﹇ᠥᠪᠥᠷ ᠮᠣᠩᠭᠤᠯ ᠤᠨ ᠬᠦᠭᠵᠢᠯᠲᠡ ᠶᠢ ᠠᠬᠢᠭᠤᠯᠤᠶ᠎ᠠ·  ᠪᠡᠯᠡ ᠣᠷᠣᠭᠤᠯᠤᠯᠲᠠ﹈ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠦ ᠪᠡᠯᠡ ᠤᠷᠤᠭᠤᠯᠤᠯᠳᠠ ᠶᠢᠨ ᠲᠤᠬᠳᠠᠭᠤᠨ ᠨᠡᠮᠡᠭᠳᠡᠯ ᠳᠠᠬᠢ ᠵᠠᠩᠬᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2016/10/11
      ᠣᠳᠣᠬᠠᠨ ᠳᠤ᠂ ᠰᠢᠨ᠎ᠠ ᠭᠡᠪ ᠪᠠᠶᠢᠳᠠᠯ ᠳᠤ ᠤᠷᠤᠭᠰᠠᠨ ᠮᠠᠨ ᠤ ᠤᠯᠤᠰ ᠤᠨ ᠠᠵᠦ ᠠᠬᠤᠢ ᠶᠠᠭ ᠦᠨᠳᠦᠷ ᠬᠤᠷᠳᠤᠴᠠᠳᠤ ᠨᠡᠮᠡᠭᠳᠡᠯ ᠠᠴᠠ ᠳᠤᠮᠳᠠ ᠦᠨᠳᠦᠷ ᠬᠤᠷᠳᠤᠴᠠᠳᠤ ᠨᠡᠮᠡᠭᠳᠡᠯ ᠳᠡᠰᠢ ᠰᠢᠯᠵᠢᠵᠦ᠂ ᠬᠦᠭᠵᠢᠯᠳᠡ ᠶᠢᠨ ᠬᠡᠯᠪᠡᠷᠢ ᠨᠢ ᠭᠡᠪᠴᠢᠶᠡᠵᠢᠭᠰᠡᠨ ᠦᠨᠳᠦᠷ ᠬᠤᠷᠳᠤᠴᠠᠳᠤ ᠪᠦᠳᠦᠬᠦᠯᠢᠭ ᠨᠡᠮᠡᠭᠳᠡᠯ ᠠᠴᠠ ᠴᠢᠨᠠᠷᠵᠢᠭᠤᠨ ᠠᠰᠢᠬᠯᠠᠮᠵᠢ ᠦᠨᠳᠦᠷ ᠡᠷᠴᠢᠮᠵᠢᠭᠰᠡᠨ ᠨᠡᠮᠡᠭᠳᠡᠯ ᠳᠡᠰᠢ ᠰᠢᠯᠵᠢᠵᠦ᠂ ᠪᠦᠳᠦᠴᠡ ᠶᠢᠨ ᠳᠤᠬᠢᠷᠠᠭᠤᠯᠤᠯᠳᠠ ᠨᠢ ᠬᠡᠮᠵᠢᠶ᠎ᠠ ᠶᠢ ᠨᠡᠮᠡᠭᠳᠡᠬᠦᠯᠵᠦ᠂ ᠴᠢᠳᠠᠪᠬᠢ ᠪᠠᠨ ᠦᠷᠭᠡᠳᠭᠡᠵᠤ ᠪᠠᠶᠢᠭᠰᠠᠨ ᠠᠴᠠ ᠪᠠᠨ ᠨᠦᠬᠡᠴᠡᠯᠡᠯᠳᠡ ᠶᠢᠨ ᠬᠡᠮᠵᠢᠶ᠎ᠠ ᠶᠢ ᠳᠤᠬᠢᠷᠠᠭᠤᠯᠵᠦ᠂ ᠴᠢᠨᠠᠷ ᠢ ᠪᠠᠳᠤᠯᠠᠵᠤ ᠬᠡᠮᠵᠢᠶ᠎ᠠ ᠶᠢ ᠨᠡᠮᠡᠭᠳᠡᠬᠦᠯᠬᠦ ᠶᠢ ᠵᠡᠷᠭᠡ ᠪᠠᠷ ᠴᠢᠬᠤᠯᠠᠴᠢᠯᠠᠬᠤ ᠳᠡᠰᠢ ᠰᠢᠯᠵᠢᠵᠤ ᠪᠠᠶᠢᠨ᠎ᠠ᠃ ᠡᠬᠦᠨ ᠤ ᠳᠤᠯᠠᠳᠠ᠂ ᠦᠪᠦᠷ ᠮᠤᠩᠭᠤᠯ ᠤᠨ ᠤᠷᠤᠨ ᠨᠤᠳᠤᠭ ᠤᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠪᠦᠬᠦ ᠤᠷᠤᠨ ᠤ ᠨᠠᠮᠤᠷ ᠤᠨ ᠤᠯᠠᠷᠢᠯ ᠤᠨ ᠴᠢᠬᠤᠯᠠ ᠶᠡᠭᠡ ᠳᠦᠷᠦᠯ ᠵᠦᠢᠯ ᠢ ᠳᠦᠪᠯᠡᠷᠡᠬᠦᠯᠦᠨ ᠠᠵᠢᠯ ᠡᠬᠢᠯᠡᠬᠦᠯᠵᠦ ᠪᠦᠳᠦᠬᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠳᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠠᠬᠢᠭᠤᠯᠵᠦ᠂ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠮᠡᠭᠳᠡᠯ ᠢ ᠯᠠᠪᠳᠠᠭᠤᠨ ᠪᠤᠯᠭᠠᠬᠤ᠂ ᠪᠦᠳᠦᠴᠡ ᠳᠤ ᠳᠤᠬᠢᠷᠠᠭᠤᠯᠤᠯᠳᠠ ᠬᠢᠬᠦ᠂ ᠦᠬᠡᠷᠡᠴᠢᠯᠡᠯᠳᠡ ᠶᠢ ᠠᠬᠢᠭᠤᠯᠬᠤ᠂ ᠳᠦᠭᠰᠢᠬᠦᠷᠢ ᠎ ᠶᠢ ᠰᠡᠷᠬᠡᠶᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠯ᠎ᠠ ᠵᠦᠢᠯ ᠤᠨ ᠰᠢᠢᠳᠪᠦᠷᠢ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ ᠬᠦᠭᠵᠢᠯᠳᠡ ᠶᠢᠨ ᠰᠢᠨ᠎ᠠ ᠣᠨᠣᠯᠵᠢᠬᠤᠨ ᠢ ᠲᠤᠤᠱᠯᠠᠭᠤᠯᠤᠨ ᠨᠡᠶᠢᠳᠡᠪᠤᠷᠢᠵᠢᠭᠤᠯᠵᠦ᠂ ᠰᠢᠨ᠎ᠠ ᠭᠡᠪ ᠪᠠᠶᠢᠳᠠᠯ ᠳᠤ ᠵᠤᠬᠢᠴᠠᠬᠤ ᠶᠢᠨ ᠬᠠᠮᠳᠤ ᠵᠢᠯᠤᠭᠤᠳᠤᠨ ᠳᠠᠭᠠᠭᠤᠯᠵᠦ᠂ ᠠᠵᠦ ᠠᠬᠤᠢ ᠶᠢᠨ ᠳᠤᠮᠳᠠ ᠦᠨᠳᠦᠷ ᠬᠤᠷᠳᠤᠴᠠ ᠪᠠᠷ ᠨᠡᠮᠡᠭᠳᠡᠵᠦ᠂ ᠳᠤᠮᠳᠠ ᠳᠡᠭᠡᠳᠦ ᠬᠢᠷᠢ ᠳᠦᠪᠰᠢᠨ ᠳᠤ ᠬᠦᠷᠬᠦ ᠶᠢ ᠳᠦᠯᠬᠢᠨ ᠠᠬᠢᠭᠤᠯᠵᠦ᠂ ᠪᠦᠬᠦ ᠤᠷᠤᠨ ᠤ ᠠᠵᠦ ᠠᠬᠤᠢ ᠨᠡᠶᠢᠬᠡᠮ ᠤᠨ ᠳᠤᠭᠳᠠᠭᠤᠨ ᠡᠷᠡᠬᠦᠯ ᠢᠶᠠᠷ ᠬᠦᠭᠵᠢᠬᠦ ᠶᠢ ᠪᠠᠳᠤᠯᠠᠵᠦ᠂ ︽13· 5︾᠎ ᠶᠢᠨ ᠳᠦᠯᠦᠪᠵᠢᠬᠦᠯᠬᠡ ᠶᠢᠨ ᠰᠠᠶᠢᠨ ᠰᠠᠶᠢᠬᠠᠨ ᠡᠬᠢᠯᠡᠯᠳᠡ ᠶᠢ ᠴᠢᠷᠮᠠᠶᠢᠨ ᠪᠤᠢ ᠪᠤᠯᠭᠠᠨ᠎ᠠ᠃      ᠠᠵᠦ ᠠᠬᠤᠢ ᠨᠡᠶᠢᠬᠡᠮ ᠤᠨ ᠳᠤᠭᠳᠠᠭᠤᠨ ᠡᠷᠡᠬᠦᠯ ᠢᠶᠠᠷ ᠬᠦᠭᠵᠢᠬᠦ ᠶᠢ ᠪᠠᠳᠤᠯᠠᠬᠤ ᠳᠤ᠂ ᠨᠡᠭᠡᠭᠡᠯᠳᠠ ᠬᠢᠭᠦ ᠪᠠᠷ ᠲᠠᠶᠢᠴᠢᠯᠠᠬᠤ ᠪᠠ ᠮᠡᠳᠡᠭᠡ ᠵᠠᠩᠬᠢᠴᠢᠯᠠᠬᠤ᠂ ᠠᠮᠢ ᠠᠬᠤᠢ ᠶᠢᠨ ᠪᠤᠯᠪᠠᠰᠤᠨ ᠢᠶᠠᠷ ᠳᠦᠯᠬᠢᠨ ᠠᠬᠢᠭᠤᠯᠬᠤ ᠪᠠᠷ ᠦᠯᠤ ᠪᠠᠷᠠᠮ ᠪᠠᠰᠠ ᠪᠡᠯᠡ ᠤᠷᠤᠭᠤᠯᠤᠯᠳᠠ ᠪᠠᠷ ᠳᠠᠶᠢᠴᠢᠯᠠᠨ ᠳᠠᠭᠠᠭᠤᠯᠬᠤ᠂ ᠳᠦᠷᠦᠯ ᠵᠦᠢᠯ ᠢᠶᠠᠷ ᠳᠠᠶᠢᠴᠢᠯᠠᠬᠤ ᠳᠤ ᠳᠦᠰᠢᠭᠯᠡᠨ᠎ᠠ᠃ ᠡᠬᠦᠨ ᠤ ᠳᠤᠯᠠᠳᠠ᠂ ᠳᠠᠪᠠᠭᠤᠯᠢᠭ ᠲᠠᠭᠠᠨ ᠰᠠᠭᠤᠷᠢᠯᠠᠵᠦ᠂ ᠲᠤᠳᠠᠭᠤᠳᠠᠯ ᠢᠶᠠᠨ ᠨᠦᠭᠦᠪᠦᠷᠢᠯᠡᠵᠤ᠂ ᠠᠯᠤᠰ ᠭᠡᠳᠤ ᠶᠢᠨ ᠬᠦᠭᠵᠢᠯᠳᠠ ᠶᠢᠨ ᠰᠡᠳᠬᠢᠴᠠ ᠪᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ᠂ ᠳᠤᠰ ᠰᠤᠨᠢᠨ ᠬᠤᠯᠪᠤᠬᠳᠠᠯ ᠪᠦᠬᠦᠢ ᠠᠭᠤᠯᠭ᠎ᠠ ᠶᠢ ᠪᠦᠬᠦᠯᠢ ᠨᠢᠭᠤᠷ ᠢᠶᠠᠷ ᠮᠡᠳᠡᠭᠡᠯᠡᠬᠦ ᠪᠠᠷ ᠪᠠᠶᠢᠨ᠎ᠠ᠃          ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠦ          ᠪᠡᠯᠡ ᠤᠷᠤᠭᠤᠯᠤᠯᠳᠠ ᠶᠢᠨ ᠲᠤᠬᠳᠠᠭᠤᠨ ᠨᠡᠮᠡᠭᠳᠡᠯ ᠳᠠᠬᠢ ᠵᠠᠩᠬᠢᠯᠠᠭ᠎ᠠ ᠶᠢᠨ ᠦᠢᠯᠡᠳᠦᠯ ᠢ          ᠬᠦᠢᠴᠡᠳ ᠪᠠᠳᠠᠷᠠᠭᠤᠯᠤᠶ᠎ᠠ                               ﹇ᠰᠢᠢᠳᠪᠦᠷᠢ ᠪᠤᠳᠤᠯᠭ᠎ᠠ﹈      ﹇ᠵᠠᠩᠭᠢᠯᠠᠭ᠎ᠠ ᠶᠢᠨ ᠦᠭᠡ﹈ ᠪᠡᠯᠡ ᠣᠷᠣᠭᠤᠯᠤᠯᠲᠠ ᠶᠢ ᠰᠠᠶᠢᠲᠤᠷ ᠠᠳᠬᠤᠵᠤ ᠲᠣᠭᠲᠠᠭᠤᠨ ᠨᠡᠮᠡᠭᠳᠡᠯ ᠢ ᠪᠠᠲᠤᠯᠠᠨ᠎ᠠ      ● ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠤᠢ ᠪᠤᠯᠭᠠᠨ ᠪᠠᠬᠢᠵᠢᠭᠦᠯᠭᠦ ᠪᠤᠶᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠤᠨ ᠠᠬᠢᠭᠤᠯᠵᠤ᠂ ︽ᠳᠦᠷᠪᠡᠨ ᠪᠦᠭᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠵᠤ᠂ ᠪᠡᠯᠡ ᠤᠷᠤᠭᠤᠯᠤᠯᠳᠠ ᠶᠢᠨ ᠲᠤᠬᠳᠠᠭᠤᠨ ᠨᠡᠮᠡᠭᠳᠡᠯ ᠳᠠᠬᠢ ᠵᠠᠩᠭᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠲᠤᠬᠳᠠᠭᠤᠨ ᠨᠡᠮᠡᠭᠳᠡᠯ ᠢ ᠪᠠᠳᠤᠯᠠᠬᠤ᠂ ᠦᠭᠡᠷᠡᠴᠢᠯᠠᠯᠳᠠ ᠎ ᠶᠢ ᠠᠬᠢᠭᠤᠯᠬᠤ᠂ ᠪᠦᠳᠦᠴᠠ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠳᠡᠭᠡᠭᠦ ᠡᠯ᠎ᠠ ᠲᠦᠷᠦᠯ ᠤᠨ ᠠᠵᠢᠯ ᠢ ᠦᠨᠡᠨᠭᠦ ᠰᠠᠶᠢᠳᠤᠷ ᠬᠢᠵᠤ᠂ ᠵᠢᠯ ᠤᠨ ᠡᠬᠢᠨ ᠳᠤ ᠲᠤᠬᠳᠠᠭᠠᠬᠰᠡᠨ ᠡᠯ᠎ᠠ ᠲᠦᠷᠦᠯ ᠤᠨ ᠬᠠᠷᠠᠯᠳᠠᠳᠤ ᠡᠭᠦᠷᠭᠡ ᠪᠠᠨ ᠪᠦᠭᠦ ᠲᠠᠯ᠎ᠠ ᠪᠠᠷ ᠪᠡᠶᠡᠯᠡᠭᠦᠯᠭᠦ ᠶᠢ ᠪᠠᠳᠤᠯᠠᠨ᠎ᠠ᠃      ● ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠪᠠ ᠦᠷᠭᠡᠨ ᠤᠯᠠᠨ ᠺᠠᠳ᠋ᠷ ᠤᠯᠡᠨ ᠲᠦᠮᠡᠨ ᠲᠤᠬᠳᠠᠭᠤᠨ ᠨᠡᠮᠡᠭᠳᠡᠯ ᠢ ᠪᠠᠳᠤᠯᠠᠨ᠂ ᠪᠡᠯᠡ ᠤᠷᠤᠭᠤᠯᠤᠯᠳᠠ ᠪᠠ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠎ ᠶᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠠᠳᠬᠤᠵᠤ᠂ ᠠᠵᠤ ᠠᠬᠤᠢᠢᠯᠡᠯ ᠤᠨ ᠲᠤᠬᠳᠠᠭᠤᠨ ᠦᠢᠯᠡᠳᠪᠦᠷᠢᠯᠡᠯ ᠎ ᠢ ᠪᠦᠭᠦ ᠲᠠᠯ᠎ᠠ ᠪᠠᠷ ᠠᠬᠢᠭᠤᠯᠤᠨ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠡᠢ ᠦᠭᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠵᠤ᠂ ᠬᠦᠮᠦᠨ ᠢᠶᠠᠷ ᠭᠤᠤᠯ ᠪᠤᠯᠭᠠᠬᠰᠡᠨ ᠬᠤᠳᠠ ᠪᠠᠯᠭᠠᠰᠤᠵᠢᠯᠳᠠ ᠶᠢ ᠢᠳᠡᠪᠬᠢᠳᠡᠢ ᠠᠬᠢᠭᠤᠯᠵᠤ᠂ ᠮᠡᠳᠡᠭᠡ ᠵᠠᠩᠭᠢᠵᠢᠯᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠦᠵᠡᠭᠦᠯᠭᠦ ᠬᠦᠴᠦᠷᠭᠡᠭ ᠶᠡᠭᠡ ᠳᠠᠶᠢᠴᠢᠯᠡᠨ ᠳᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠡᠷᠡᠭᠦᠯ ᠬᠦᠭᠵᠢᠯᠳᠠ ᠶᠢ ᠬᠦᠴᠦᠯᠡᠨ ᠠᠬᠢᠭᠤᠯᠤᠨ᠎ᠠ᠃      ● ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠡᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠡᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠮᠡᠭᠳᠡᠯ ᠢ ᠲᠤᠬᠳᠠᠭᠤᠨ ᠪᠠᠶᠢᠯᠭᠠᠬᠤ᠂ ᠪᠦᠳᠦᠴᠠ ᠶᠢ ᠲᠤᠬᠢᠷᠠᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠭᠦ᠂ ᠠᠷᠠᠳ ᠲᠤ ᠠᠰᠢᠭ ᠬᠦᠷᠳᠡᠭᠡᠭᠦ ᠳᠤ ᠬᠤᠯᠪᠤᠬᠳᠡᠬᠰᠡᠨ ᠡᠯ᠎ᠠ ᠲᠦᠷᠦᠯ ᠤᠨ ᠰᠢᠢᠳᠪᠦᠷᠢ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠤᠨ ᠪᠠᠷᠢᠯᠭ᠎ᠠ ᠡᠬᠢᠯᠡᠭᠦᠯᠵᠤ᠂ ᠲᠦᠷᠦᠯ ᠵᠦᠢᠯ ᠤᠨ ᠵᠢᠯᠤᠭᠤᠳᠤᠨ ᠳᠠᠭᠠᠭᠤᠯᠬᠤ ᠦᠢᠯᠡᠳᠦᠯ ᠪᠠ ᠪᠡᠯᠡ ᠤᠷᠤᠭᠤᠯᠤᠯᠳᠠ ᠶᠢᠨ ᠵᠠᠩᠭᠢᠯᠠᠭ᠎ᠠ ᠶᠢᠨ ᠦᠢᠯᠡᠳᠦᠯ  ᠎ ᠢ ᠬᠦᠢᠴᠡᠳ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠲᠤᠬᠳᠠᠭᠤᠨ ᠡᠷᠡᠭᠦᠯ ᠬᠦᠭᠵᠢᠯᠳᠠ ᠶᠢ ᠪᠠᠳᠤᠯᠠᠬᠤ ᠳᠤ ᠬᠦᠴᠦᠯᠡᠵᠤ᠂ ︽13· 5︾᠎ ᠶᠢᠨ ᠬᠦᠭᠵᠢᠯᠳᠠ ᠶᠢᠨ ᠰᠠᠶᠢᠨ ᠰᠠᠶᠢᠬᠠᠨ ᠡᠬᠢᠯᠡᠯᠳᠠ ᠶᠢ ᠴᠢᠷᠮᠠᠶᠢᠨ ᠪᠤᠢ ᠪᠤᠯᠭᠠᠨ᠎ᠠ᠃      ● ᠬᠠᠷᠠᠬᠠᠨ ᠬᠦᠭᠵᠢᠭᠡᠳᠦᠢ ᠪᠠᠷᠠᠭᠤᠨ ᠪᠡᠶ᠎ᠠ ᠶᠢᠨ ᠭᠠᠵᠠᠷ ᠤᠷᠤᠨ ᠳᠤ ᠠᠪᠴᠤ ᠬᠡᠯᠡᠪᠡᠯ᠂ ᠪᠡᠯᠡ ᠤᠷᠤᠭᠤᠯᠤᠯᠳᠠ ᠨᠢ ᠠᠵᠤ ᠠᠬᠤᠢ ᠶᠢᠨ ᠨᠡᠮᠡᠭᠳᠡᠯ ᠤᠨ ︽ᠨᠢᠭᠡᠳᠦᠭᠡᠷ ᠳᠠᠶᠢᠴᠢᠯᠡᠨ ᠳᠠᠭᠠᠭᠤᠯᠬᠤ ᠬᠦᠴᠤᠨ︾ ᠪᠠᠶᠢᠵᠤ ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠨᠢ ᠲᠤᠳᠤᠭᠠᠳᠤ ᠬᠡᠷᠡᠭᠴᠡᠭᠡ ᠶᠢ ᠦᠷᠭᠡᠳᠭᠡᠵᠤ ᠲᠤᠬᠳᠠᠭᠤᠨ ᠨᠡᠮᠡᠭᠳᠡᠯ ᠪᠠᠳᠤᠯᠠᠵᠤ᠂ ᠬᠠᠷᠠᠯᠳᠠ ᠶᠤᠰᠤᠭᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠲᠤᠯᠭᠠᠮ᠎ᠠ ᠱᠠᠭᠠᠷᠳᠠᠯᠭ᠎ᠠ ᠮᠦᠨ᠂ ᠪᠦᠳᠦᠴᠠ ᠶᠢ ᠲᠤᠬᠢᠷᠠᠭᠤᠯᠤᠨ ᠬᠡᠯᠪᠡᠷᠢ ᠪᠠᠨ ᠬᠤᠪᠢᠷᠠᠭᠤᠯᠬᠤ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠮᠦᠨ᠂ ᠰᠢᠯᠢᠳᠡᠭ ᠠᠮᠵᠢᠯᠳᠠ ᠪᠠᠷ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠮᠵᠢᠯᠳᠠ ᠲᠠᠢ ᠡᠬᠢᠯᠡᠭᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠭᠰᠡᠨ 70 ᠵᠢᠯ ᠤᠨ ᠤᠢ ᠶᠢ ᠤᠬᠳᠤᠬᠤ ᠪᠤᠳᠠᠳᠤ ᠱᠠᠭᠠᠷᠳᠠᠯᠭ᠎ᠠ ᠮᠦᠨ ᠭᠡᠳᠡᠭ ᠢ ᠬᠦᠢᠴᠡᠳ ᠲᠠᠨᠢᠬᠤ ᠬᠡᠷᠡᠭᠳᠡᠢ᠃      ● ᠠᠷᠠᠯᠵᠢᠶᠠᠴᠢᠨ ᠤᠷᠢᠵᠦ ᠪᠡᠯᠡ ᠤᠷᠤᠭᠤᠯᠤᠨ ᠠᠪᠴᠢᠷᠡᠬᠤ ᠲᠠᠯ᠎ᠠ ᠪᠠᠷ ᠰᠢᠨ᠎ᠠ ᠠᠷᠭ᠎ᠠ ᠬᠡᠮᠵᠢᠶ᠎ᠡ ᠠᠪᠴᠦ ᠂ ᠠᠷᠠᠯᠵᠢᠶᠠᠴᠢᠨ ᠤᠷᠢᠵᠦ ᠪᠡᠯᠡ ᠤᠷᠤᠭᠤᠯᠤᠨ ᠠᠪᠴᠢᠷᠡᠬᠤ ᠤᠢᠢᠯᠠᠭᠠᠬᠳᠠᠬᠤᠨ ᠤ ᠰᠢᠨ᠎ᠡ ᠶᠢ ᠡᠭᠦᠳᠴᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ ᠵᠠᠬ᠎ᠠ ᠳᠡᠯᠭᠡᠭᠦᠷ ᠤᠨ ᠬᠠᠨᠲᠤᠰᠢ ᠶᠢ ᠤᠨᠤᠪᠴᠢᠲᠠᠢ ᠡᠵᠡᠮᠳᠡᠵᠤ᠂ ᠭᠤᠤᠯᠳᠠᠯᠭ᠎ᠠ ᠲᠠᠢ ᠠᠵᠦ ᠦᠢᠯᠡᠰ ᠤᠨ ᠬᠦᠷᠢᠶᠡᠯᠡᠩ ᠲᠤᠭᠤᠷᠢᠭ ᠢᠶᠠᠷ ᠵᠠᠭᠤᠴᠢ ᠪᠤᠯᠭᠠᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠤᠨ ᠠᠪᠴᠢᠷᠠᠬᠤ ᠬᠦᠴᠦᠯᠡᠴᠡ ᠶᠢ ᠦᠨᠡᠨᠬᠦ ᠴᠢᠩᠭᠠᠳᠬᠠᠵᠦ᠂ ᠰᠢᠨ᠎ᠡ ᠭᠠᠷᠤᠭ᠎ᠠ ᠳᠡᠭᠡᠷ᠎ᠠ ᠪᠠᠨ ᠬᠡᠯᠪᠡᠷᠢ ᠪᠠᠨ ᠬᠤᠪᠢᠷᠠᠭᠤᠯᠤᠨ ᠬᠦᠭᠵᠢᠭᠦ ᠳᠤ ᠪᠡᠯᠡ ᠮᠦᠡᠭᠭᠦ ᠬᠢᠭᠡᠳ ᠮᠡᠷᠭᠡᠵᠢᠯ ᠤᠨ ᠲᠡᠮᠵᠢᠯᠭᠡ ᠬᠠᠨᠭ᠍ᠭᠠᠨ᠎ᠠ᠃ ᠤᠷᠴᠢᠨ ᠲᠤᠭᠤᠷᠢᠨ ᠢ ᠰᠠᠶᠢᠵᠢᠷᠠᠭᠤᠯᠬᠤ ᠲᠠᠯ᠎ᠠ ᠪᠠᠷ ᠪᠤᠲᠠᠲᠠᠢ ᠦᠷ᠎ᠡ ᠪᠦᠳᠦᠮᠵᠢ ᠭᠠᠷᠭᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠬᠦ ᠲᠦᠷᠢᠮ ᠲᠤᠬᠲᠠᠭᠠᠯ ᠪᠠ ᠪᠡᠯᠡ ᠤᠷᠤᠭᠤᠯᠵᠦ ᠪᠡᠯᠡ ᠬᠤᠷᠠᠮᠳᠤᠭᠤᠯᠬᠤ ᠲᠤᠬᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠦ᠂ ᠨᠡᠬᠡᠭᠡᠯᠳᠠ ᠬᠢᠭᠦ ᠪᠠᠷ ᠳᠠᠶᠢᠴᠢᠯᠡᠨ ᠳᠠᠭᠠᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠤᠯᠤᠰ ᠤᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠤᠨ ᠬᠠᠮᠳᠤᠪᠠᠷ ᠬᠦᠭᠵᠢᠬᠦ ᠪᠠᠶᠢᠯᠳᠤᠬᠤ ᠪᠤᠳᠤᠯᠭ᠎ᠠ ᠲᠠᠢ ᠭᠦᠨᠵᠡᠭᠡᠢ ᠠᠭᠤᠰᠤᠯᠴᠠᠵᠦ᠂ ᠳᠤᠲᠤᠭᠠᠲᠦ ᠭᠠᠳᠠᠭᠠᠲᠦ ᠳᠠᠬᠢ ᠨᠡᠬᠡᠭᠡᠯᠲᠡ ᠶᠢᠨ ᠬᠢᠷᠢ ᠲᠦᠪᠰᠢᠨ ᠢ ᠪᠦᠬᠦ ᠲᠠᠯ᠎ᠡ ᠪᠠᠷ ᠳᠡᠭᠡᠭᠰᠢᠯᠡᠭᠦᠯᠦᠨ᠎ᠡ᠃      ● ᠪᠡᠯᠡ ᠮᠦᠡᠭᠭᠦ ᠴᠤᠬᠯᠠᠭᠤᠯᠬᠤ ᠠᠷᠭ᠎ᠠ ᠶᠢᠨ ᠲᠠᠯ᠎ᠠ ᠪᠠᠷ ᠢᠯᠡᠭᠦᠭᠡᠨ ᠬᠦᠴᠤ ᠤᠷᠤᠭᠤᠯᠵᠤ᠂ ᠤᠯᠤᠰ ᠤᠨ ᠪᠡᠯᠡ ᠤᠷᠤᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠲᠠᠢ ᠡᠵᠡᠮᠳᠡᠵᠤ᠂ ᠵᠠᠰᠠᠭ ᠎ ᠤᠨ ᠤᠷᠳᠤᠨ ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭᠠᠨ ᠤ ᠵᠠᠬᠪᠤᠷ ᠢ ᠶᠡᠬᠡᠪᠡᠷ ᠲᠡᠯᠭᠡᠷᠡᠭᠦᠯᠤᠨ ᠬᠡᠷᠡᠭᠵᠢᠭᠦᠯᠵᠤ᠂ ᠮᠦᠡᠭᠭᠦᠨ ᠭᠦᠢᠯᠭᠡᠭᠡᠨ ᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠳᠬᠠᠵᠦ᠂ ᠠᠷᠠᠳ ᠤᠨ ᠪᠡᠯᠡ ᠤᠷᠤᠭᠤᠯᠤᠯᠲᠠ ᠶᠢᠨ ᠤᠷᠮ᠎ᠡ ᠢᠳᠡᠪᠬᠢᠵᠢᠯ ᠢ ᠨᠡᠩ ᠴᠢᠨᠠᠬᠰᠢᠲᠠ ᠪᠠᠳᠠᠷᠠᠭᠤᠯᠤᠨ᠎ᠡ᠃      ● ᠲᠦᠷᠦᠯ ᠵᠦᠢᠯ ᠢ ᠴᠢᠩᠭ᠎ᠠ ᠠᠳᠬᠤᠬᠤ᠂ ᠪᠡᠯᠡ ᠤᠷᠤᠭᠤᠯᠤᠯᠲᠠ ᠶᠢ ᠠᠬᠢᠭᠤᠯᠬᠤ ᠬᠠᠷᠢᠭᠤᠴᠠᠯᠠᠭᠠᠲᠦ ᠰᠡᠳᠬᠢᠯᠭᠡ ᠪᠠ ᠪᠠᠴᠢᠮ ᠲᠤᠯᠭᠠᠮ᠎ᠡ ᠰᠡᠳᠬᠢᠯᠭᠡ ᠪᠠᠨ ᠦᠨᠡᠨᠬᠦ ᠴᠢᠩᠭᠠᠳᠬᠠᠵᠦ᠂ ᠬᠠᠷᠢᠭᠤᠴᠠᠯᠭ᠎ᠠ ᠪᠠᠨ ᠲᠤᠳᠤᠷᠬᠠᠢᠢᠯᠡᠨ᠂ ᠪᠠᠷᠢᠯᠭ᠎ᠠ ᠶᠢᠨ ᠬᠤᠭᠤᠴᠠᠭ᠎ᠠ ᠶᠢ ᠨᠠᠷᠢᠨ ᠲᠤᠬᠲᠠᠭᠠᠵᠦ᠂ ᠡᠯ᠎ᠡ ᠲᠦᠷᠦᠯ ᠤᠨ ᠴᠢᠬᠤᠯᠠ ᠶᠡᠭᠡ ᠲᠦᠷᠦᠯ ᠵᠦᠢᠯ ᠤᠨ ᠲᠤᠬᠳᠠᠬᠰᠡᠨ ᠴᠠᠬ ᠲᠠᠭᠠᠨ ᠪᠠᠷᠢᠯᠭ᠎ᠠ ᠳᠠᠭᠤᠰᠬᠠᠬᠤ ᠶᠢ ᠪᠠᠲᠤᠯᠠᠨ᠎ᠡ᠃      ● ᠪᠦᠬᠦ ᠤᠷᠤᠨ ᠤ ᠬᠡᠪᠴᠢᠶᠡᠨ ᠤ ᠵᠤᠭᠠᠴᠠᠯ ᠤᠨ ᠬᠦᠭᠵᠢᠯᠲᠡ ᠶᠢᠨ ᠣᠨᠣᠯᠵᠢᠬᠤᠨ ᠢ ᠪᠤᠢ ᠪᠤᠯᠭᠠᠵᠦ᠂ ᠰᠤᠶᠤᠯ ᠤᠨ ᠵᠤᠭᠠᠴᠠᠯ ᠤᠨ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠤᠨ ᠠᠪᠴᠢᠷᠠᠬᠤ ᠬᠦᠴᠦᠯᠡᠴᠡ ᠶᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠤᠷᠤᠯᠠᠭᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠦ᠂ ᠡᠷᠡᠭᠦᠯ᠂ ᠰᠡᠯᠡᠭᠦᠴᠡᠯ ᠤᠨ᠂ ᠰᠤᠶᠤᠯ ᠤᠨ᠂ ᠬᠢᠯᠢ ᠠᠯᠤᠰᠯᠠᠬᠰᠡᠨ ᠵᠤᠭᠠᠴᠠᠯ ᠢ ᠶᠡᠬᠡᠪᠡᠷ ᠬᠦᠭᠵᠢᠭᠦᠯᠵᠦ᠂ ᠵᠤᠭᠠᠴᠠᠯ ᠬᠢᠭᠡᠳ ᠰᠤᠶᠤᠯ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠳᠠᠭᠠᠳᠤ ᠨᠡᠭᠡᠭᠡᠯᠳᠠ ᠶᠢᠨ ᠭᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠤᠨ᠎ᠡ᠃      — ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠱᠦᠵᠢ ᠯᠢ ᠵᠢᠢ ᠾᠧᠩ ᠤᠨ ᠮᠠᠨ ᠤ ᠤᠷᠤᠨ ᠤ ᠬᠡᠰᠡᠭ ᠠᠶᠢᠮᠠᠭ ᠬᠤᠲᠠ ᠢᠶᠠᠷ ᠰᠢᠨᠵᠢᠯᠡᠨ ᠪᠠᠶᠢᠴᠠᠭᠠᠬᠰᠡᠨ ᠬᠤᠭᠤᠴᠠᠭᠠᠨ ᠤ ᠪᠠ ᠪᠦᠬᠦ ᠤᠷᠤᠨ ᠤ ᠨᠠᠮᠤᠷ ᠎ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠬᠤ ᠲᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠡᠷᠢᠶ᠎ᠡ ᠠᠴᠠ                      ﹇ᠪᠡᠯᠡ ᠤᠷᠤᠭᠤᠯᠤᠯᠲᠠ ᠬᠢᠭᠡᠳ ᠬᠦᠭᠵᠢᠯᠲᠡ﹈       ﹇ᠵᠠᠩᠭᠢᠯᠠᠭ᠎ᠠ ᠶᠢᠨ ᠦᠭᠡ﹈ ᠲᠦᠮᠡᠨ ᠳ᠋ᠦᠩᠰᠢᠭᠤᠷ ᠪᠡᠯᠡ ᠣᠷᠣᠭᠤᠯᠵᠤ ᠬᠦᠭᠵᠢᠯᠲᠡ ᠶᠢ ᠠᠬᠢᠭᠤᠯᠤᠨ᠎ᠠ       ᠬᠠᠷᠢᠭᠤᠴᠠᠯᠭᠠᠲᠦ ᠰᠡᠳᠬᠢᠯᠬᠡ ᠪᠠ ᠪᠠᠴᠢᠮ ᠲᠤᠯᠭᠠᠮ᠎ᠠ ᠰᠡᠳᠬᠢᠯᠬᠡ ᠪᠠᠨ ᠦᠨᠡᠨᠭᠦ ᠴᠢᠩᠭᠠᠳᠬᠠᠵᠦ᠂ ᠪᠡᠯᠡ ᠤᠷᠤᠭᠤᠯᠤᠯᠳᠠ ᠶᠢᠨ ᠲᠤᠭᠲᠠᠭᠤᠨ ᠨᠡᠮᠡᠭᠳᠡᠯ ᠳᠤ ᠦᠵᠡᠭᠦᠯᠭᠦ ᠵᠠᠩᠬᠢᠯᠠᠭ᠎ᠠ ᠶᠢᠨ ᠦᠢᠯᠡᠲᠦᠯ ᠢ ᠬᠦᠢᠴᠡᠳ ᠪᠠᠲᠠᠷᠠᠭᠤᠯᠤᠨ᠎ᠠ — ᠡᠨᠡ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠠᠭᠠᠷᠲᠠᠯᠭ᠎ᠠ᠂ ᠮᠦᠨ ᠴᠦ ᠮᠠᠨ ᠤ ᠤᠷᠤᠨ ᠤ ᠠᠵᠦ ᠠᠬᠤᠢ ᠨᠡᠶᠢᠬᠡᠮ ᠤᠨ ᠲᠤᠭᠲᠠᠭᠤᠨ ᠡᠷᠡᠬᠦᠯ ᠬᠦᠭᠵᠢᠯᠳᠡ ᠶᠢᠨ ᠪᠤᠰᠤᠳᠴᠢ ᠱᠠᠭᠠᠷᠲᠠᠯᠭ᠎ᠠ ᠪᠤᠯᠤᠨ᠎ᠠ᠃      ᠵᠢᠯ ᠤᠨ ᠡᠬᠢᠨ ᠠᠴᠠ ᠨᠠᠰᠢ᠂ ᠲᠤᠲᠤᠭᠠᠲᠦ ᠭᠡᠷᠡᠭᠴᠡᠭᠡ ᠶᠢ ᠦᠷᠭᠡᠳᠭᠡᠬᠦ ᠶᠠᠪᠤᠴᠠ ᠳᠤ ᠲᠤᠭᠲᠠᠭᠤᠨ ᠨᠡᠮᠡᠭᠳᠡᠯ ᠢ ᠠᠬᠢᠭᠤᠯᠬᠤ ᠶᠢᠨ ᠲᠦᠯᠦᠬᠡ᠂ ᠮᠠᠨ ᠤ ᠤᠷᠤᠨ ᠪᠡᠯᠡ ᠤᠷᠤᠭᠤᠯᠤᠯᠲᠠ ᠪᠠ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠤᠶᠠᠯᠲᠤᠭᠤᠯᠵᠦ᠂ ᠪᠦᠲᠦᠴᠡ ᠶᠢ ᠲᠤᠬᠢᠷᠠᠭᠤᠯᠬᠤ ᠪᠠ ᠠᠵᠦ ᠠᠬᠤᠢ ᠎ ᠶᠢᠨ ᠡᠷᠬᠢᠯᠳᠡ ᠶᠢᠨ ᠶᠠᠰᠦ ᠴᠢᠨᠠᠷ ᠢ ᠲᠡᠭᠡᠭᠰᠢᠯᠡᠬᠦᠯᠦᠭᠰᠡᠨ ᠤᠷᠢᠲᠠᠯ ᠲᠤᠤᠷ᠎ᠠ᠂ ᠪᠡᠯᠡ ᠤᠷᠤᠭᠤᠯᠤᠯᠳᠠ ᠶᠢᠨ ᠲᠤᠭᠲᠠᠭᠤᠨ ᠨᠡᠮᠡᠭᠳᠡᠯ ᠳᠠᠬᠢ ᠵᠠᠩᠬᠢᠯᠠᠭ᠎ᠠ ᠶᠢᠨ ᠦᠢᠯᠡᠲᠦᠯ ᠢ ᠬᠦᠢᠴᠡᠳ ᠪᠠᠲᠠᠷᠠᠭᠤᠯᠵᠦ᠂ ᠪᠦᠬᠦ ᠤᠷᠤᠨ ᠤ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠦᠷᠭᠦᠯᠵᠢᠯᠡᠨ ᠵᠤᠬᠢᠰᠲᠠᠢ ᠬᠡᠪᠴᠢᠶᠡᠨ ᠳᠤ ᠪᠠᠶᠢᠬᠤ ᠶᠢ ᠠᠬᠢᠭᠤᠯᠪᠡ᠃      ᠡᠨᠡ ᠵᠢᠯ ᠤᠨ 1 — 8 ᠰᠠᠷ᠎ᠠ ᠳᠤ᠂ ᠪᠦᠬᠦ ᠤᠷᠤᠨ ᠤ 500 ᠲᠦᠮᠡᠨ ᠲᠦᠬᠦᠷᠢᠭ ᠠᠴᠠ ᠲᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠲᠦᠮᠡᠨ ᠳ᠋ᠦᠩᠰᠢᠭᠤᠷ ᠲᠦᠬᠦᠷᠢᠭ ᠠᠴᠠ ᠲᠠᠪᠠᠵᠦ᠂ 10259.46 ᠳ᠋ᠦᠩᠰᠢᠭᠤᠷ ᠲᠦᠬᠦᠷᠢᠭ ᠪᠤᠯᠵᠦ᠂ ᠨᠢᠳᠤᠨᠤᠨ ᠵᠢᠯ ᠤᠨ ᠠᠲᠠᠯᠢ ᠬᠤᠭᠤᠴᠠᠭᠠ ᠎ ᠤ ᠬᠢ ᠠᠴᠠ 11.8%᠎ ᠢᠶᠠᠷ ᠨᠡᠮᠡᠭᠳᠡᠵᠦ᠂ ᠪᠦᠬᠦ ᠤᠯᠤᠰ ᠤᠨ ᠠᠳᠠᠯᠢ ᠬᠤᠭᠤᠴᠠᠭᠠᠨ ᠤ ᠲᠤᠮᠲᠠᠴᠢ ᠨᠡᠮᠡᠭᠳᠡᠯ ᠤᠨ ᠬᠤᠷᠲᠤᠴᠠ ᠠᠴᠠ ᠵᠠᠭᠤᠨ ᠤ ᠬᠠᠷᠢᠴᠡᠯ ᠢᠶᠠᠷ 3.7 ᠬᠤᠪᠢ ᠪᠠᠷ ᠲᠦᠷᠭᠡᠰᠴᠡᠢ᠃      ᠭᠤᠷᠪᠠᠨ ᠲᠦᠷᠦᠯ ᠤᠨ ᠠᠵᠦ ᠦᠢᠯᠡᠰ ᠢ ᠠᠵᠢᠬᠯᠠᠪᠠᠯ᠂ ᠨᠢᠬᠡᠲᠦᠭᠡᠷ ᠠᠵᠦ ᠦᠢᠯᠡᠰ ᠲᠠᠬᠢ ᠪᠡᠯᠡ ᠤᠷᠤᠭᠤᠯᠤᠯᠳᠠ 503.98 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠵᠢᠯ ᠤᠨ ᠠᠲᠠᠯᠢ ᠬᠤᠭᠤᠴᠠᠭᠠᠨ ᠎ ᠤ ᠬᠢ ᠠᠴᠠ 12.1%᠎ ᠢᠶᠠᠷ ᠨᠡᠮᠡᠭᠳᠡᠵᠡᠢ᠃ ᠬᠤᠶᠠᠲᠤᠭᠠᠷ ᠠᠵᠦ ᠦᠢᠯᠡᠰ ᠲᠠᠬᠢ ᠪᠡᠯᠡ ᠤᠷᠤᠭᠤᠯᠤᠯᠳᠠ 4512.96 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠵᠢᠯ ᠤᠨ ᠠᠲᠠᠯᠢ ᠬᠤᠭᠤᠴᠠᠭᠠᠨ ᠤ ᠬᠢ ᠠᠴᠠ 1.8% ᠎ ᠢᠶᠠᠷ ᠪᠠᠭᠤᠷᠠᠨ᠂ ᠭᠤᠷᠪᠠᠲᠤᠭᠠᠷ ᠠᠵᠦ ᠦᠢᠯᠡᠰ ᠲᠠᠬᠢ ᠪᠡᠯᠡ ᠤᠷᠤᠭᠤᠯᠤᠯᠳᠠ 5242.52 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 26.8%᠎ ᠢᠶᠠᠷ ᠨᠡᠮᠡᠭᠳᠡᠵᠡᠢ᠃ ᠭᠤᠷᠪᠠᠲᠤᠭᠠᠷ ᠠᠵᠦ ᠦᠢᠯᠡᠰ ᠤᠨ ᠨᠡᠮᠡᠭᠳᠡᠯ ᠤᠨ ᠬᠤᠷᠲᠤᠴᠠ ᠨᠢ ᠨᠢᠬᠡᠲᠦᠭᠡᠷ ᠠᠵᠦ ᠦᠢᠯᠡᠰ᠂ ᠬᠤᠶᠠᠲᠤᠭᠠᠷ ᠠᠵᠦ ᠦᠢᠯᠡᠰ ᠤᠨ ᠬᠢ ᠠᠴᠠ ᠵᠠᠭᠤᠨ ᠤ ᠬᠠᠷᠢᠴᠡᠯ ᠢᠶᠠᠷ ᠲᠤᠰ ᠲᠤᠰ 14.7 ᠬᠤᠪᠢ ᠪᠠ 28.6 ᠬᠤᠪᠢ ᠲᠦᠷᠭᠡᠨ ᠪᠤᠯᠪᠡ᠃ ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠠᠵᠢᠬᠯᠠᠪᠠᠯ᠂ ᠪᠦᠬᠦ ᠤᠷᠤᠨ ᠤ ᠪᠦᠲᠦᠭᠡᠨ ᠪᠠᠶᠢᠭᠤᠯᠵᠦ ᠪᠠᠶᠢᠭ᠎ᠠ ᠲᠦᠷᠦᠯ ᠵᠦᠢᠯ 17307 ᠪᠠᠶᠢᠵᠦ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 25.6% ᠎ ᠢᠶᠠᠷ ᠨᠡᠮᠡᠭᠳᠡᠪᠡ᠃ ᠲᠤᠰ ᠵᠢᠯ ᠤᠨ ᠠᠰᠢᠬᠯᠠᠯᠲᠠ ᠳᠤ ᠤᠷᠤᠭᠰᠠᠨ ᠲᠦᠷᠦᠯ ᠵᠦᠢᠯ 9977 ᠪᠠᠶᠢᠵᠦ᠂ ᠠᠲᠠᠯᠢ ᠬᠤᠭᠤᠴᠠᠭᠠᠨ ᠤ ᠬᠢ ᠠᠴᠠ 48.7%᠎ ᠢᠶᠠᠷ ᠨᠡᠮᠡᠭᠳᠡᠵᠡᠢ᠃      ᠡᠬᠦᠨ ᠤ ᠬᠠᠮᠲᠦ᠂ ᠪᠦᠬᠦ ᠤᠷᠤᠨ ᠤ ᠭᠡᠷ ᠭᠠᠵᠠᠷ ᠤᠨ ᠬᠦᠷᠦᠩᠭᠡ ᠳᠠᠬᠢ ᠪᠡᠯᠡ ᠤᠷᠤᠭᠤᠯᠤᠯᠲᠠ ᠪᠠᠭ᠎ᠠ ᠬᠡᠮᠵᠢᠶ᠎ᠡ ᠪᠠᠷ ᠲᠡᠭᠡᠭᠰᠢᠯᠡᠭᠰᠡᠨ ᠪᠠᠶᠢᠨ᠎ᠠ᠃ ᠡᠨᠡ ᠵᠢᠯ ᠤᠨ 1 — 8 ᠰᠠᠷ᠎ᠠ ᠳᠤ᠂ ᠪᠦᠬᠦ ᠤᠷᠤᠨ ᠤ ᠭᠡᠷ ᠭᠠᠵᠠᠷ ᠎ ᠤᠨ ᠬᠦᠷᠦᠩᠭᠡ ᠳᠤ ᠤᠷᠤᠭᠤᠯᠤᠬᠰᠡᠨ ᠪᠡᠯᠡ ᠮᠦᠡᠭᠭᠦ 709.32᠎ ᠢᠶᠠᠷ ᠨᠡᠮᠡᠭᠳᠡᠪᠡ᠃ ᠲᠤᠰ ᠵᠢᠯ ᠤᠨ ᠠᠰᠢᠬᠯᠠᠯᠲᠠ ᠎ ᠳᠤ ᠤᠷᠤᠭᠰᠠᠨ ᠲᠦᠷᠦᠯ ᠵᠦᠢᠯ 9977 ᠪᠠᠶᠢᠵᠦ᠂ ᠠᠲᠠᠯᠢ ᠬᠤᠭᠤᠴᠠᠭᠠᠨ ᠤ ᠬᠢ ᠠᠴᠠ 48.7%᠎ ᠢᠶᠠᠷ ᠨᠡᠮᠡᠭᠳᠡᠵᠡᠢ᠃      ᠡᠨᠡ ᠨᠢᠭᠡ ᠲᠦᠮᠡ ᠭᠠᠷᠤᠢ ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠨᠢ ᠮᠠᠨ ᠤ ᠤᠷᠤᠨ ᠤ ︽12· 5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠪᠦᠬᠦ᠋ᠢᠯᠡ ᠨᠡᠶᠢᠭᠡᠮ ᠤᠨ ᠲᠤᠬᠳᠠᠮᠠᠯ ᠬᠦᠷᠦᠩᠭᠡ ᠶᠢᠨ ᠵᠢᠯ ᠲᠤᠮᠳᠠᠴᠢ ᠶᠢᠨ ᠪᠡᠯᠡ ᠤᠷᠤᠭᠤᠯᠤᠯᠲᠠ ᠶᠢᠨ ᠬᠡᠮᠵᠢᠶ᠎ᠡ ᠲᠠᠢ ᠲᠡᠩᠴᠡᠨ᠎ᠡ᠃ ᠤᠳᠤᠬᠠᠨ ᠤ ᠪᠦᠬᠦ ᠲᠡᠯᠡᠬᠡᠢ ᠶᠢᠨ ᠠᠵᠤ ᠠᠬᠤᠢ ᠶᠢᠨ ᠬᠦᠭᠵᠢᠯᠳᠡ ᠮᠠᠭᠤᠳᠠᠵᠤ᠂ ᠤᠯᠤᠰ ᠤᠨ ᠲᠤᠳᠤᠭᠠᠳᠤ ᠶᠢᠨ ᠬᠠᠩᠭᠠᠯᠭ᠎ᠠ ᠬᠡᠷᠡᠭᠴᠡᠭᠡ ᠶᠢᠨ ᠪᠦᠳᠦᠴᠡ ᠶᠢᠨ ᠴᠢᠨᠠᠷᠳᠠᠢ ᠵᠦᠷᠢᠴᠡᠯ ᠲᠤᠪᠤᠶᠢᠮ᠎ᠠ ᠪᠠᠶᠢᠭ᠎ᠠ ᠨᠤᠴᠢᠳᠠᠢ ᠪᠠᠶᠢᠳᠠᠯ ᠳᠣᠣᠷ᠎ᠠ᠂ ᠮᠠᠨ ᠤ ᠤᠷᠤᠨ ᠵᠦᠪᠬᠡᠨ 8 ᠰᠠᠷ᠎ᠠ ᠶᠢᠨ ᠬᠤᠭᠤᠴᠠᠭᠠᠨ ᠳᠤ ᠡᠶᠢᠮᠦᠷᠬᠦ ᠲᠤᠳᠤᠭᠠᠳᠤ ᠬᠡᠷᠡᠭᠴᠡᠭᠡ ᠶᠢ ᠦᠷᠭᠡᠳᠬᠡᠭᠰᠡᠨ ᠤᠮᠤᠭᠰᠢᠭᠤᠰᠢᠳᠠᠢ ᠬᠢᠷᠢ ᠪᠦᠳᠦᠮᠵᠢ ᠤᠯᠤᠬᠰᠠᠨ ᠨᠢ ᠬᠢᠯᠪᠠᠷ ᠪᠤᠰᠤ ᠶᠤᠮ᠃      ᠡᠨᠡᠬᠦ ᠬᠢᠷᠢ ᠪᠦᠳᠦᠮᠵᠢ ᠶᠢᠨ ︽ᠤᠮᠤᠭᠰᠢᠭᠤᠰᠢᠳᠠᠢ︾ ᠲᠠᠯ᠎ᠠ ᠨᠢ ᠵᠦᠪᠬᠡᠨ ᠪᠡᠯᠡ ᠤᠷᠤᠭᠤᠯᠤᠯᠲᠠ ᠶᠢᠨ ᠲᠤᠰ ᠪᠡᠶ᠎ᠡ ᠳᠡᠭᠡᠷ᠎ᠡ ᠢᠯᠡᠷᠡᠭᠰᠡᠨ ᠢᠶᠠᠷ ᠪᠠᠷᠠᠬᠤ ᠦᠭᠡᠢ᠂ ᠨᠡᠩ ᠢᠯᠡᠬᠦᠦ ᠪᠡᠯᠡ ᠤᠷᠤᠭᠤᠯᠤᠯᠲᠠ ᠶᠢᠨ ᠪᠦᠳᠦᠴᠡ ᠶᠢᠨ ᠰᠢᠯᠢᠳᠡᠭᠵᠢᠭᠦᠯᠦᠯᠳᠡ ᠶᠢᠨ ᠪᠦᠬᠦ ᠤᠷᠤᠨ ᠤ ᠠᠵᠤ ᠠᠬᠤᠢ ᠶᠢᠨ ᠡᠷᠡᠭᠦᠯ ᠲᠤᠬᠳᠠᠭᠤᠨ ᠬᠦᠭᠵᠢᠯᠳᠡ ᠶᠢ ᠠᠬᠢᠭᠤᠯᠤᠬᠰᠠᠨ ᠢᠳᠡᠪᠬᠢ ᠦᠢᠯᠡᠳᠦᠯ ᠲᠡᠭᠡᠷ᠎ᠡ ᠢᠯᠡᠷᠡᠵᠦ ᠪᠠᠶᠢᠨ᠎ᠠ᠄ 1 — 8 ᠳ᠋ᠤᠭᠠᠷ ᠰᠠᠷ᠎ᠠ ᠳᠤ᠂ ᠮᠠᠨ ᠤ ᠤᠷᠤᠨ ᠤ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠲᠠ ᠬᠤᠶᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠲᠠ ᠠᠴᠠ 700 ᠭᠠᠷᠤᠢ  ᠲᠦᠬᠦᠷᠢᠭ ᠪᠠᠶᠢᠵᠦ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠎ ᠤ ᠬᠢ ᠠᠴᠠ 2.7%᠎ ᠢᠶᠠᠷ ᠨᠡᠮᠡᠭᠳᠡᠵᠦ᠂ 1 — 7  ᠳ᠋ᠤᠭᠠᠷ ᠰᠠᠷ᠎ᠠ ᠤᠨ ᠬᠢ ᠠᠴᠠ ᠵᠠᠭᠤᠨ ᠤ ᠬᠠᠷᠢᠴᠡᠯ ᠢᠶᠠᠷ 2.9 ᠨᠡᠮᠡᠭᠳᠡᠵᠡᠢ︔ ᠪᠤᠷᠤᠯᠠᠭᠤᠯᠤᠬᠰᠡᠨ ᠲᠠᠸᠠᠷ ᠤᠨ ᠤᠷᠤᠨ ᠰᠠᠭᠤᠴᠠ ᠶᠢᠨ ᠲᠠᠯᠠᠪᠠᠢ ᠨᠢ 987.18 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠦ᠂ ᠨᠢᠳᠤᠨᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 14.0%᠎ ᠢᠶᠠᠷ ᠨᠡᠮᠡᠭᠳᠡᠪᠡ︔ ᠲᠠᠸᠠᠷ ᠤᠨ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠶᠡᠷᠦᠩᠭᠡᠢ ᠭᠡᠮᠵᠢᠶ᠎ᠠ 430.92 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠵᠢᠯ ᠤᠨ᠂ ᠠᠳᠠᠯᠢ ᠬᠤᠭᠤᠴᠠᠭᠠᠨ ᠤ ᠬᠢ ᠠᠴᠠ 7.4%᠎ ᠢᠶᠠᠷ ᠨᠡᠮᠡᠭᠳᠡᠭᠰᠡᠨ ᠪᠠᠶᠢᠨ᠎ᠠ᠃      1 — 8 ᠳ᠋ᠤᠭᠠᠷ ᠰᠠᠷ᠎ᠠ ᠳᠤ᠂ ᠪᠦᠬᠦ ᠤᠷᠤᠨ ᠤ ᠰᠢᠨ᠎ᠡ ᠪᠠᠷ ᠪᠠᠷᠢᠯᠭ᠎ᠠ ᠡᠬᠢᠯᠡᠭᠰᠡᠨ ᠪᠠ ᠪᠠᠷᠢᠯᠭ᠎ᠠ ᠰᠡᠷᠬᠦᠭᠡᠭᠰᠡᠨ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ 944 ᠪᠤᠯᠪᠠ᠃ ᠡᠭᠦᠨ ᠳᠤ ᠵᠢᠷᠭᠤᠭᠠᠨ ᠶᠡᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠦᠷᠦᠯ ᠵᠦᠢᠯ 832 ᠪᠠᠶᠢᠵᠤ᠂ ᠪᠦᠬᠦ ᠤᠷᠤᠨ ᠤ ᠰᠢᠨ᠎ᠡ ᠪᠠᠷ ᠪᠠᠷᠢᠯᠭ᠎ᠠ ᠡᠬᠢᠯᠡᠭᠰᠡᠨ ᠪᠠ ᠰᠡᠷᠭᠦᠭᠡᠭᠰᠡᠨ ᠳ᠋ᠦᠩᠰᠢᠭᠤᠷ ᠲᠦᠭᠦᠷᠢᠭ ᠠᠴᠠ ᠲᠡᠭᠡᠰᠢᠬᠢ ᠠᠵᠤ ᠦᠢᠯᠡᠳᠪᠦᠷᠢ ᠶᠢᠨ ᠲᠦᠷᠦᠯ ᠵᠦᠢᠯ ᠤᠨ 88.14%᠎ ᠢ ᠡᠵᠡᠯᠡᠵᠦ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠨᠠᠶᠢᠳᠠ 2535.94 ᠳ᠋ᠦᠩᠰᠢᠭᠤᠷ ᠲᠦᠭᠦᠷᠢᠭ ᠲᠤ ᠬᠦᠷᠪᠡ᠂ ᠡᠨᠡ ᠨᠢ ᠪᠦᠬᠦ ᠤᠷᠤᠨ ᠤ ᠰᠢᠨ᠎ᠡ ᠪᠠᠷ ᠪᠠᠷᠢᠯᠭ᠎ᠠ ᠡᠬᠢᠯᠡᠭᠰᠡᠨ ᠪᠠ ᠪᠠᠷᠢᠯᠭ᠎ᠠ ᠰᠡᠷᠭᠦᠭᠡᠭᠰᠡᠨ ᠳ᠋ᠦᠩᠰᠢᠭᠤᠷ ᠲᠦᠭᠦᠷᠢᠭ ᠠᠴᠠ ᠲᠡᠭᠡᠰᠢᠬᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ 91.63%᠎ ᠢ ᠡᠵᠡᠯᠡᠭᠰᠡᠨ ᠪᠠᠶᠢᠨ᠎ᠠ᠃      ᠵᠢᠯ ᠤᠨ ᠡᠬᠢᠨ ᠠᠴᠠ ᠨᠠᠰᠢ᠂ ᠮᠠᠨ ᠤ ᠤᠷᠤᠨ ᠤ ᠨᠡᠭᠦᠷᠡᠰᠦ᠂ ᠲᠡᠮᠦᠷᠯᠢᠭ ᠬᠠᠶᠢᠯᠠᠭᠤᠯᠬᠤ ᠵᠡᠷᠭᠡ ᠤᠯᠠᠮᠵᠢᠯᠠᠯᠳᠤ ᠠᠵᠤ ᠦᠢᠯᠡᠰ ᠤᠨ ᠭᠦᠷᠢᠶᠡᠨ ᠳᠠᠬᠢ ᠪᠡᠯᠡ ᠤᠷᠤᠭᠤᠯᠤᠯᠲᠠ ᠶᠢᠨ ᠨᠡᠮᠡᠭᠳᠡᠯ ᠨᠢ ᠰᠢᠨ᠎ᠡ ᠮᠠᠲ᠋ᠧᠷᠢᠶᠠᠯ᠂ ᠡᠬᠦᠯᠡᠨ ᠪᠤᠳᠤᠯᠳᠠ᠂ ᠵᠡᠪᠰᠡᠭ ᠲᠤᠨᠤᠭᠯᠠᠯ ᠦᠢᠯᠡᠳᠬᠦ ᠵᠡᠷᠭᠡ ᠰᠢᠨ᠎ᠡ ᠪᠠᠷ ᠰᠡᠷᠭᠦᠨ ᠮᠠᠨᠳᠤᠬᠰᠡᠨ ᠠᠵᠤ ᠦᠢᠯᠡᠰ ᠤᠨ ᠪᠡᠯᠡ ᠤᠷᠤᠭᠤᠯᠤᠯᠲᠠ ᠠᠴᠠ ᠬᠤᠯᠠ ᠲᠤᠤᠷ᠎ᠠ ᠪᠤᠯᠵᠤ᠂ ᠡᠬᠦᠨ ᠤ ᠤᠯᠠᠮ ᠢᠶᠠᠷ ᠤᠯᠠᠮᠵᠢᠯᠠᠯᠳᠤ ᠲᠤᠤᠷᠠᠳᠤ ᠲᠡᠰ ᠤᠨ ᠠᠵᠤ ᠦᠢᠯᠡᠰ ᠤᠨ ᠨᠡᠮᠡᠭᠳᠡᠯ ᠦᠷᠳᠡᠭ ᠲᠤᠷᠤᠬᠰᠢᠯᠠᠵᠤ᠂ ᠲᠡᠭᠡᠳᠦ ᠰᠢᠨ᠎ᠡ ᠮᠡᠷᠭᠡᠵᠢᠯ ᠪᠡ ᠵᠡᠪᠰᠡᠭ ᠲᠤᠨᠤᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠦᠷᠳᠡᠭ ᠦᠷᠭᠦᠯᠵᠢᠯᠡᠨ ᠨᠡᠮᠡᠭᠳᠡᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃      ᠪᠡᠯᠡ ᠤᠷᠤᠭᠤᠯᠤᠯᠲᠠ ᠶᠢᠨ ᠪᠦᠳᠦᠴᠡ ᠶᠢᠨ ᠰᠢᠯᠢᠳᠡᠭᠵᠢᠭᠦ ᠶᠢ ᠲᠠᠭᠠᠯᠳᠤᠨ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ 7᠎ ᠠᠴᠠ ᠲᠡᠭᠡᠭᠰᠢ ᠪᠠᠶᠢᠬᠤ ᠶᠢ ᠪᠠᠳᠤᠯᠠᠵᠤ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ ᠵᠦᠢ ᠵᠤᠬᠢᠰᠳᠠᠢ ᠬᠡᠪᠴᠢᠶᠡᠨ ᠳᠤ ᠤᠷᠤᠰᠢᠵᠤ︔ 1 — 8 ᠳ᠋ᠤᠭᠠᠷ ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠲᠤᠮᠳᠠᠴᠢ ᠬᠢᠷᠢ ᠲᠦᠪᠰᠢᠨ ᠠᠴᠠ ᠦᠨᠳᠦᠷ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠨᠡᠮᠡᠭᠳᠡᠯ ᠤᠨ ᠬᠡᠮᠵᠢᠶ᠎ᠡ ᠨᠢ 1 — 7 ᠳ᠋ᠤᠭᠠᠷ ᠰᠠᠷ᠎ᠠ ᠲᠠᠢ ᠬᠠᠷᠢᠴᠠᠭᠤᠯᠪᠠᠯ ᠵᠤᠬᠢᠬᠤ ᠬᠡᠮᠵᠢᠶ᠎ᠡ ᠪᠠᠷ ᠪᠠᠭᠤᠷᠠᠬᠰᠠᠨ ᠪᠠᠶᠢᠨ᠎ᠠ᠃ ᠡᠳᠡᠭᠡᠷ ᠲᠤᠬᠳᠠᠭᠤᠨ ᠤ ᠲᠤᠮᠳᠠ ᠠᠬᠢᠯᠳᠠ ᠲᠠᠢ᠂ ᠲᠤᠬᠳᠠᠭᠤᠨ ᠤ ᠲᠤᠮᠳᠠ ᠰᠠᠶᠢᠵᠢᠷᠠᠯᠳᠠ ᠲᠠᠢ ᠪᠤᠯᠤᠭᠰᠠᠨ ᠠᠮᠵᠢᠯᠳᠠ ᠨᠢ ᠦᠪᠦᠷ ᠮᠤᠩᠭᠤᠯ ᠎ ᠤᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠳᠠᠳᠤ ᠡᠭᠦᠷᠭᠡ ᠪᠠᠨ ᠪᠡᠶᠡᠯᠡᠭᠦᠯᠬᠦ ᠳᠤ ᠪᠠᠳᠤ ᠪᠠᠬᠢ ᠰᠠᠭᠤᠷᠢ ᠲᠠᠯᠪᠢᠵᠤ ᠦᠭᠪᠡ᠃ ᠮᠦᠨᠴᠦ ︽ᠡᠭᠡ ᠤᠯᠤᠰ ᠤᠨ ᠤᠮᠠᠷᠠᠳᠤ ᠬᠢᠯᠢ ᠪᠠᠨ ᠨᠡᠩ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠨ ᠪᠦᠳᠦᠭᠡᠨ ᠪᠠᠶᠢᠭᠤᠯᠬᠤ︾᠎ ᠳᠤ ᠰᠢᠨ᠎ᠡ ᠬᠦᠰᠡᠯ ᠤᠷᠭᠤᠭᠤᠯᠪᠠ᠃                               ﹇ᠬᠠᠷᠠᠯᠳᠠ ᠬᠢᠭᠡᠳ ᠡᠭᠦᠷᠭᠡ﹈       ﹇ᠵᠠᠩᠬᠢᠯᠠᠭ᠎ᠠ ᠶᠢᠨ ᠥᠭᠡ  ﹈ ᠪᠦᠲᠦᠮᠵᠢᠲᠡᠢ ᠪᠡᠯᠡ ᠣᠷᠣᠭᠤᠯᠤᠯᠲᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ      ᠴᠢᠨᠡᠭᠡᠯᠢᠭ ᠠᠮᠢᠳᠣᠷᠠᠯ ᠢ ᠠᠮᠵᠢᠯᠳᠠ ᠲᠠᠢ ᠪᠠᠶᠢᠭᠤᠯᠬᠤ᠂ ᠨᠢᠭᠡᠳᠡᠬᠢ ᠵᠠᠭᠤᠠ ᠵᠢᠯ ᠤᠨ ᠳᠡᠮᠡᠴᠡᠯ  ᠎ ᠤᠨ ᠬᠠᠷᠠᠯᠳᠠ ᠶᠢ ᠪᠡᠶᠡᠯᠡᠭᠦᠯᠭᠦ ᠳᠤ᠂ ᠡᠴᠦᠰ ᠤᠨ ᠡᠴᠦᠰ ᠲᠤ ᠭᠦᠭᠵᠢᠯᠳᠠ ᠳᠤ ᠯᠠ ᠳᠦᠰᠢᠭᠯᠡᠨ᠎ᠠ᠃      ᠬᠠᠷᠠᠬᠠᠠ ᠬᠦᠭᠵᠢᠭᠡᠳᠦᠢ ᠪᠠᠶᠢᠭ᠎ᠠ ᠦᠪᠦᠷ ᠮᠣᠩᠭᠤᠯ ᠳᠤ ᠠᠪᠴᠦ ᠭᠡᠯᠡᠪᠡᠯ᠂ ᠪᠡᠯᠡ ᠣᠷᠣᠭᠤᠯᠣᠯᠳᠠ ᠨᠢ ᠳᠣᠭᠳᠠᠭᠤᠠ ᠨᠡᠮᠡᠭᠳᠡᠯ ᠢ ᠪᠠᠳᠤᠯᠠᠬᠤ᠂ ᠴᠢᠨᠠᠬᠰᠢᠯᠡᠪᠡᠯ ᠪᠦᠭᠦ ᠣᠷᠣᠠ ᠤ ᠠᠵᠦ ᠠᠬᠤᠢ ᠨᠡᠶᠢᠭᠡᠮ ᠤᠨ ᠲᠣᠭᠳᠠᠭᠤᠠ᠂ ᠡᠷᠡᠭᠦᠯ ᠭᠦᠭᠵᠢᠯᠳᠠ ᠶᠢ ᠳᠦᠯᠬᠢᠠ ᠠᠬᠢᠭᠤᠯᠬᠤ ᠳᠤ ᠳᠦᠢᠯ ᠤᠨ ᠴᠢᠬᠤᠯᠠ ᠦᠢᠯᠡᠳᠦᠯ ᠲᠠᠢ ᠶᠣᠮ᠃ ᠮᠦᠠ ᠴᠦ ᠡᠨᠡ ᠭᠦ ᠣᠳᠬ᠎ᠠ ᠠᠭᠤᠯᠭ᠎ᠠ ᠠᠴᠠ ᠦᠪᠡᠷᠳᠡᠭᠡᠡ ᠵᠠᠰᠠᠬᠤ ᠣᠷᠣᠠ ᠤ ᠨᠠᠮ ᠤᠨ ᠬᠤᠷᠢᠶ᠎ᠠ ᠠᠴᠠ ︽ᠪᠡᠯᠡ ᠣᠷᠣᠭᠤᠯᠣᠯᠳᠠ ᠶᠢᠨ ᠳᠣᠭᠳᠠᠭᠤᠠ ᠨᠡᠮᠡᠭᠳᠡᠯ ᠳᠠᠬᠢ ᠵᠠᠩᠬᠢᠯᠠᠭ᠎ᠠ ᠶᠢᠨ ᠦᠢᠯᠡᠳᠦᠯ  ᠎ ᠢ ᠭᠦᠢᠴᠡᠳ ᠪᠠᠳᠠᠷᠠᠭᠤᠯᠬᠤ ᠭᠡᠷᠡᠭᠳᠠᠢ︾ ᠭᠡᠵᠦ ᠳᠣᠷᠠᠳᠣᠭᠰᠠᠠ ᠪᠠᠶᠢᠨ᠎ᠠ᠃      ᠡᠨᠡ ᠭᠦ ᠵᠠᠩᠬᠢᠯᠠᠭ᠎ᠠ ᠶᠢᠨ ᠦᠢᠯᠡᠳᠦᠯ ᠢ ᠭᠡᠷᠬᠢᠠ ᠪᠠᠳᠠᠷᠠᠭᠤᠯᠬᠤ ᠪᠣᠢ︖ ᠪᠦᠭᠦ ᠣᠷᠣᠠ ᠤ ᠨᠠᠮᠣᠷ  ᠎ ᠤᠨ ᠣᠯᠠᠷᠢᠯ ᠤᠨ ᠴᠢᠬᠤᠯᠠ ᠶᠡᠭᠡ ᠳᠦᠷᠦᠯ ᠵᠦᠢᠯ ᠢ ᠳᠦᠪᠯᠡᠷᠡᠭᠦᠯᠦᠠ ᠪᠠᠷᠢᠯᠭ᠎ᠠ ᠡᠬᠢᠯᠡᠭᠦᠯᠵᠤ ᠪᠦᠳᠦᠭᠡᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠠᠴᠠ ᠭᠠᠷᠭᠠᠭᠰᠠᠠ ᠴᠢᠮᠡᠭᠡ ᠨᠢ ᠳᠣᠳᠣᠷᠬᠠᠢ ᠪᠦᠭᠡᠳ ᠪᠣᠳᠠᠳᠠᠢ ᠶᠣᠮ᠄      ᠳᠦᠷᠦᠯ ᠵᠦᠢᠯ ᠤᠨ ᠪᠦᠳᠦᠭᠡᠡ ᠪᠠᠶᠢᠭᠤᠯᠣᠯᠳᠠ ᠳᠡᠭᠡᠷ᠎ᠠ ᠳᠠᠬᠢᠨᠳᠠ ᠭᠦᠴᠦᠯᠡᠵᠦ᠂ ᠴᠢᠷᠮᠠᠶᠢᠵᠦ ᠪᠠᠶᠢᠭᠠᠳ ᠪᠠᠰᠠ ᠨᠢᠭᠡ ᠪᠦᠯᠦᠭ ᠢ ᠪᠠᠷᠢᠯᠭ᠎ᠠ ᠡᠬᠢᠯᠡᠭᠦᠯᠭᠦ᠂ ᠪᠠᠰᠠ ᠨᠢᠭᠡ ᠪᠦᠯᠦᠭ ᠢ ᠭᠦᠴᠦᠳᠠᠢ ᠪᠠᠷ ᠳᠦᠯᠬᠢᠠ ᠠᠬᠢᠭᠤᠯᠬᠤ᠂ ᠨᠢᠭᠡ ᠪᠦᠯᠦᠭ ᠢ ᠪᠦᠭᠦ ᠳᠠᠯ᠎ᠠ ᠪᠠᠷ ᠪᠠᠷᠢᠯᠭ᠎ᠠ ᠳᠠᠭᠤᠰᠬᠠᠬᠤ᠂ ᠨᠢᠭᠡ ᠪᠦᠯᠦᠭ ᠴᠢᠬᠤᠯᠠ ᠶᠡᠭᠡ ᠳᠦᠷᠦᠯ ᠵᠦᠢᠯ ᠢ ᠠᠷᠭ᠎ᠠ ᠰᠦᠪᠡᠭᠴᠢᠯᠡᠵᠦ ᠳᠦᠰᠦᠪᠯᠡᠡ ᠪᠡᠯᠡᠳᠭᠡᠭᠦ ᠭᠡᠷᠡᠭᠳᠠᠢ︔      ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠭᠦ ᠲᠠᠯ᠎ᠠ ᠪᠠᠷ ᠬᠦᠴᠦᠯᠡᠨ᠂ ᠳᠠᠪᠠᠭᠤᠯᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠤᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠡᠨ ᠠᠵᠤ ᠦᠢᠯᠡᠰ ᠤᠨ ᠬᠦᠭᠵᠢᠯᠳᠠ ᠶᠢ ᠲᠦᠷᠭᠡᠳᠭᠡᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠎ ᠢ ᠪᠦᠭᠦ ᠬᠦᠴᠦᠨ ᠢᠶᠠᠷ ᠬᠦᠭᠵᠢᠭᠦᠯᠭᠦ ᠬᠡᠷᠡᠭᠳᠡᠢ︔      ᠠᠷᠠᠯᠵᠢᠶᠠᠴᠢᠠ ᠣᠷᠢᠵᠦ ᠪᠡᠯᠡ ᠤᠷᠤᠭᠤᠯᠤᠨ ᠠᠪᠴᠢᠷᠠᠬᠤ ᠳᠠᠯ᠎ᠠ ᠪᠠᠷ ᠪᠣᠳᠠᠳᠠᠢ ᠠᠷᠭ᠎ᠠ ᠭᠡᠮᠵᠢᠶ᠎ᠠ ᠠᠪᠴᠤ᠂ ᠠᠷᠠᠯᠵᠢᠶᠠᠴᠢᠠ ᠣᠷᠢᠵᠦ ᠪᠡᠯᠡ ᠤᠷᠤᠭᠤᠯᠤᠨ ᠠᠪᠴᠢᠷᠠᠬᠤ ᠣᠢᠢᠯᠠᠭᠠᠭᠳᠠᠬᠤᠠ ᠢᠶᠠᠨ ᠰᠢᠨᠡᠴᠢᠯᠡᠭᠦ᠂ ᠳᠦᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠵᠠᠬ᠎ᠠ ᠳᠡᠯᠭᠡᠭᠦᠷ ᠤᠨ ᠬᠠᠨᠳᠣᠰᠢ ᠶᠢ ᠣᠨᠣᠪᠴᠢᠳᠠᠢ ᠪᠠᠷᠢᠬᠤ᠂ ᠴᠢᠬᠤᠯᠠ ᠶᠡᠭᠡ ᠠᠵᠦ ᠦᠢᠯᠡᠰ ᠤᠨ ᠭᠦᠷᠢᠶᠡᠯᠡᠩ ᠲᠣᠭᠤᠷᠢᠬ ᠢᠶᠠᠷ ᠠᠴᠢᠶᠠᠯᠠᠪᠣᠷᠢ ᠪᠣᠯᠭᠠᠵᠦ᠂ ᠠᠷᠠᠯᠵᠢᠶᠠᠴᠢᠠ ᠣᠷᠢᠵᠦ ᠪᠡᠯᠡ ᠤᠷᠤᠭᠤᠯᠤᠨ ᠠᠪᠴᠢᠷᠠᠬᠤ ᠭᠦᠴᠦᠯᠡᠴᠡ ᠪᠠᠨ ᠦᠨᠡᠨ ᠭᠦ ᠨᠡᠮᠡᠭᠳᠡᠭᠦᠯᠭᠦ ᠭᠡᠷᠡᠭᠳᠠᠢ︔      ᠪᠡᠯᠡ ᠮᠦᠩᠭᠦ ᠶᠢ ᠴᠣᠭᠯᠠᠭᠤᠯᠬᠤ ᠠᠷᠭ᠎ᠠ ᠶᠢᠨ ᠳᠠᠯ᠎ᠠ ᠪᠠᠷ ᠢᠯᠡᠭᠦᠭᠡᠡ ᠳᠠᠷᠢᠬᠢ ᠳᠣᠯᠣᠭᠠᠢ ᠪᠠᠨ ᠭᠦᠳᠡᠯᠭᠡᠵᠦ᠂ ᠣᠯᠣᠰ ᠤᠨ ᠪᠡᠯᠡ ᠣᠷᠣᠭᠤᠯᠣᠯᠳᠠ ᠶᠢᠨ ᠳᠦᠷᠦ ᠶᠢᠨ ᠪᠣᠳᠣᠯᠭ᠎ᠠ ᠶᠢᠨ ᠭᠦᠳᠦᠯᠦᠮᠵᠢ ᠶᠢ ᠪᠠᠷᠢᠵᠦ᠂ ᠮᠦᠩᠭᠦᠠ ᠭᠦᠢᠯᠭᠡᠭᠡᠡ ᠤ ᠰᠢᠨ᠎ᠠ ᠶᠢ ᠡᠭᠦᠳᠭᠦ ᠭᠦᠴᠦᠯᠡᠴᠡ ᠶᠢ ᠨᠡᠮᠡᠭᠳᠡᠭᠦᠯᠦᠠ ᠠᠷᠠᠳ ᠤᠨ ᠳᠣᠮᠳᠠᠬᠢ ᠪᠡᠯᠡ ᠤᠷᠤᠭᠤᠯᠤᠯᠳᠠ ᠎ ᠶᠢᠨ ᠬᠠᠯᠠᠮᠰᠢᠯ ᠬᠢᠭᠡᠳ ᠢᠳᠡᠪᠬᠢᠵᠢᠯ ᠢ ᠣᠯᠠᠮ ᠨᠢᠭᠡ ᠠᠯᠬᠤᠮ ᠣᠷᠬᠢᠯᠣᠭᠤᠯᠬᠤ ᠭᠡᠷᠡᠭᠳᠠᠢ᠃      ᠦᠪᠡᠷᠳᠡᠭᠡᠡ ᠵᠠᠰᠠᠬᠤ ᠣᠷᠣᠠ ᠤ ᠨᠡᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠦᠨᠦ ᠵᠢᠯ ᠡᠯ᠎ᠠ ᠭᠠᠵᠠᠷ ᠣᠷᠣᠠ᠂ ᠡᠯ᠎ᠠ ᠰᠠᠯᠠᠭ᠎ᠠ ᠮᠦᠴᠢᠷ ᠨᠢ ᠪᠦᠭᠦ ᠣᠷᠣᠠ ᠤ ᠳᠣᠭᠳᠠᠮᠠᠯ ᠭᠦᠷᠦᠩᠭᠡ ᠶᠢᠨ ᠪᠡᠯᠡ ᠣᠷᠣᠭᠤᠯᠣᠯᠳᠠ ᠶᠢ ᠨᠢᠳᠤᠨᠤᠨ ᠵᠢᠯ ᠤᠨ ᠠᠳᠠᠯᠢ ᠬᠤᠭᠤᠴᠠᠭᠠᠠ ᠤ ᠬᠢ ᠠᠴᠠ 12%᠎ ᠢᠶᠠᠷ ᠨᠡᠮᠡᠭᠳᠡᠭᠦᠯᠭᠦ ᠬᠠᠷᠠᠯᠳᠠ ᠶᠢ ᠪᠦᠭᠦ ᠭᠦᠴᠦᠠ ᠢᠶᠠᠷ ᠳᠦᠯᠬᠢᠠ ᠠᠬᠢᠭᠤᠯᠬᠤ ᠴᠢᠬᠤᠯᠠ ᠶᠡᠭᠡ ᠳᠦᠷᠦᠯ ᠵᠦᠢᠯ ᠤᠨ ᠪᠦᠳᠦᠭᠡᠡ ᠪᠠᠶᠢᠭᠤᠯᠣᠯᠳᠠ ᠶᠢᠨ ᠳᠣᠭᠤᠷᠢᠠ ᠳᠤ ᠴᠢᠨᠡᠭᠡᠯᠢᠭ ᠨᠡᠶᠢᠭᠡᠮ ᠢ ᠪᠦᠭᠦ ᠳᠠᠯ᠎ᠠ ᠪᠠᠷ ᠪᠡᠶᠡᠯᠡᠭᠦᠯᠭᠦ ᠶᠢᠨ ᠳᠦᠯᠦᠭᠡ ᠡᠷᠴᠢᠮ ᠲᠠᠢ ᠳᠦᠰᠢᠭ ᠲᠣᠯᠭᠠᠭᠤᠷᠢ ᠬᠠᠩᠭᠠᠬᠤ ᠭᠡᠷᠡᠭᠳᠠᠢ᠃      ︽13· 5︾᠎ ᠶᠢᠨ ᠳᠦᠯᠦᠪᠵᠢᠭᠦᠯᠭᠡ ᠶᠢᠨ ᠭᠡᠷᠡᠭᠵᠢᠭᠦᠯᠭᠦ ᠲᠠᠢ ᠣᠶᠠᠯᠳᠣᠵᠦ᠂ ᠲᠤᠬᠢᠷᠠᠮᠵᠢᠳᠠᠢ ᠣᠷᠢᠳᠴᠢᠯᠠᠭᠰᠠᠠ ᠳᠠᠨᠢᠯᠳᠠ ᠲᠠᠢ ᠪᠠᠶᠢᠬᠤ᠂ ᠵᠣᠬᠢᠰᠳᠠᠢ ᠪᠠᠶᠢᠷᠢᠰᠢᠭᠤᠯᠣᠯᠳᠠ ᠬᠢᠭᠦ᠂ ᠲᠣᠣᠷ ᠰᠦᠯᠵᠢᠶ᠎ᠠ ᠶᠢ ᠳᠡᠭᠦᠯᠳᠡᠷᠵᠢᠭᠦᠯᠭᠦ᠂ ᠶᠠᠰᠣ ᠴᠢᠨᠠᠷ ᠢ ᠲᠡᠭᠡᠭᠰᠢᠯᠡᠭᠦᠯᠭᠦ ᠱᠠᠭᠠᠷᠳᠠᠯᠭ᠎ᠠ ᠪᠠᠷ ᠰᠢᠠᠵᠢᠯᠡᠭᠦ ᠣᠬᠠᠭᠠᠠᠴᠢ ᠪᠠᠷ ᠳᠦᠰᠦᠪᠯᠡᠵᠦ᠂ ᠨᠢᠭᠡ ᠪᠦᠯᠦᠭ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠣᠰᠣᠠ ᠠᠰᠢᠬᠯᠠᠯᠳᠠ᠂ ᠡᠨᠧᠷᠬᠢ ᠪᠣᠯᠣᠠ ᠮᠡᠳᠡᠭᠡ ᠵᠠᠩᠬᠢᠵᠢᠯᠳᠠ ᠶᠢᠨ ᠴᠢᠬᠤᠯᠠ ᠶᠡᠭᠡ ᠳᠦᠷᠦᠯ ᠵᠦᠢᠯ ᠢ ᠳᠠᠷᠣᠢ ᠳᠦᠷᠭᠡᠡ ᠳᠦᠯᠬᠢᠠ ᠠᠬᠢᠭᠤᠯᠬᠤ ᠭᠡᠷᠡᠭᠳᠠᠢ᠃ ᠨᠢᠭᠡ ᠪᠦᠯᠦᠭ ᠴᠢᠬᠤᠯᠠ ᠶᠡᠭᠡ ᠰᠠᠭᠤᠷᠢ ᠳᠦᠭᠦᠭᠡᠷᠦᠮᠵᠢ᠂ ᠴᠢᠬᠤᠯᠠ ᠶᠡᠭᠡ ᠠᠵᠦ ᠦᠢᠯᠡᠰ ᠤᠨ ᠭᠦᠭᠵᠢᠯᠳᠠ᠂ ᠴᠢᠬᠤᠯᠠ ᠶᠡᠭᠡ ᠠᠷᠠᠳ ᠤᠨ ᠠᠮᠢᠳᠣᠷᠠᠯ ᠤᠨ ᠢᠠᠵᠧᠨᠧᠷᠢᠩ ᠪᠣᠯᠣᠠ ᠠᠮᠢ ᠠᠬᠤᠢ ᠶᠢᠨ ᠪᠦᠳᠦᠭᠡᠡ ᠪᠠᠶᠢᠭᠤᠯᠣᠯᠳᠠ᠂ ᠣᠷᠴᠢᠠ ᠲᠣᠭᠤᠷᠢᠠ ᠤ ᠬᠠᠮᠠᠭᠠᠯᠠᠯᠳᠠ ᠶᠢᠨ ᠳᠦᠷᠦᠯ ᠵᠦᠢᠯ ᠢ ᠠᠷᠭ᠎ᠠ ᠰᠦᠪᠡᠭᠴᠢᠯᠡᠵᠦ ᠳᠦᠰᠦᠪᠯᠡᠡ ᠪᠡᠯᠡᠳᠭᠡᠵᠦ᠂ ᠪᠦᠭᠦ ᠣᠷᠣᠠ ᠳᠤ ᠵᠢᠯ ᠪᠦᠷᠢ 100 ᠣᠷᠴᠢᠮ ᠴᠢᠬᠤᠯᠠ ᠶᠡᠭᠡ ᠳᠦᠷᠦᠯ ᠵᠦᠢᠯ ᠪᠠᠷᠢᠯᠭ᠎ᠠ ᠳᠠᠭᠤᠰᠴᠤ ᠠᠰᠢᠬᠯᠠᠯᠳᠠ ᠤᠷᠤᠵᠤ᠂ ᠠᠵᠦ ᠠᠬᠤᠢ ᠶᠢᠨ ᠰᠢᠨ᠎ᠠ ᠨᠡᠮᠡᠭᠳᠡᠯ ᠤᠨ  ᠴᠢᠭ᠋ ᠢ ᠪᠦᠷᠢᠯᠳᠦᠭᠦᠯᠭᠦ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ᠃      ᠡᠶᠢᠮᠦᠷᠬᠦ ᠱᠠᠭᠠᠷᠳᠠᠯᠭ᠎ᠠ ᠶᠢ ᠲᠤᠷᠠᠳᠤᠭᠰᠠᠨ ᠨᠢ ᠮᠠᠨ ᠤ ᠤᠷᠤᠨ ᠤ ᠨᠢᠳᠤᠨ ᠡᠮᠦᠨ᠎ᠡ ᠲᠤᠯᠭᠠᠷᠠᠵᠦ  ᠪᠠᠶᠢᠭ᠎ᠠ ᠪᠡᠯᠡ ᠤᠷᠤᠭᠤᠯᠬᠤ ᠪᠠᠶᠢᠳᠠᠯ ᠲᠠᠢ ᠨᠢᠭᠳᠠ ᠬᠠᠷᠢᠴᠠᠭ᠎ᠠ ᠲᠠᠢ ᠶᠤᠮ᠄ ᠬᠡᠳᠦ᠋ᠢᠪᠡᠷ ᠮᠠᠨ ᠤ ᠤᠷᠤᠨ ᠡᠨᠡ ᠵᠢᠯ ᠠᠴᠠ ᠡᠬᠢᠯᠡᠨ ᠪᠡᠯᠡ ᠤᠷᠤᠭᠤᠯᠬᠤ ᠲᠤᠬᠳᠠᠭᠤᠨ ᠨᠡᠮᠡᠭᠳᠡᠯ ᠢ ᠪᠠᠳᠤᠯᠠᠬᠤ ᠶᠢ ᠠᠬᠢᠭᠤᠯᠬᠤ ᠲᠠᠯ᠎ᠠ ᠪᠠᠷ ᠵᠤᠬᠢᠬᠤ ᠠᠮᠵᠢᠯᠳᠠ ᠤᠯᠤᠭᠰᠠᠨ ᠪᠤᠯᠪᠠᠴᠤ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠨᠢ ᠠᠯᠭᠤᠷ ᠪᠤᠯᠤᠭᠰᠠᠨ ᠬᠠᠨᠳᠤᠰᠢ ᠢᠯᠡᠷᠬᠡᠢ ᠪᠠᠶᠢᠵᠦ᠂ ᠪᠦᠬᠦ ᠵᠢᠯ ᠤᠨ ᠲᠤᠭᠳᠠᠮᠠᠯ ᠬᠦᠷᠦᠩᠬᠡ ᠤᠨ ᠪᠡᠯᠡ ᠤᠷᠤᠭᠤᠯᠤᠯᠳᠠ ᠶᠢᠨ ᠵᠢᠱᠢᠭᠰᠡᠨ ᠬᠠᠷᠠᠯᠳᠠ ᠪᠠᠨ ᠪᠡᠶᠡᠯᠡᠭᠦᠯᠭᠦ ᠲᠠᠷᠤᠭᠠᠰᠤ ᠬᠦᠨᠳᠤᠷᠠᠵᠤ᠂ ᠪᠦᠳᠦᠮᠵᠢᠳᠡᠢ ᠪᠡᠯᠡ ᠤᠷᠤᠭᠤᠯᠤᠯᠳᠠ ᠪᠠᠷ ᠲᠤᠬᠳᠠᠭᠤᠨ ᠨᠡᠮᠡᠭᠳᠡᠯ ᠢ ᠪᠠᠳᠤᠯᠠᠬᠤ᠂ ᠬᠡᠯᠪᠡᠷᠢ ᠶᠢ ᠬᠤᠪᠢᠷᠠᠭᠤᠯᠬᠤ ᠡᠬᠦᠷᠬᠡ ᠬᠠᠳᠠᠭᠤ ᠪᠡᠷᠬᠡ ᠪᠦᠭᠡᠳ ᠬᠦᠨᠳᠦ ᠨᠦᠰᠡᠷ ᠪᠠᠶᠢᠨ᠎ᠠ᠃      ᠡᠶᠢᠮᠦ ᠠᠴᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ᠂ ᠦᠨᠦᠳᠤᠷ ᠤᠨ ᠪᠡᠯᠡ ᠤᠷᠤᠭᠤᠯᠬᠤ ᠨᠢ ᠤᠳᠤᠬᠠᠨ ᠤ ᠨᠡᠮᠡᠭᠳᠡᠯ ᠢ ᠨᠦᠯᠦᠬᠡᠯᠡᠵᠦ ᠪᠠᠶᠢᠬᠤ ᠪᠠᠷ ᠦᠯᠤ ᠪᠠᠷᠠᠮ ᠢᠷᠡᠬᠡᠳᠦᠢ ᠶᠢᠨ ᠠᠵᠦ ᠦᠢᠯᠡᠰ ᠤᠨ ᠪᠦᠳᠦᠴᠡ ᠪᠠ ᠬᠦᠭᠵᠢᠯᠳᠡ ᠶᠢᠨ ᠨᠦᠬᠡᠴᠠ ᠬᠦᠴᠦᠨ ᠢ ᠲᠤᠭᠳᠠᠭᠠᠵᠦ ᠪᠠᠶᠢᠨ᠎ᠠ᠃ ᠲᠠᠶᠢᠮᠤ ᠠᠴᠠ ᠪᠠᠯᠡ ᠤᠷᠤᠭᠤᠯᠤᠯᠳᠠ ᠶᠢᠨ ᠲᠤᠬᠳᠠᠭᠤᠨ ᠨᠡᠮᠡᠭᠳᠡᠯ ᠳᠠᠬᠢ ᠵᠠᠩᠭᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠨᠢ ᠴᠢᠬᠤᠯᠠ ᠶᠤᠮ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠪᠠ ᠮᠠᠨ ᠤ ᠤᠷᠤᠨ ᠤ ︽13· 5︾᠎ ᠶᠢᠨ ᠲᠦᠯᠦᠪᠵᠢᠭᠦᠯᠭᠡ ᠶᠢᠨ ᠬᠠᠷᠠᠯᠳᠠ ᠶᠢᠨ ᠲᠤᠭᠤᠷᠢᠨ ᠳᠤ᠂ ᠪᠡᠯᠡ ᠤᠷᠤᠭᠤᠯᠤᠯᠳᠠ ᠶᠢᠨ  ᠵᠠᠩᠭᠢᠯᠭ᠎ᠠ ᠶᠢᠨ ᠦᠢᠯᠡᠳᠤᠯ ᠢ ᠪᠠᠳᠠᠷᠠᠭᠤᠯᠤᠨ᠎ᠠ᠂ ᠳᠠᠷᠤᠢ ᠤᠯᠤᠰ ᠤᠨ ᠪᠡᠯᠡ ᠤᠷᠤᠭᠤᠯᠤᠯᠳᠠ ᠶᠢᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠳᠡᠢ ᠡᠵᠡᠮᠳᠡᠵᠤ᠂ ᠰᠢᠨ᠎ᠡ ᠭᠡᠪ ᠪᠠᠶᠢᠳᠠᠯ ᠲᠤᠤᠷᠠᠬᠢ ᠰᠢᠨ᠎ᠡ ᠪᠡᠯᠡ ᠤᠷᠤᠭᠤᠯᠤᠯᠳᠠ ᠶᠢᠨ ᠬᠦᠷᠢᠶ᠎ᠠ ᠴᠠᠷᠠᠭ᠎ᠠ ᠪᠠ ᠪᠡᠯᠡ ᠤᠷᠤᠭᠤᠯᠤᠯᠳᠠ ᠶᠢᠨ ᠱᠠᠭᠠᠷᠳᠠᠯᠭ᠎ᠠ ᠶᠢ ᠬᠠᠶᠢᠨ ᠰᠦᠪᠡᠭᠴᠢᠯᠡᠵᠤ᠂ ᠪᠡᠯᠡ ᠤᠷᠤᠭᠤᠯᠤᠯᠳᠠ ᠶᠢᠨ ᠭᠤᠤᠯ ᠴᠤᠭᠴᠠ ᠶᠢᠨ ᠤᠯᠠᠨ ᠡᠰᠢᠵᠢᠯᠳᠠ ᠶᠢ ᠠᠬᠢᠭᠤᠯᠵᠦ᠂ ᠪᠡᠯᠡ ᠤᠷᠤᠭᠤᠯᠤᠯᠳᠠ ᠶᠢᠨ ᠭᠡᠪᠴᠢᠶ᠎ᠠ ᠶᠢᠨ ᠲᠤᠬᠳᠠᠭᠤᠨ ᠨᠡᠮᠡᠭᠳᠡᠯ ᠢ ᠪᠠᠳᠤᠯᠠᠨ᠎ᠠ᠃ ᠪᠡᠯᠡ ᠤᠷᠤᠭᠤᠯᠤᠯᠳᠠ ᠶᠢᠨ ᠪᠥᠳᠤᠴᠠ ᠶᠢ ᠰᠢᠯᠢᠳᠡᠭᠵᠢᠬᠦᠯᠵᠦ᠂ ᠰᠠᠭᠤᠷᠢ ᠲᠦᠭᠦᠬᠡᠷᠦᠮᠵᠢ ᠶᠢᠨ ᠪᠦᠳᠦᠬᠡᠨ ᠪᠠᠶᠢᠭᠤᠯᠤᠯᠳᠠ᠂ ᠤᠳᠤ  ᠦᠶ᠎ᠡ ᠶᠢᠨ ᠠᠵᠦ ᠦᠢᠯᠡᠰ ᠤᠨ ᠬᠦᠭᠵᠢᠯᠳᠡ ᠪᠠ ᠤᠯᠠᠨ ᠨᠡᠶᠢᠳᠠ ᠶᠢᠨ ᠦᠢᠯᠡᠴᠢᠯᠡᠬᠡᠨ ᠤ ᠬᠦᠷᠢᠶ᠎ᠡ ᠴᠠᠷᠠᠭ᠎ᠠ ᠳᠠᠬᠢ ᠪᠡᠯᠡ ᠤᠷᠤᠭᠤᠯᠤᠯᠳᠠ ᠶᠢᠨ ᠬᠦᠴᠦᠯᠡᠴᠡ ᠶᠢ ᠨᠡᠮᠡᠭᠳᠡᠬᠦᠯᠵᠦ᠂ ᠴᠢᠬᠤᠯᠠ ᠶᠡᠭᠡ ᠢᠨᠵᠧᠨᠧᠷᠢᠩ ᠪᠠ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠪᠡᠯᠡ ᠤᠷᠤᠭᠤᠯᠤᠯᠳᠠ ᠶᠢᠨ ᠡᠬᠢ ᠪᠠᠶᠠᠯᠢᠭ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠭᠦ ᠲᠠᠯ᠎ᠠ ᠪᠠᠷ ᠬᠢ ᠬᠦᠳᠦᠴᠢ ᠦᠢᠯᠡᠳᠦᠯ ᠢ ᠪᠠᠳᠠᠷᠠᠭᠤᠯᠤᠨ᠎ᠠ᠃ ᠬᠦᠷᠦᠯᠴᠡᠬᠦ ᠦᠬᠡᠢ ᠲᠠᠯ᠎ᠠ ᠪᠠᠨ ᠨᠦᠬᠦᠪᠦᠷᠢᠯᠡᠵᠦ᠂ ᠰᠠᠭᠤᠷᠢ ᠪᠠᠨ ᠪᠠᠬᠢᠵᠢᠭᠦᠯᠤᠨ᠂ ᠪᠦᠳᠦᠴᠡ ᠶᠢ ᠲᠤᠬᠢᠷᠠᠭᠤᠯᠵᠦ᠂ ᠨᠦᠬᠡᠴᠡ ᠬᠦᠴᠦᠨ ᠢ ᠴᠢᠩᠭᠠᠳᠬᠠᠵᠤ᠂ ᠪᠡᠯᠡ ᠤᠷᠤᠭᠤᠯᠤᠯᠳᠠ ᠶᠢᠨ ᠴᠢᠨᠠᠷ  ᠴᠢᠨᠰᠠᠭ᠎ᠠ ᠪᠠ ᠦᠷ᠎ᠡ ᠪᠦᠳᠦᠮᠵᠢ ᠶᠢ ᠳᠡᠭᠡᠭᠰᠢᠯᠡᠭᠦᠯᠤᠨ᠎ᠠ᠃      ᠲᠤᠰᠬᠠᠢ ᠮᠡᠷᠬᠡᠵᠢᠯᠳᠡᠡ ᠠᠴᠠ᠂ ᠨᠢᠬᠡᠨ ᠰᠢᠷᠢᠰ ᠬᠠᠷᠠᠯᠳᠠ ᠡᠬᠦᠷᠬᠡ ᠶᠢᠨ ᠲᠤᠬᠳᠠᠭᠠᠭᠰᠡᠨ ᠪᠠ  ᠬᠠᠮᠢᠶ᠎ᠠ ᠪᠦᠬᠦᠢ ᠱᠠᠭᠠᠷᠳᠠᠯᠭ᠎ᠠ ᠲᠠᠯᠪᠢᠵᠤ ᠵᠢᠴᠢ ᠪᠠᠶᠢᠷᠢᠯᠠᠭᠤᠯᠤᠯᠳᠠ ᠬᠢᠭᠰᠡᠨ ᠨᠢ ᠪᠦᠳᠦᠮᠵᠢᠳᠡᠢ ᠪᠡᠯᠡ ᠤᠷᠤᠭᠤᠯᠤᠯᠳᠠ ᠪᠠᠷ ᠲᠤᠳᠤᠭᠠᠳᠤ ᠬᠡᠷᠡᠭᠴᠡᠭᠡ ᠶᠢ ᠦᠷᠬᠡᠳᠬᠡᠵᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠦ᠂ ︽13· 5︾ ᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠡᠷᠬᠢᠯᠳᠠ ᠵᠤᠬᠢᠰᠳᠡᠢ ᠪᠠᠶᠢᠬᠤ ᠶᠢ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠳᠤ ᠪᠠᠳᠤ ᠪᠠᠬᠢ ᠰᠠᠭᠤᠷᠢ ᠲᠠᠯᠪᠢᠨ ᠥᠭᠬᠦ ᠶᠢᠨ ᠲᠦᠯᠦᠭᠡ ᠶᠤᠮ ᠭᠡᠵᠤ ᠵᠢᠭᠠᠵᠤ ᠭᠠᠷᠭᠠᠪᠠ᠃      ᠬᠠᠷᠠᠯᠳᠠ ᠨᠢ ᠬᠦᠰᠡᠯ ᠡᠷᠡᠮᠡᠯᠵᠡᠯ ᠢ ᠵᠠᠷᠯᠠᠵᠦ᠂ ᠠᠷᠭ᠎ᠠ ᠵᠠᠮ ᠨᠢ ᠢᠷᠡᠭᠡᠳᠦᠢ ᠳᠡᠰᠢ ᠬᠦᠳᠦᠯᠤᠨ᠎ᠠ᠃  ᠰᠢᠨ᠎ᠡ ᠬᠦᠭᠵᠢᠯᠳᠡ ᠶᠢᠨ ᠬᠠᠷᠠᠯᠳᠠ ᠪᠠ ᠡᠬᠦᠷᠬᠡ ᠶᠤᠰᠤᠭᠠᠷ᠂ ᠪᠦᠳᠦᠮᠵᠢᠳᠡᠢ ᠪᠡᠯᠡ ᠤᠷᠤᠭᠤᠯᠤᠯᠳᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠭᠯᠡᠯ ᠢᠶᠠᠷ᠂ ᠪᠦᠬᠦ ᠤᠷᠤᠨ ᠳᠠᠶᠠᠭᠠᠷ ᠢᠶᠠᠨ ᠴᠢᠷᠮᠠᠶᠢᠨ ᠲᠡᠮᠡᠴᠡᠳᠡᠭ ᠯᠡ ᠶᠤᠮ ᠪᠤᠯ ᠤᠯᠤᠰ ᠤᠨ ᠤᠮᠠᠷᠠᠳᠤ ᠬᠢᠯᠢ ᠪᠠᠨ ᠨᠡᠩ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠭᠠᠨ ᠪᠦᠳᠦᠭᠡᠨ ᠪᠠᠶᠢᠭᠤᠯᠵᠤ ᠴᠢᠳᠠᠨ᠎ᠠ ᠭᠡᠳᠡᠭ ᠲᠤ ᠪᠢᠳᠠ ᠢᠳᠡᠭᠡᠯ ᠲᠡᠭᠦᠯᠳᠡᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号