ᠪᠦ᠋ ᠰᠢᠶᠤᠤ ᠯᠢᠨ᠄ ᠪᠤᠬᠢᠷᠳᠤᠯ ᠦᠭᠡᠢ ᠬᠦᠭᠵᠢᠯᠳᠡ ᠶᠢᠨ ᠣᠨᠣᠯᠵᠢᠬᠤᠨ ᠢ ᠪᠤᠢ ᠪᠤᠯᠭᠠᠨ ᠦᠢᠯᠡᠳᠦᠯᠬᠡᠵᠢᠬᠦᠯᠵᠥ ᠦᠵᠡᠰᠬᠦᠯᠡᠩᠳᠤ ᠰᠠᠶᠢᠬᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢᠨ ᠲᠦᠯᠥᠬᠡ ᠴᠦᠬᠦᠷᠡᠰᠢ ᠦᠭᠡᠢ ᠴᠢᠷᠮᠠᠶᠢᠬᠤ ᠬᠡᠷᠡᠭᠳᠡᠢ
ᠨᠡᠶᠢᠲᠡᠯᠡᠭᠰᠡᠨ ᠴᠠᠭ᠄
2016/10/11
     ᠪᠦ᠋ ᠰᠢᠶᠤᠤ ᠯᠢᠨ ᠦᠬᠠᠢ ᠵᠢᠴᠢ ᠡᠷᠬᠢᠨ ᠲᠤᠭᠤᠷᠢᠨ ᠤ ᠬᠢᠨᠢ ᠭᠠᠵᠠᠷ ᠤᠷᠤᠨ ᠤ      ᠠᠭᠠᠷ ᠮᠠᠨᠳᠠᠯ ᠤᠨ ᠪᠤᠬᠢᠷᠳᠤᠯ ᠢ ᠬᠠᠮᠳᠤᠷᠠᠨ ᠰᠡᠷᠬᠡᠶᠢᠯᠡᠵᠤ ᠬᠠᠮᠳᠤᠷᠠᠨ ᠡᠵᠡᠮᠳᠡᠬᠦ      ᠤᠳᠤᠷᠢᠳᠬᠤ ᠲᠤᠭᠤᠢᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ      ᠪ᠊‍ᠦ᠋ᠬᠦ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠠᠵᠢᠯ ᠤᠨ      ᠶᠠᠷᠢᠯᠴᠠᠬᠤ ᠬᠤᠷᠠᠯ ᠲᠡᠭᠡᠷ᠎ᠠ ᠴᠢᠬᠤᠯᠠᠴᠢᠯᠠᠭᠰᠠᠠ ᠨᠢ ᠪᠤᠬᠢᠷᠳᠤᠯ ᠦᠭᠡᠢ ᠬᠦᠭᠵᠢᠯᠳᠡ ᠶᠢᠨ      ᠣᠨᠣᠯᠵᠢᠬᠤᠨ ᠢ ᠪᠤᠢ ᠪᠤᠯᠭᠠᠨ ᠦᠢᠯᠡᠳᠦᠯᠬᠡᠵᠢᠬᠦᠯᠵᠥ ᠦᠵᠡᠰᠬᠦᠯᠡᠩᠳᠤ ᠰᠠᠶᠢᠬᠠᠨ      ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢᠨ ᠲᠦᠯᠥᠬᠡ ᠴᠦᠬᠦᠷᠡᠰᠢ ᠦᠭᠡᠢ ᠴᠢᠷᠮᠠᠶᠢᠬᠤ ᠬᠡᠷᠡᠭᠳᠡᠢ
     10 ᠳ᠋ᠤᠭᠠᠷ ᠰᠠᠷ᠎ᠠ ᠶᠢᠨ 10᠎ ᠤ ᠡᠳᠤᠷ᠂ ᠦᠬᠠᠢ ᠵᠢᠴᠢ ᠡᠷᠬᠢᠨ ᠲᠤᠭᠤᠷᠢᠨ ᠤ ᠬᠢᠨᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠬᠠᠮᠳᠤᠷᠠᠨ ᠰᠡᠷᠬᠡᠶᠢᠯᠡᠵᠤ ᠬᠠᠮᠳᠤᠷᠠᠨ ᠡᠵᠡᠮᠳᠡᠬᠦ ᠤᠳᠤᠷᠢᠳᠬᠤ ᠲᠤᠭᠤᠢᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠦᠬᠦ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠠᠵᠢᠯ ᠤᠨ ᠶᠠᠷᠢᠯᠴᠠᠬᠤ ᠬᠤᠷᠠᠯ ᠦᠬᠠᠢ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠎ ᠢ ᠡᠷᠬᠢᠯᠡᠨ ᠶᠠᠷᠢᠶ᠎ᠠ ᠲᠠᠯᠪᠢᠵᠥ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠥ᠂ ᠪᠤᠬᠢᠷᠳᠤᠯ ᠦᠭᠡᠢ ᠬᠦᠭᠵᠢᠯᠳᠡ ᠶᠢᠨ ᠣᠨᠣᠯᠵᠢᠬᠤᠨ ᠢ ᠪᠤᠢ ᠪᠤᠯᠭᠠᠨ ᠦᠢᠯᠡᠳᠦᠯᠬᠡᠵᠢᠬᠦᠯᠵᠥ᠂ ᠦᠨᠢᠳᠡ ᠶᠢᠨ ᠬᠦᠭᠵᠢᠯᠳᠡ ᠶᠢ ᠪᠡᠶᠡᠯᠡᠬᠦᠯᠬᠦ ᠪᠠ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠭᠡᠨ ᠪᠠᠶᠢᠭᠤᠯᠬᠤ ᠶᠢᠨ ᠲᠦᠯᠥᠬᠡ ᠴᠥᠬᠦᠷᠡᠰᠢ ᠦᠭᠡᠢ ᠴᠢᠷᠮᠠᠶᠢᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠲᠡᠭᠡᠷ᠎ᠡ᠂ ᠦᠬᠠᠢ ᠵᠢᠴᠢ ᠡᠷᠬᠢᠨ ᠲᠤᠭᠤᠷᠢᠨ ᠤ ᠬᠢᠨᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠬᠠᠮᠳᠤᠷᠠᠨ ᠰᠡᠷᠬᠡᠶᠢᠯᠡᠵᠤ ᠬᠠᠮᠳᠤᠷᠠᠨ ᠵᠠᠰᠠᠬᠤ ᠪᠠ ᠡᠯ᠎ᠡ ᠠᠶᠢᠮᠠᠭ ᠬᠤᠳᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠦᠷᠨᠢᠬᠦᠯᠥᠭᠰᠡᠡ ᠪᠠᠶᠢᠳᠠᠯ ᠤᠨ ᠲᠤᠬᠠᠢ ᠬᠠᠷᠢᠭᠤ ᠮᠡᠳᠡᠬᠦᠯᠥᠯᠳᠡ ᠶᠢ ᠰᠤᠨᠤᠰᠴᠦ᠂ ᠤᠷᠤᠰᠢᠵᠥ ᠪᠠᠶᠢᠭ᠎ᠠ ᠠᠰᠠᠭᠤᠳᠠᠯ ᠳᠤ ᠵᠠᠳᠠᠯᠤᠯᠳᠡ ᠬᠢᠵᠥ᠂ ᠪᠦᠬᠦ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠡ ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ ᠰᠤᠳᠤᠯᠤᠨ ᠪᠠᠶᠢᠷᠢᠯᠠᠭᠤᠯᠤᠭᠰᠠᠨ ᠪᠠᠶᠢᠨ᠎ᠠ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠮᠠᠨ ᠤ ᠤᠷᠤᠨ ᠤ ᠬᠢᠨ ᠲᠦᠪ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠦᠷᠬᠦᠯᠵᠢᠯᠠᠨ ᠴᠢᠩᠭᠠᠳᠬᠠᠵᠤ᠂ ᠢᠯᠡᠳᠳᠡ ᠦᠷ᠎ᠠ ᠪᠦᠳᠤᠮᠵᠢ ᠤᠯᠵᠠᠢ ᠃ ᠬᠡᠪᠡᠴᠤ ᠪᠢᠳᠠ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ᠂ ᠤᠷᠴᠢᠨ ᠲᠤᠭᠤᠷᠢᠨ ᠤ ᠪᠤᠬᠢᠷᠳᠤᠯ ᠢ ᠵᠠᠰᠠᠬᠤ ᠪᠠᠴᠢᠮ ᠲᠤᠯᠭᠠᠮ᠎ᠠ ᠴᠢᠨᠠᠷ ᠪᠤᠯᠤᠨ ᠬᠠᠳᠠᠭᠤ ᠪᠡᠷᠬᠡ ᠴᠢᠨᠠᠷ ᠢ ᠡᠷᠭᠡᠪᠰᠢ ᠳᠤᠳᠤᠷᠬᠠᠢ ᠲᠠᠨᠢᠵᠤ᠂ ᠤᠯᠤᠰ ᠲᠦᠷᠤ ᠶᠢ ᠡᠷᠬᠢᠮᠯᠡᠬᠦ ᠦᠨᠳᠤᠷᠴᠠ ᠠᠴᠠ ᠠᠷᠠᠳ ᠲᠦᠮᠡᠨ ᠢᠶᠠᠷ ᠭᠤᠤᠯ ᠪᠤᠯᠭᠠᠬᠰᠠᠨ ᠬᠦᠭᠵᠢᠯᠳᠠ ᠶᠢᠨ ᠦᠵᠡᠯ ᠰᠠᠨᠠᠭ᠎ᠠ ᠶᠢ ᠡᠷᠡᠰ ᠪᠠᠷᠢᠮᠳᠠᠯᠠᠵᠤ᠂ ᠨᠢᠳᠤᠨ ᠴᠡᠴᠡᠬᠡᠢ ᠪᠠᠨ ᠬᠠᠮᠠᠭᠠᠯᠠᠬᠤ ᠰᠢᠬ ᠢᠶᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠤ᠂ ᠠᠮᠢ ᠨᠠᠰᠤ ᠪᠠᠨ ᠬᠠᠶᠢᠷᠠᠯᠠᠬᠤ ᠰᠢᠬ ᠢᠶᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠶᠢᠷᠠᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ ᠦᠬᠡᠢ ᠪᠠᠶᠢᠬᠤ ᠶᠢ ᠬᠦᠭᠵᠢᠯᠳᠠ ᠶᠢᠨ ᠬᠤᠷᠢᠭ᠎ᠠ ᠱᠤᠭᠤᠮ ᠪᠤᠯᠭᠠᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠬᠠᠮᠤᠬ ᠤᠨ ᠶᠡᠭᠡ ᠠᠷᠠᠳ ᠤᠨ ᠠᠮᠢᠳᠤᠷᠠᠯ᠂ ᠬᠠᠮᠤᠬ ᠤᠨ ᠪᠠᠴᠢᠮ ᠡᠬᠦᠷᠬᠡ ᠪᠤᠯᠭᠠᠨ ᠠᠳᠬᠤᠬᠤ ᠭᠡᠷᠡᠭᠳᠠᠢ᠃ ᠪᠤᠬᠢᠷᠳᠤᠯ ᠦᠬᠡᠢ ᠬᠦᠭᠵᠢᠯᠳᠠ ᠶᠢᠨ ᠣᠨᠣᠯᠵᠢᠬᠤᠨ ᠎ ᠢ ᠦᠨᠡᠨᠬᠦ ᠪᠤᠢ ᠪᠤᠯᠭᠠᠵᠤ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠦᠨᠡᠨᠬᠦ ᠪᠤᠳᠠᠳᠠᠢ ᠳᠤ ᠨᠠᠶᠢᠳᠠᠪᠤᠷᠢᠵᠢᠭᠤᠯᠵᠤ᠂ ᠪᠤᠬᠢᠷᠳᠤᠯ ᠦᠬᠡᠢ ᠤᠢᠢᠯᠡᠳᠪᠤᠷᠢᠯᠠᠯ ᠤᠨ ᠠᠷᠭ᠎ᠠ ᠬᠡᠯᠪᠡᠷᠢ ᠪᠤᠯᠤᠨ ᠪᠤᠬᠢᠷᠳᠤᠯ ᠦᠬᠡᠢ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠬᠡᠨ ᠠᠬᠢᠭᠤᠯᠵᠤ᠂ ᠪᠤᠬᠢᠷᠳᠤᠯ ᠦᠬᠡᠢ ᠬᠦᠭᠵᠢᠯᠳᠠ ᠎ ᠶᠢᠨ ᠣᠨᠣᠯᠵᠢᠬᠤᠨ ᠢ ᠪᠤᠳᠠᠳᠠᠢ ᠬᠦᠭᠵᠢᠯᠳᠠ ᠶᠢᠨ ᠦᠷ᠎ᠠ ᠪᠦᠳᠤᠮᠵᠢ ᠪᠤᠯᠭᠠᠬᠤ ᠭᠡᠷᠡᠭᠳᠠᠢ ᠬᠡᠪᠡ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠷᠴᠢᠨ ᠲᠤᠭᠤᠷᠢᠨ ᠢ ᠬᠢᠨᠠᠨ ᠬᠠᠮᠢᠶᠠᠷᠬᠤ ᠬᠠᠤᠯᠢ ᠭᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠤᠷᠴᠢᠨ ᠲᠤᠭᠤᠷᠢᠨ ᠤ ᠢᠳᠡᠬᠡᠮᠵᠢ ᠶᠢ ᠦᠨᠡᠯᠡᠬᠦ ᠲᠦᠷᠢᠮ ᠢ ᠨᠠᠶᠢᠳᠠᠪᠤᠷᠢᠵᠢᠭᠤᠯᠵᠤ᠂ ᠢᠳᠡᠬᠡᠯ ᠠᠯᠳᠠᠬᠰᠠᠨ ᠠᠵᠤ ᠠᠬᠤᠢᠢᠯᠠᠯ ᠢ ᠨᠢᠬᠡ ᠤᠳᠠᠭ᠎ᠠ ᠬᠠᠤᠯᠢ ᠠᠴᠠ ᠵᠦᠷᠢᠴᠡᠪᠡᠯ ᠭᠠᠵᠠᠷ ᠪᠤᠯᠭᠠᠨ ᠳᠤ ᠬᠢᠵᠠᠭᠠᠷᠯᠠᠬᠳᠠᠬᠤ ᠪᠤᠯᠭᠠᠬᠤ ᠭᠡᠷᠡᠭᠳᠠᠢ᠃ ᠤᠷᠴᠢᠨ ᠲᠤᠭᠤᠷᠢᠨ ᠢ ᠨᠦᠯᠦᠬᠡᠯᠡᠭᠰᠡᠨ ᠡᠯ᠎ᠠ ᠲᠦᠷᠤᠯ ᠤᠨ ᠪᠦᠳᠤᠬᠡᠨ ᠪᠠᠶᠢᠭᠤᠯᠤᠯᠳᠠ ᠳᠤ ᠤᠯᠠᠨ ᠨᠡᠶᠢᠳᠠ ᠶᠢᠨ ᠰᠠᠨᠠᠯ ᠢ ᠬᠦᠢᠴᠡᠳ ᠬᠤᠷᠢᠶᠠᠨ ᠲᠤᠰᠬᠠᠢ ᠮᠡᠷᠬᠡᠵᠢᠯᠳᠠᠨ ᠢ ᠵᠤᠬᠢᠶᠠᠨ ᠪᠠᠶᠢᠭᠤᠯᠤᠨ ᠨᠤᠳᠠᠯᠠᠯᠳᠠ ᠬᠢᠯᠬᠡᠵᠤ᠂ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠪᠠ ᠠᠷᠠᠳᠴᠢᠯᠠᠯ ᠢ ᠪᠠᠳᠤᠯᠠᠬᠤ ᠭᠡᠷᠡᠭᠳᠠᠢ᠃ ᠤᠷᠤᠰᠢᠵᠤ ᠪᠠᠶᠢᠭ᠎ᠠ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠤᠨ ᠲᠠᠯ᠎ᠠ ᠪᠠᠷ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠦᠪᠡᠷ ᠢᠶᠠᠨ ᠪᠠᠶᠢᠴᠠᠭᠠᠬᠤ ᠦᠪᠡᠷ ᠢᠶᠠᠨ ᠵᠠᠯᠠᠷᠠᠭᠤᠯᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠭᠦᠯᠬᠦ ᠬᠡᠷᠡᠭᠲᠠᠢ᠃ ᠦᠪᠡᠷᠲᠡᠭᠡᠨ ᠵᠠᠰᠠᠬᠤ ᠤᠷᠤᠨ ᠠᠴᠠ ᠴᠡᠭᠴᠡᠯᠡᠨ ᠵᠠᠰᠠᠬᠤ ᠠᠵᠢᠯ ᠢ ᠱᠠᠯᠠᠪᠳᠠᠭᠤᠯᠤᠨ ᠪᠠᠶᠢᠴᠠᠭᠠᠨ᠎ᠠ᠃ ᠤᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠬᠦ︾᠂ ︽ᠨᠢᠭᠡ ᠠᠵᠢᠯ ᠤᠨ ᠪᠠᠶᠢᠷᠢ ᠬᠤᠶᠠᠷ ᠵᠦᠢᠯ ᠤᠨ ᠬᠠᠷᠢᠭᠤᠴᠠᠯᠭ᠎ᠠ ᠲᠠᠢ ᠪᠠᠶᠢᠬᠤ︾᠎ ᠶᠢ ᠨᠠᠶᠢᠳᠠᠪᠤᠷᠢᠵᠢᠭᠤᠯᠵᠤ᠂ ᠠᠵᠤ ᠠᠬᠤᠢᠢᠯᠠᠯ ᠤᠨ ᠪᠤᠬᠢᠷᠳᠤᠯ ᠎ ᠢ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠠ ᠲᠠᠯ᠎ᠠ ᠶᠢᠨ ᠬᠢᠨ ᠬᠠᠮᠵᠢᠯᠴᠠᠵᠤ ᠪᠠᠶᠢᠭᠠᠳ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠬᠡᠵᠠᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠤᠳᠤᠬᠠᠨ ᠳᠤ ᠦᠬᠠᠢ ᠵᠢᠴᠢ ᠡᠷᠭᠢᠨ ᠲᠤᠭᠤᠷᠢᠨ ᠤ ᠬᠢᠨᠢ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠲᠠᠷᠠᠭᠠᠴᠢ ᠶᠢᠨ ᠠᠯᠬᠤᠮ ᠳᠤ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ᠂ ᠭᠤᠤᠯᠳᠠᠯᠭ᠎ᠠ ᠲᠠᠢ ᠠᠵᠢᠯ ᠲᠦᠷᠦᠯ ᠤᠨ ᠪᠤᠬᠢᠷᠳᠤᠯ ᠤᠨ ᠵᠠᠰᠠᠯᠲᠠ ᠶᠢ ᠰᠠᠶᠢᠲᠤᠷ ᠠᠳᠬᠤᠵᠤ᠂ ᠡᠬᠢ ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ ᠡᠨᠧᠷᠭᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠪᠡᠷᠢᠮᠵᠢᠶ᠎ᠠ ᠶᠢ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠲᠦᠷᠭᠡᠳᠭᠡᠨ ᠤᠷᠴᠢᠨ ᠲᠤᠭᠤᠷᠢᠨ ᠤ ᠪᠠᠭᠳᠠᠭᠠᠮᠵᠢ ᠪᠤᠯᠤᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠪᠠᠷ ᠪᠠᠶᠢᠷᠢᠰᠢᠯ ᠢ ᠲᠤᠭᠳᠠᠭᠠᠬᠤ᠂ ᠠᠵᠤ ᠦᠢᠯᠡᠰ ᠢ ᠲᠤᠭᠳᠠᠭᠠᠬᠤ᠂ ᠲᠦᠷᠦᠯ ᠵᠦᠢᠯ ᠢ ᠲᠤᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠬᠤᠯᠪᠤᠭᠳᠠᠯ ᠪᠦᠬᠦᠢ ᠠᠶᠢᠮᠠᠭ ᠬᠤᠲᠠ ᠪᠤᠯᠤᠨ ᠰᠠᠯᠠᠭ᠎ᠠ ᠮᠦᠴᠢᠷ ᠤᠨ ᠬᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠨᠠᠨ ᠪᠠᠶᠢᠴᠠᠭᠠᠯᠳᠡ ᠪᠠᠨ ᠴᠢᠩᠭᠠᠳᠬᠠᠬᠤ ᠬᠡᠷᠡᠭᠲᠡᠢ︔ ᠤᠳᠤᠷᠢᠳᠬᠤ ᠳᠤᠭᠤᠢᠢᠯᠠᠩ ᠤᠨ ᠠᠯᠪᠠᠨ ᠭᠡᠷ ᠤᠨ ᠬᠢᠨ ᠲᠤᠭᠳᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠯᠲᠠ ᠬᠢᠵᠤ᠂ ᠪᠠᠶᠢᠳᠠᠯ ᠢ ᠵᠠᠷᠯᠠᠨ ᠭᠤᠤᠯᠳᠠᠯᠭ᠎ᠠ ᠲᠠᠢ ᠠᠰᠠᠭᠤᠳᠠᠯ ᠢ ᠱᠠᠯᠠᠪᠳᠠᠨ ᠬᠢᠯᠭᠡᠬᠦ ᠬᠡᠷᠡᠭᠲᠡᠢ᠃ ᠰᠢᠯᠭᠠᠨ ᠪᠠᠶᠢᠴᠠᠭᠠᠵᠥ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ ᠤᠷᠴᠢᠨ ᠲᠤᠭᠤᠷᠢᠨ ᠢ ᠬᠠᠮᠠᠭᠠᠯᠬᠤ ᠬᠠᠷᠢᠭᠤᠴᠠᠯᠭ᠎ᠠ ᠪᠠ ᠠᠵᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠠᠷᠭ᠎ᠠ ᠬᠡᠮᠵᠢᠶ᠎ᠠ ᠶᠢ ᠬᠠᠮᠲᠦ ᠳᠤᠨᠢ ᠬᠡᠷᠡᠭᠵᠢᠭᠦᠯᠵᠤ ᠪᠠᠶᠢᠭᠠᠳ ᠦᠬᠠᠢ ᠵᠢᠴᠢ ᠡᠷᠭᠢᠨ ᠲᠤᠭᠤᠷᠢᠨ ᠤ ᠬᠢᠨᠢ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠦᠨᠳᠦᠰᠦ ᠠᠴᠠ ᠨᠢ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ᠂ ᠪᠦᠬᠦ ᠤᠷᠤᠨ ᠤ ᠤᠷᠤᠨ ᠪᠦᠰᠡ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠲᠠ ᠳᠤ ᠲᠤᠷᠰᠢᠯᠭ᠎ᠠ ᠬᠠᠩᠭᠠᠵᠤ ᠵᠢᠱᠢᠶ᠎ᠠ ᠦᠵᠡᠭᠦᠯᠬᠦ ᠬᠡᠷᠡᠭᠲᠡᠢ ᠬᠡᠪᠡ᠃      ᠬᠤᠷᠠᠯ ᠠᠴᠠ ᠡᠮᠦᠨ᠎ᠠ᠂ ᠪᠦ᠋ ᠰᠢᠶᠤᠤ ᠯᠢᠨ ᠵᠢᠴᠢ ᠬᠤᠷᠠᠯ ᠳᠤ ᠤᠷᠤᠯᠴᠠᠬᠤ ᠲᠦᠯᠦᠭᠡᠯᠡᠭᠴᠢᠳ ᠦᠬᠠᠢ ᠵᠢᠴᠢ ᠡᠷᠭᠢᠨ ᠲᠤᠭᠤᠷᠢᠨ ᠤ ᠬᠢᠨᠢ ᠭᠠᠵᠠᠷ ᠤᠷᠤᠨ ᠤ ᠬᠡᠰᠡᠭ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠪᠦᠸᠧ᠂ ᠴᠠᠩ ᠵᠢᠶᠦ᠋ᠨ ᠵᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号