ᠪᠠᠶᠠᠨᠨᠠᠭᠤᠷ ᠬᠤᠲᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠭᠡᠷᠡᠴᠢ ᠶᠢᠨ ᠬᠠᠭᠤᠳᠠᠰᠤ ᠶᠢ ᠲᠠᠷᠬᠠᠭᠠᠪᠠ
ᠨᠡᠶᠢᠲᠡᠯᠡᠭᠰᠡᠨ ᠴᠠᠭ᠄
2016/10/11
      ᠣᠶᠢᠷ᠎ᠠ ᠳᠤ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠥᠪ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ᠂ ᠬᠠᠩᠭᠢᠨ ᠬᠤᠶᠢᠲᠤ ᠬᠤᠰᠢᠭᠤ ᠶᠢᠨ ᠪᠦᠯᠬᠦᠮᠳᠡᠯ ᠪᠠᠯᠭᠠᠰᠤ ᠳᠤ ᠬᠦᠷᠴᠦ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠭᠡᠷᠡᠴᠢ ᠶᠢᠨ ᠬᠠᠭᠤᠳᠠᠰᠤ ᠶᠢ ᠲᠠᠷᠬᠠᠭᠠᠪᠠ᠃ ᠣᠳᠣᠬᠠᠨ ᠳᠤ᠂ ᠪᠠᠶᠠᠨᠨᠠᠭᠤᠷ ᠬᠤᠲᠠ ᠶᠢᠨ 7 ᠬᠤᠰᠢᠭᠤ ᠰᠢᠶᠠᠨ ᠲᠣᠭᠤᠷᠢᠭ ᠲᠤ 60 ᠰᠤᠮᠤ ᠪᠠᠯᠭᠠᠰᠤ16 ᠮᠠᠯᠵᠢᠯ ᠤᠨ ᠲᠠᠯᠠᠪᠠᠢ ᠪᠤᠢ᠂ ᠪᠠᠶᠠᠨᠨᠠᠭᠤᠷ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠥᠪ ᠨᠢ ᠳ᠋ᠤᠭᠠᠷᠯᠠᠯ ᠤᠨ ᠳᠦᠷᠢᠮ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠭᠡᠷᠡᠴᠢ ᠶᠢᠨ ᠬᠠᠭᠤᠳᠠᠰᠤ︾᠎ ᠶᠢ 1520 ᠳᠡᠪᠲᠡᠷ ᠨᠢᠭᠡᠳᠦᠯᠲᠡᠶ ᠳᠠᠷᠤᠮᠠᠯᠯᠠᠵᠤ᠂ ᠰᠤᠮᠤ ᠰᠢᠶᠠᠩ ᠪᠠᠯᠭᠠᠰᠤ ︵ᠮᠠᠯᠵᠢᠯ ᠤᠨ ᠲᠠᠯᠠᠪᠠᠢ︶ ᠪᠦᠷᠢ ᠳᠤ 20 ᠳᠡᠪᠲᠡᠷ ᠲᠠᠷᠬᠠᠭᠠᠪᠠ᠃ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠭᠡᠷᠡᠴᠢ ᠶᠢᠨ ᠳᠠᠩᠰᠠᠯᠯᠲᠠ ᠶᠢᠨ ᠠᠵᠢᠯ ᠢ ᠪᠠᠶᠠᠨᠨᠠᠭᠤᠷ ᠬᠤᠲᠠ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠥᠪ ︵ᠪᠣᠬᠢᠷᠲᠤᠯ ᠦᠭᠡᠢ ᠢᠳᠡᠭᠡᠨ ᠤ ᠲᠥᠪ︶᠂ ᠡᠯ᠎ᠡ ᠰᠤᠮᠤ ᠰᠢᠶᠠᠩ ᠪᠠᠯᠭᠠᠰᠤ ᠶᠢᠨ ᠬᠢᠨᠠᠯᠲᠠ ᠬᠠᠮᠢᠶᠠᠷᠤᠯᠲᠠ ᠶᠢᠨ ᠦᠷᠳᠡᠭᠡ ᠬᠠᠷᠢᠭᠤᠴᠠᠪᠠ᠃ ᠳᠠᠩᠰᠠᠯᠠᠯᠲᠠ ᠶᠢᠨ ᠠᠵᠢᠯ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠭᠡᠷᠡᠴᠢ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠶᠤᠯ ᠦᠭᠡᠢ ᠶᠢᠨ ᠵᠠᠪᠰᠠᠷᠯᠠᠯᠲᠠ ᠶᠢᠨ ᠬᠤᠭᠤᠴᠠᠭ᠎ᠠ ︵ᠡᠮ ᠵᠣᠭᠰᠣᠭᠠᠬᠤ ᠬᠤᠭᠤᠴᠠᠭ᠎ᠠ︶ ᠵᠡᠷᠭᠡ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠰᠢᠮᠳᠠᠭᠤᠯᠪᠠ᠃ ᠡᠭᠦᠨ ᠤ ᠬᠠᠮᠲᠤ ᠲᠡᠭᠡᠭᠡᠪᠦᠷᠢ ᠶᠢᠨ ᠲᠡᠷᠭᠡ ᠬᠥᠰᠬᠡ ᠢᠶᠠᠷ ᠨᠢᠭᠡᠴᠡ ᠪᠣᠯᠭᠠᠨ᠂ ᠨᠢᠭᠡ ᠲᠡᠷᠭᠡ ᠨᠢᠭᠡ ᠦᠨᠡᠮᠯᠡᠯ ᠪᠤᠶᠤ ᠨᠢᠭᠡ ᠦᠢᠯᠡᠳᠬᠦᠨ ᠨᠢᠭᠡ ᠦᠨᠡᠮᠯᠡᠯ ᠢ ᠬᠡᠷᠡᠭᠵᠢᠭᠦᠯᠵᠦ᠂ ᠭᠠᠷᠤᠯᠲᠠ ᠶᠢᠨ ᠣᠷᠣᠨ ᠤ ᠭᠡᠷᠡᠴᠢ ᠬᠢᠵᠦ ᠥᠭᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠢᠯᠡᠳᠪᠦᠷᠢᠯᠡᠭᠰᠡᠨ ᠲᠡᠮᠳᠡᠭᠯᠡᠯ ᠲᠠᠢ᠂ ᠭᠦᠢᠯᠭᠡᠭᠡᠨ ᠢ ᠨᠢ ᠮᠥᠷᠳᠡᠵᠦ ᠪᠣᠯᠬᠤ᠂ ᠮᠡᠳᠡᠭᠡ ᠵᠠᠩᠭᠢ ᠶᠢ ᠨᠢ ᠪᠠᠶᠢᠴᠠᠭᠠᠵᠤ ᠪᠣᠯᠬᠤ᠂ ᠬᠠᠷᠢᠭᠤᠴᠠᠯᠭ᠎ᠠ ᠲᠤᠯᠭᠠᠵᠤ ᠪᠣᠯᠬᠤ᠂ ᠶᠠᠰᠤ ᠴᠢᠨᠠᠷ ᠢ ᠨᠢ ᠪᠠᠲᠤᠯᠠᠭ᠎ᠠ ᠲᠠᠢ ᠪᠠᠶᠢᠯᠭᠠᠬᠤ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号