︽ᠥᠪᠥᠷ ᠮᠣᠩᠭᠤᠯ ᠤᠨ ᠣᠷᠣᠨ ᠨᠤᠲᠤᠭ ᠤᠨ ᠣᠶᠢᠯᠠᠯᠭ᠎ᠠ︾ ᠪᠣᠯ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠪᠤᠷᠢ ᠶᠢᠨ ᠠᠯᠪᠠᠨ ᠭᠡᠷ ᠠᠴᠠ ᠭᠤᠣᠯᠯᠠᠨ ᠡᠷᠭᠢᠯᠡᠭᠰᠡᠨ | ᠳᠣᠲᠣᠭᠠᠳᠤ ᠶᠢᠨ ᠦᠷᠭᠦᠯᠵᠢᠯᠡᠭᠰᠡᠨ ᠴᠢᠨᠠᠷᠲᠠᠢ ᠬᠤᠶᠠᠷ ᠰᠠᠷ᠎ᠠ ᠳᠤ ᠨᠢᠭᠡ ᠬᠤᠭᠤᠴᠠᠭ᠎ᠠ ᠨᠡᠶᠢᠲᠡᠯᠡᠳᠡᠭ ᠬᠡᠪᠯᠡᠭᠳᠡᠬᠦᠨ | ᠮᠦᠨ᠂ ᠪᠢᠳᠡ ᠪᠦᠬᠦ ᠤᠯᠤᠰ ᠤᠨ ᠡᠯ᠎ᠡ ᠭᠠᠵᠠᠷ ᠤᠷᠤᠨ ᠤ ᠵᠣᠬᠢᠶᠠᠭᠴᠢ ᠶᠢᠨ ᠡᠬᠡ ᠪᠢᠴᠢᠭ ᠢᠯᠡᠭᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠠᠯᠢᠪᠠ ᠲᠡᠦᠬᠡ᠂ ᠰᠣᠶᠣᠯ᠂ ᠦᠨᠳᠦᠰᠦᠲᠡᠨ ᠤ ᠵᠠᠩ ᠦᠢᠯᠡ᠂ ᠤᠳᠬ᠎ᠠ ᠵᠣᠬᠢᠶᠠᠯ᠂ ᠤᠷᠠᠨ | ᠪᠢᠴᠢᠯᠭᠡ ᠤᠷᠠᠨ ᠵᠢᠷᠤᠭ ᠭᠡᠷᠡᠯ ᠵᠢᠷᠤᠭ᠂ ᠣᠶᠢᠯᠠᠯᠭ᠎ᠠ ᠤᠨᠤᠯ ᠤᠨ ᠰᠤᠳᠤᠯᠭᠠᠨ ᠵᠢᠴᠢ ᠣᠷᠣᠨ ᠨᠤᠲᠤᠭ ᠤᠨ | ᠲᠡᠮᠳᠡᠭᠯᠡᠯ᠂ ᠣᠨ ᠤ ᠲᠣᠯᠢ᠂ ᠣᠷᠣᠨ ᠨᠤᠲᠤᠭ ᠤᠨ ᠲᠡᠦᠬᠡ ᠨᠠᠶᠢᠷᠠᠭᠤᠯᠤᠯ ᠤᠨ ᠬᠥᠳᠡᠯᠦᠯ ᠪᠠᠶᠢᠳᠠᠯ ᠵᠡᠷᠭᠡ ᠲᠠᠯ᠎ᠠ | ᠪᠠᠷ ᠬᠢ ᠡᠬᠡ ᠪᠢᠴᠢᠭ ᠢ ᠪᠦᠷ ᠬᠦᠯᠢᠶᠡᠨ ᠠᠪᠤᠨ᠎ᠠ᠃ | ᠡᠭᠡ ᠪᠢᠴᠢᠭ ᠢᠯᠡᠭᠡᠭᠴᠢ ᠨᠢ ᠡᠬᠡ ᠪᠢᠴᠢᠭ ᠲᠤ ᠵᠣᠬᠢᠶᠠᠯ ᠪᠦᠲᠦᠭᠡᠯ ᠤᠨ ᠡᠷᠬᠡ ᠲᠠᠢ ᠪᠠᠶᠢᠬᠤ ᠪᠠᠨ | ᠪᠠᠲᠤᠯᠠᠬᠤ ᠬᠡᠷᠡᠭᠲᠡᠢ᠂ ᠮᠠᠨ ᠳᠤ ᠢᠯᠡᠭᠡᠭᠰᠡᠨ ᠵᠣᠬᠢᠶᠠᠯ ᠳᠠᠭᠠᠨ ᠪᠤᠰᠤᠳ ᠤᠨ ᠦᠷ᠎ᠡ ᠪᠦᠲᠦᠭᠡᠯ ᠪᠤᠶᠤ ᠦᠵᠡᠯᠲᠡ ᠶᠢ | ᠬᠡᠷᠡᠭᠯᠡᠭᠰᠡᠨ᠂ ᠵᠢᠱᠢᠶᠡᠯᠡᠪᠡᠯ ᠰᠤᠷᠪᠤᠯᠵᠢ ᠪᠢᠴᠢᠭ ᠮᠠᠲ᠋ᠧᠷᠢᠶᠠᠯ ᠪᠤᠶᠤ ᠪᠤᠰᠤᠳ ᠬᠥᠮᠦᠨ ᠤ ᠵᠣᠬᠢᠶᠠᠯ ᠠᠴᠠ ᠡᠰᠢ | ᠲᠠᠲᠠᠭᠰᠠᠨ ᠪᠣᠯ ᠡᠷᠬᠡᠪᠰᠢ ᠲᠠᠶᠢᠯᠪᠤᠷᠢ ᠬᠢᠵᠦ ᠲᠣᠳᠣᠷᠬᠠᠶᠢᠯᠠᠬᠤ ᠬᠡᠷᠡᠭᠲᠡᠶ᠃ ᠪᠢᠳᠡ ᠬᠦᠰᠡᠬᠦ ᠨᠢ᠂ ᠲᠠᠨ ᠤ ᠮᠠᠨ ᠳᠤ | ᠢᠯᠡᠭᠡᠭᠰᠡᠨ ᠡᠬᠡ ᠪᠢᠴᠢᠭ ᠨᠢ ᠤᠯᠤᠰ ᠲᠦᠷᠦ ᠦᠵᠡᠯ ᠰᠠᠨᠠᠭᠠᠨ ᠤ ᠲᠠᠯ᠎ᠠ ᠪᠠᠷ ᠵᠥᠪ ᠣᠨᠣᠪᠴᠢᠲᠠᠶ ᠪᠠᠶᠢᠬᠤ ᠶᠢ | ᠡᠷᠬᠡᠪᠰᠢ ᠦᠨᠡᠨᠬᠦ ᠪᠠᠲᠤᠯᠠᠵᠤ᠂ ᠬᠡᠯᠡᠨ ᠵᠦᠢ ᠪᠣᠯᠣᠨ ᠦᠰᠦᠭ ᠪᠢᠴᠢᠭ ᠤᠨ ᠲᠠᠯ᠎ᠠ ᠪᠠᠷ ᠠᠯᠳᠠᠭ᠎ᠠ ᠦᠭᠡᠢ | ᠪᠠᠶᠢᠬᠤ ᠶᠢ ᠦᠨᠡᠨᠬᠦ ᠪᠠᠲᠤᠯᠠᠵᠤ᠂ ᠪᠤᠰᠤᠳ ᠶᠡᠷᠦ ᠶᠢᠨ ᠮᠡᠳᠡᠯᠭᠡ ᠶᠢᠨ ᠴᠢᠨᠠᠷᠲᠠᠶ ᠠᠯᠳᠠᠭ᠎ᠠ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ ︽ᠥᠪᠥᠷ ᠮᠣᠩᠭᠤᠯ ᠤᠨ ᠣᠷᠣᠨ ᠨᠤᠲᠤᠭ ᠤᠨ ᠣᠶᠢᠯᠠᠯᠭ᠎ᠠ︾ ᠳᠤ ᠬᠡᠪᠯᠡᠨ | ᠨᠡᠶᠢᠲᠡᠯᠡᠭᠳᠡᠬᠦ ᠡᠭᠡ ᠪᠢᠴᠢᠭ ᠨᠢ ᠴᠥᠮ ᠵᠣᠬᠢᠶᠠᠭᠴᠢ ᠶᠢᠨ ᠬᠤᠪᠢ ᠬᠦᠮᠦᠨ ᠤ ᠦᠵᠡᠯᠲᠡ ᠶᠢ ᠲᠦᠯᠦᠭᠡᠯᠡᠨ᠎ᠡ᠂ ᠡᠬᠡ | ᠪᠢᠴᠢᠭ ᠤᠨ ᠠᠭᠤᠯᠭ᠎ᠠ ᠠᠰᠠᠭᠤᠳᠠᠯ ᠭᠠᠷᠬᠤ ᠳᠤ ᠬᠦᠷᠪᠡᠯ᠂ ᠵᠣᠬᠢᠶᠠᠭᠴᠢ ᠦᠪᠡᠷᠲᠡᠭᠡᠨ ᠬᠠᠷᠢᠭᠤᠴᠠᠬᠤ ᠬᠡᠷᠡᠭᠲᠡᠢ᠃ | ᠡᠬᠡ ᠪᠢᠴᠢᠭ ᠢᠯᠡᠭᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠡᠷᠡᠭᠯᠡᠭᠰᠡᠨ ᠮᠡᠳᠡᠭᠳᠡᠯ ᠢ ᠣᠯᠤᠭᠰᠠᠨ | ᠤᠢᠭᠡᠢ ᠪᠣᠯ ᠥᠪᠡᠰᠦᠪᠡᠨ ᠰᠢᠢᠳᠪᠦᠷᠢᠯᠡᠬᠦ ᠪᠣᠯᠪᠠᠤ᠃ ᠢᠯᠡᠭᠡᠭᠰᠡᠨ ᠡᠬᠡ ᠪᠢᠴᠢᠭ ᠨᠡᠶᠢᠲᠡᠯᠡᠭᠳᠡᠪᠡᠯ᠂ ᠡᠬᠡ | ᠪᠢᠴᠢᠭ ᠤᠨ ᠣᠨᠴᠠ ᠬᠠᠷᠠᠮᠵᠢ ᠣᠯᠭᠤᠨ᠎ᠠ᠃ ᠪᠢᠳᠡ ᠪᠠᠶᠢᠳᠠᠯ ᠢ ᠦᠨᠳᠦᠰᠦᠯᠡᠵᠦ᠂ ᠡᠬᠡ ᠪᠢᠴᠢᠭ ᠲᠤ ᠴᠢᠬᠤᠯᠠ | ᠪᠦᠬᠦᠢ ᠵᠠᠰᠠᠪᠤᠷᠢ ᠤᠷᠤᠭᠤᠯᠤᠨ᠎ᠠ᠂ ᠬᠡᠷᠪᠡ ᠵᠣᠬᠢᠶᠠᠭᠴᠢ ᠡᠬᠡ ᠪᠢᠴᠢᠭ ᠲᠡᠭᠡᠨ ᠵᠠᠰᠠᠪᠤᠷᠢ ᠣᠷᠣᠭᠤᠯᠬᠤ ᠶᠢ ᠬᠦᠰᠡᠬᠦ | ᠦᠭᠡᠢ ᠪᠣᠯ ᠡᠬᠡ ᠪᠢᠴᠢᠭ ᠢᠯᠡᠭᠡᠬᠦ ᠳᠡᠭᠡᠨ ᠵᠢᠩᠬᠢᠨᠢ ᠪᠠᠷ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃ ᠢᠯᠡᠭᠡᠬᠦ ᠡᠬᠡ | ᠪᠢᠴᠢᠭ ᠢᠶᠠᠨ ᠴᠥᠮ word ᠬᠡᠪ ᠤᠨ ᠳᠠᠭᠠᠯᠳᠤᠭᠤᠯᠤᠯ ᠤᠨ ᠬᠡᠯᠪᠡᠷᠢ ᠪᠠᠷ ᠢᠯᠡᠭᠡᠵᠦ᠂ ᠵᠣᠬᠢᠶᠠᠯ ᠤᠨ ᠲᠡᠭᠦᠰᠬᠡᠯ | ᠳᠤ ᠡᠷᠬᠡᠪᠰᠢ ᠵᠣᠬᠢᠶᠠᠭᠴᠢ ᠶᠢᠨ ᠨᠡᠷ᠎ᠡ᠂ ᠪᠠᠶᠢᠭᠤᠯᠭ᠎ᠠ᠂ ᠲᠤᠰᠢᠶᠠᠯ᠂ ᠲᠣᠪᠴᠢ ᠲᠠᠨᠢᠯᠴᠠᠭᠤᠯᠭ᠎ᠠ ᠪᠣᠯᠣᠨ ᠬᠠᠷᠢᠯᠴᠠᠬᠤ | ᠠᠷᠭ᠎ᠠ ᠮᠠᠶ᠋ᠢᠭ ᠵᠡᠷᠭᠡ ᠪᠠᠨ ᠲᠣᠳᠤᠷᠬᠠᠶᠢᠯᠠᠭᠰᠠᠨ ᠪᠠᠶᠢᠬᠤ ᠬᠡᠷᠡᠭᠲᠡᠢ᠃ | ᠡᠬᠡ ᠪᠢᠴᠢᠭ ᠡᠯᠰᠡᠬᠦ ᠲᠤᠰ ᠮᠡᠳᠡᠭᠳᠡᠯ ᠤᠷᠳᠦ ᠬᠤᠭᠤᠴᠠᠭ᠎ᠠ ᠪᠠᠷ ᠬᠦᠴᠦᠨ ᠲᠠᠢ᠃ | ᠡᠬᠡ ᠪᠢᠴᠢᠭ ᠢᠯᠡᠭᠡᠬᠦ ᠰᠢᠦᠳᠠᠨ ᠬᠠᠶᠢᠷᠴᠠᠭ᠄ nmqqkwb@163.com | ᠬᠠᠷᠢᠯᠴᠠᠬᠤ ᠤᠲᠠᠰᠤ᠄ 0471—4825249 4826021 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠪᠤᠷᠢ ᠶᠢᠨ ᠠᠯᠪᠠᠨ | ᠭᠡᠷ ᠤᠨ ᠭᠠᠵᠠᠷ ᠣᠷᠣᠨ ᠤ ᠪᠠᠶᠢᠳᠠᠯ ᠤᠨ ᠮᠠᠲ᠋ᠧᠷᠢᠶᠠᠯ ᠤᠨ ᠭᠠᠵᠠᠷ | 2016 ᠣᠨ ᠤ 10 ᠳ᠋ᠤᠭᠠᠷ ᠰᠠᠷ᠎ᠠ ᠶᠢᠨ 9 ᠤ ᠡᠳᠦᠷ |