠠ ᠪᠠᠨ ᠦᠨᠡᠨᠬᠦ ᠴᠢᠩᠭᠠᠳᠬᠠᠵᠤ᠂ | ᠦᠷᠡᠵᠢᠯ ᠤᠨ ᠬᠠᠯᠠᠮᠵᠢᠯᠠᠯ ᠤᠨ ᠲᠦᠷᠦᠯ ᠲᠡᠮᠳᠡᠭᠳᠤ ᠲᠦᠷᠦᠯ ᠵᠦᠢᠯ ᠢ ᠬᠦᠴᠦᠯᠡᠨ ᠴᠤᠭᠴᠠᠯᠠᠵᠤ᠂ ᠬᠤᠪᠢ | ᠪᠠᠶ᠎ᠠ ᠶᠢᠨ ᠪᠠᠶᠢᠭᠤᠯᠤᠯᠳᠠ ᠪᠠᠨ ᠲᠠᠰᠤᠷᠠᠯᠳᠠ ᠦᠬᠡᠢ ᠴᠢᠩᠭᠠᠳᠬᠠᠨ ᠡᠬᠦᠷᠬᠡ ᠴᠢᠳᠠᠪᠬᠢ ᠪᠠᠨ ᠬᠦᠢᠴᠡᠳᠬᠡᠬᠦ | ᠴᠢᠳᠠᠪᠤᠷᠢ ᠪᠠᠨ ᠦᠨᠡᠨᠬᠦ ᠲᠠᠬᠡᠭᠰᠢᠯᠡᠬᠦᠯᠬᠦ ᠬᠡᠷᠡᠭᠳᠠᠢ ᠬᠡᠵᠠᠢ᠃ | ᠬᠤᠷᠠᠯ ᠠᠴᠠ ᠦᠪᠡᠷᠳᠡᠬᠡᠨ ᠵᠠᠰᠠᠬᠤ ᠤᠷᠤᠨ ᠤ ᠲᠦᠯᠦᠪᠯᠡᠬᠡᠳᠤ ᠦᠷᠡᠵᠢᠯ ᠤᠨ ᠠᠵᠢᠯ ᠤᠨ ᠨᠡᠶᠢᠬᠡᠮᠯᠢᠭ ᠤᠨ | ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ | ᠡᠷᠬᠢᠯᠡᠭᠴᠢ᠂ ᠨᠡᠶᠢᠬᠡᠮᠯᠢᠭ ᠤᠨ ᠲᠠᠷᠤᠭ᠎ᠠ ᠪᠠ ᠲᠡᠳ᠋ ᠲᠠᠷᠤᠭ᠎ᠠ ᠶᠢ ᠰᠤᠩᠭᠤᠨ ᠭᠠᠷᠭᠠᠬᠤ ᠶᠢᠨ ᠬᠠᠮᠳᠤ ᠲᠠᠷᠢᠬᠦᠨ ᠤ | ᠬᠠᠮᠳᠤ ᠨᠡᠶᠢᠳᠡ ᠪᠠ ᠬᠤᠪᠢ ᠬᠦᠮᠦᠨ ᠢ ᠬᠦᠬᠢᠬᠦᠯᠦᠨ ᠱᠠᠩᠨᠠᠵᠠᠢ᠃ ᠶᠠᠩ ᠴᠧᠩ ᠸᠠᠩ ᠦᠪᠡᠷᠳᠡᠭᠡᠨ ᠵᠠᠰᠠᠬᠤ | ᠤᠷᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠭᠡᠷᠡᠭ | ᠡᠷᠬᠢᠯᠡᠭᠴᠢᠳ ᠤᠨ ᠬᠤᠷᠠᠯ ᠤᠨ ᠳᠠᠷᠤᠭ᠎ᠠ ᠪᠠᠷ ᠰᠤᠩᠭᠤᠭᠳᠠᠪᠠ᠃ |