︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠭᠤᠤᠯᠲᠠᠯᠭ᠎ᠠ ᠲᠠᠢ ᠠᠵᠢᠯ ᠢ ᠲᠤᠪᠤᠶᠢᠯᠭᠠᠨ ᠠᠳᠬᠤᠵᠦ ᠦᠪᠦᠷ ᠮᠤᠩᠭᠤᠯ ᠤᠨ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠰᠢᠨ᠎ᠡ ᠪᠠᠶᠢᠲᠠᠯ ᠢ ᠴᠢᠷᠮᠠᠶᠢᠨ ᠡᠬᠦᠳᠤᠶ᠎ᠠ
ᠨᠡᠶᠢᠲᠡᠯᠡᠭᠰᠡᠨ ᠴᠠᠭ᠄
2016/10/12
    【ᠰᠢᠢᠳᠪᠦᠷᠢ ᠪᠣᠳᠣᠯᠭ᠎ᠠ】     【ᠵᠠᠩᠭᠢᠯᠠᠭ᠎ᠠ ᠶᠢᠨ ᠦᠭᠡ】ᠪᠦᠬᠦ ᠲᠠᠯ᠎ᠠ ᠪᠠᠷ ᠭᠠᠳᠠᠭᠠᠳᠤ ᠨᠡᠭᠡᠭᠡᠯᠲᠡ ᠬᠢᠬᠦ ᠠᠵᠢᠯ ᠢ ᠰᠠᠶᠢᠲᠤᠷ ᠬᠢᠨ᠎ᠡ      · ︽ᠨᠢᠭᠡ ᠪᠦᠰᠡ ᠨᠢᠭᠡ ᠵᠠᠮ︾᠎ ᠢ ᠪᠦᠲᠦᠭᠡᠨ ᠪᠠᠶᠢᠭᠤᠯᠬᠤ ᠨᠢ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠢ ᠪᠠᠷᠢᠮᠲᠠᠯᠠᠨ ᠬᠦᠭᠵᠢᠭᠦᠯᠵᠦ᠂ ᠲᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠤᠮᠲᠠᠲᠤ ᠎ ᠶᠢᠨ ᠵᠡᠭᠦᠲᠦ ᠶᠢ ᠲᠡᠷᠭᠡᠯᠰᠢᠭᠦᠯᠬᠦ ᠶᠢ ᠴᠢᠬᠤᠯᠠᠴᠢᠯᠠᠨ ᠲᠤᠷᠠᠳᠤᠬᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠦᠰᠦᠪᠯᠡᠯ ᠮᠦᠨ᠃      · ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠴᠠᠬ ᠦᠶ᠎ᠡ ᠶᠢᠨ ᠤᠷᠴᠢᠨ ᠠᠬᠤᠢ᠂ ᠬᠦᠨᠵᠡᠭᠡᠢ ᠠᠭᠤᠯᠤᠬᠲᠠᠬᠤᠨ᠂ ᠴᠢᠬᠤᠯᠠ ᠶᠡᠭᠡ ᠠᠴᠢ ᠬᠤᠯᠪᠤᠬᠲᠠᠯ ᠢ ᠬᠦᠨᠵᠡᠭᠡᠢ ᠤᠢᠢᠯᠠᠭᠠᠵᠦ᠂ ᠲᠦᠪ ᠎ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ᠂ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠬᠦᠨᠵᠡᠭᠡᠢ ᠤᠢᠢᠯᠠᠭᠠᠵᠦ᠂ ᠤᠬᠠᠮᠰᠠᠷ ᠠᠴᠠ ᠪᠠᠨ ᠶᠠᠷᠢᠶᠠᠨ ᠤ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠲᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ᠃      · ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢᠨ ᠭᠤᠤᠯᠲᠠᠯᠭ᠎ᠠ ᠲᠠᠢ ᠠᠵᠢᠯ ᠢ ᠲᠤᠪᠤᠶᠢᠮ᠎ᠠ ᠰᠠᠶᠢᠲᠦᠷ ᠠᠳᠬᠤᠵᠦ᠂ ᠮᠠᠨ ᠤ ᠤᠷᠤᠨ ᠤ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠤᠨᠴᠠᠭᠠᠢᠢᠯᠠᠨ ᠤᠮᠠᠷᠠᠰᠢ ᠨᠡᠭᠡᠭᠡᠯᠲᠡ ᠬᠢᠬᠦ ᠰᠢᠨ᠎ᠡ ᠪᠠᠶᠢᠲᠠᠯ ᠢ ᠴᠢᠷᠮᠠᠶᠢᠨ ᠪᠤᠢ ᠪᠤᠯᠭᠠᠬᠤ ᠬᠡᠷᠡᠭᠲᠡᠢ᠃      · ᠲᠦᠷᠦ ᠶᠢᠨ ᠪᠤᠳᠤᠯᠭ᠎ᠠ ᠶᠢᠨ ᠲᠦᠯᠦᠪᠵᠢᠭᠦᠯᠭᠡ ᠪᠠᠷ ᠵᠢᠯᠤᠭᠤᠲᠤᠮᠵᠢ ᠪᠤᠯᠭᠠᠵᠦ᠂ ︽ᠭᠠᠲᠠᠭᠠᠲᠦ ᠨᠡᠭᠡᠭᠡᠯᠲᠡ ᠶᠢ ᠴᠢᠨᠠᠬᠰᠢᠲᠠ ᠦᠷᠭᠡᠳᠬᠡᠬᠦ ᠲᠤᠬᠠᠢ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢ︾ ︽ᠦᠪᠡᠷᠲᠡᠭᠡᠨ ᠵᠠᠰᠬᠠᠤ ᠤᠷᠤᠨ ᠤ ᠲᠤᠮᠲᠠᠲᠤ ᠮᠤᠩᠭᠤᠯ ᠤᠷᠤᠰ ᠤᠨ ᠠᠵᠦ ᠠᠬᠤᠢ ᠎ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠬᠡᠷᠡᠭᠵᠢᠭᠦᠯᠬᠦ ᠲᠦᠰᠦᠯ︾ ︽ᠦᠪᠡᠷᠲᠡᠭᠡᠨ ᠵᠠᠰᠬᠠᠤ ᠤᠷᠤᠨ ᠤ ᠤᠯᠤᠰ ᠤᠨ ᠬᠢᠯᠢ ᠲᠠᠭᠠᠤ ᠭᠠᠵᠠᠷ ᠤᠷᠤᠨ ᠤ ᠨᠡᠭᠡᠭᠡᠯᠲᠡ ᠶᠢ ᠲᠡᠮᠵᠢᠬᠦ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠲᠠᠪᠤᠷᠢᠵᠢᠭᠤᠯᠬᠤ ᠳᠤ ᠬᠡᠷᠡᠭᠵᠢᠭᠦᠯᠬᠦ ᠰᠠᠨᠠᠯ︾᠎ ᠢ ᠲᠦᠷᠬᠡᠳᠭᠡᠨ ᠲᠤᠬᠲᠠᠭᠠᠬᠤ ᠬᠡᠷᠡᠭᠲᠡᠢ᠃      · ᠰᠠᠭᠤᠷᠢ ᠪᠡᠯᠡᠳᠬᠡᠮᠵᠢ ᠬᠠᠷᠢᠯᠴᠠᠭ᠎ᠠ ᠨᠡᠪᠲᠡᠷᠡᠯᠴᠡᠭᠡ ᠪᠠᠷ ᠠᠵᠠ ᠲᠤᠬᠢᠶᠠᠯ ᠪᠤᠯᠭᠠᠵᠦ᠂ ᠭᠤᠤᠯᠲᠠᠯᠭ᠎ᠠ ᠎ ᠲᠠᠢ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠴᠠᠬᠢᠯᠭᠠᠨ ᠬᠦᠴᠦ᠂ ᠮᠡᠲᠡᠭᠡ ᠬᠤᠯᠪᠤᠭ᠎ᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠬᠡᠨ ᠠᠬᠢᠭᠤᠯᠬᠤ ᠬᠡᠷᠡᠭᠲᠡᠢ᠃      · ᠠᠵᠦ ᠠᠬᠤᠢ ᠠᠷᠠᠯᠵᠢᠶ᠎ᠠ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠬᠦ ᠪᠠᠷ ᠭᠤᠤᠯᠲᠠᠯᠭ᠎ᠠ ᠪᠤᠯᠭᠠᠵᠦ᠂ ᠠᠭᠤᠷᠬᠠᠢ ᠶᠢᠨ ᠭᠠᠷᠤᠯᠲᠠ ᠶᠢ ᠬᠦᠨ ᠡᠳ᠋ᠰᠢᠭᠦᠯᠬᠦ᠂ ᠰᠢᠨ᠎ᠡ ᠡᠨᠧᠷᠬᠢ᠂ ᠴᠠᠬᠢᠯᠭᠠᠨ ᠬᠦᠴᠦ᠂ ᠮᠠᠯ ᠠᠵᠦ ᠠᠬᠤᠢ ᠲᠠᠷᠢᠶᠠᠯᠠᠩ᠂ ᠵᠢᠭᠤᠯᠴᠢᠯᠠᠯ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃      · ᠬᠠᠮᠳᠤᠷᠠᠯᠴᠠᠭ᠎ᠠ ᠰᠤᠯᠢᠯᠴᠠᠭ᠎ᠠ ᠶᠢᠨ ᠲᠠᠪᠴᠠᠩ ᠢᠶᠠᠷ ᠠᠴᠢᠶᠠᠯᠠᠪᠤᠷᠢ ᠪᠤᠯᠭᠠᠵᠦ᠂ ᠬᠢᠯᠢ ᠶᠢᠨ ᠪᠤᠭᠤᠮᠲᠠ ᠎ ᠶᠢᠨ ᠠᠵᠦ ᠠᠬᠤᠢ᠂ ᠡᠬᠡ ᠬᠠᠭᠤᠷᠠᠢ ᠶᠢᠨ ᠭᠠᠷᠠᠮ ᠤᠨ ᠠᠵᠦ ᠠᠬᠤᠢ᠂ ᠠᠭᠠᠷ ᠤᠨ ᠭᠠᠷᠠᠮ ᠤᠨ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠨᠢᠭᠡ ᠪᠦᠯᠦᠭ ᠤᠯᠠᠨ ᠤᠯᠤᠰ ᠤᠨ ᠠᠵᠦ ᠠᠬᠤᠢ ᠮᠡᠷᠭᠡᠵᠢᠯ ᠤᠨ ᠬᠠᠮᠳᠤᠷᠠᠯᠴᠠᠭᠠᠨ ᠤ ᠲᠤᠭᠤᠷᠢᠭ᠂ ᠭᠠᠲᠠᠭᠠᠲᠦ ᠠᠴᠠ ᠤᠷᠤᠭᠤᠯᠬᠤ ᠭᠠᠲᠠᠭᠠᠲᠦ ᠳᠤ ᠭᠠᠷᠭᠠᠬᠤ ᠲᠠᠸᠠᠷ ᠢ ᠡᠳ᠋ᠰᠢᠭᠦᠯᠬᠦ ᠲᠤᠭᠤᠷᠢᠭ ᠪᠤᠯᠤᠨ ᠵᠢᠭᠤᠯᠴᠢᠯᠠᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠢ ᠬᠦᠴᠦᠯᠡᠨ ᠪᠠᠶᠢᠭᠤᠯᠬᠤ ᠬᠡᠷᠡᠭᠲᠡᠢ᠃ ᠰᠤᠶᠤᠯ ᠢᠷᠭᠡᠨᠰᠢᠯ ᠤᠨ ᠬᠠᠮᠲᠤᠷᠠᠯᠴᠠᠭ᠎ᠠ ᠶᠢ ᠦᠷᠭᠡᠳᠬᠡᠬᠦ ᠪᠠᠷ ᠠᠳᠬᠤᠴᠠ ᠪᠤᠯᠭᠠᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠰᠤᠶᠤᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠴᠢᠲᠠᠪᠤᠷᠢᠲᠠᠨ ᠤ ᠪᠤᠯᠪᠠᠰᠤᠷᠠᠯ ᠵᠡᠷᠭᠡ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠶᠢ ᠬᠦᠨᠵᠡᠭᠡᠢ ᠠᠬᠢᠭᠤᠯᠬᠤ ᠬᠡᠷᠡᠭᠲᠡᠢ᠃      · ᠤᠶᠤᠨ ᠤ ᠬᠦᠮᠦᠷᠭᠡ ᠶᠢᠨ ᠪᠠᠶᠢᠭᠤᠯᠤᠯᠲᠠ ᠪᠠᠷ ᠤᠲᠤᠷᠢᠳᠤᠮᠵᠢ ᠪᠤᠯᠭᠠᠵᠦ᠂ ᠦᠪᠦᠷ ᠮᠤᠩᠭᠤᠯ ᠤᠨ ᠪᠦᠬᠦ ᠲᠠᠯ᠎ᠠ ᠪᠠᠷ ᠭᠠᠳᠠᠭᠠᠲᠦ ᠨᠡᠭᠡᠭᠡᠯᠲᠡ ᠬᠢᠬᠦ ᠲᠤᠬᠠᠢ ᠰᠠᠨᠠᠯ ᠰᠠᠨᠠᠭᠤᠯᠭ᠎ᠠ ᠶᠢ ᠰᠤᠳᠤᠯᠤᠨ ᠲᠤᠷᠠᠳᠴᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠦ ᠪᠤᠳᠤᠯᠭ᠎ᠠ ᠲᠤᠬᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠢ᠃      · ᠰᠠᠨᠠᠭᠠᠴᠢᠯᠠᠭ᠎ᠠ ᠠᠴᠠ ᠪᠠᠨ ᠢᠲᠡᠪᠬᠢᠲᠡᠢ ᠪᠠᠷ ᠤᠯᠤᠰ ᠤᠨ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠶᠢᠨ ᠬᠠᠮᠲᠦ ᠪᠠᠶᠢᠯᠳᠤᠬᠤ ᠪᠤᠳᠤᠯᠭ᠎ᠠ ᠳᠤ ᠠᠭᠤᠰᠤᠯᠴᠠᠵᠦ᠂ ᠨᠡᠭᠡᠭᠡᠯᠲᠡ ᠬᠢᠬᠦ ᠪᠠᠷ ᠲᠠᠶᠢᠴᠢᠯᠠᠨ ᠲᠠᠭᠠᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠬᠦᠷᠰᠢ ᠤᠢᠢᠷ᠎ᠠ ᠶᠢ ᠬᠤᠯᠪᠤᠭᠠᠯᠠᠨ ᠬᠤᠤᠰ ᠴᠢᠭᠯᠡᠯ ᠢᠶᠠᠷ ᠨᠡᠭᠡᠭᠡᠯᠲᠡ ᠬᠢᠵᠦ᠂ ᠤᠯᠠᠨ ᠲᠠᠯ᠎ᠠ ᠶᠢᠨ ᠬᠠᠮᠳᠤᠷᠠᠯᠴᠠᠭ᠎ᠠ ᠶᠢ ᠪᠠᠷᠢᠮᠲᠠᠯᠠᠨ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠶᠢ ᠰᠠᠶᠢᠲᠦᠷ ᠬᠢᠵᠦ᠂ ᠨᠡᠭᠡᠭᠡᠯᠲᠡ ᠶᠢ ᠦᠷᠭᠡᠳᠬᠡᠨ ᠦᠭᠡᠷᠡᠴᠢᠯᠡᠯᠲᠡ ᠶᠢ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠤᠷᠤᠨ ᠵᠠᠢ ᠶᠢ ᠦᠷᠭᠡᠳᠬᠡᠬᠦ ᠬᠡᠷᠡᠭᠲᠡᠢ᠃      · ᠬᠢᠯᠢ ᠶᠢᠨ ᠪᠤᠭᠤᠮᠲᠠ ᠶᠢᠨ ᠰᠠᠭᠤᠷᠢ ᠪᠡᠯᠡᠳᠬᠡᠮᠵᠢ ᠶᠢ ᠴᠢᠨᠠᠬᠰᠢᠲᠠ ᠲᠡᠭᠦᠯᠲᠡᠷᠵᠢᠭᠦᠯᠵᠦ᠂ ᠭᠤᠤᠯᠲᠠᠯᠭ᠎ᠠ ᠲᠠᠢ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠦᠷ ᠠᠳᠬᠤᠵᠦ᠂ ᠤᠮᠠᠷᠠᠰᠢ ᠨᠡᠭᠡᠭᠡᠯᠲᠡ ᠬᠢᠬᠦ ᠲᠠᠪᠴᠠᠩ ᠢ ᠪᠠᠶᠢᠭᠤᠯᠵᠦ᠂ ᠡᠯ᠎ᠡ ᠬᠦᠷᠢᠶᠡᠨ ᠳᠠᠬᠢ ᠪᠤᠲᠠᠲᠠᠢ ᠶᠢ ᠡᠷᠬᠢᠮᠯᠡᠨ ᠬᠠᠮᠳᠤᠷᠠᠯᠴᠠᠬᠤ ᠶᠢ ᠬᠦᠨᠵᠡᠭᠡᠶᠢᠷᠡᠭᠦᠯᠵᠦ᠂ ᠭᠠᠲᠠᠭᠠᠲᠦ ᠨᠡᠭᠡᠭᠡᠯᠲᠡ ᠬᠢᠬᠦ ᠶᠢ ᠬᠦᠴᠦᠯᠡᠨ ᠦᠷᠭᠡᠳᠬᠡᠬᠦ ᠬᠡᠷᠡᠭᠲᠡᠢ᠃      · ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠦᠷᠭᠡᠳᠬᠡᠬᠦ ᠶᠢ ᠪᠠᠷᠢᠮᠲᠠᠯᠠᠵᠦ᠂ ᠴᠢᠬᠤᠯᠠ ᠶᠡᠭᠡ ᠨᠡᠭᠡᠭᠡᠯᠲᠡ ᠬᠢᠬᠦ ᠲᠠᠪᠴᠠᠩ ᠢ ᠪᠦᠬᠦ ᠬᠦᠴᠦᠨ ᠢᠶᠠᠷ ᠪᠠᠶᠢᠭᠤᠯᠵᠦ᠂ ᠰᠠᠭᠤᠷᠢ ᠪᠡᠯᠡᠳᠬᠡᠮᠵᠢ ᠶᠢᠨ ᠬᠠᠷᠢᠯᠴᠠᠭ᠎ᠠ ᠨᠡᠪᠲᠡᠷᠡᠯᠴᠡᠭᠡ ᠶᠢ ᠠᠬᠢᠭᠤᠯᠵᠦ᠂ ᠬᠢᠯᠢ ᠠᠯᠤᠰᠯᠠᠬᠰᠠᠨ ᠠᠵᠦ ᠠᠬᠤᠢ ᠶᠢᠨ ᠬᠠᠮᠳᠤᠷᠠᠯᠴᠠᠭ᠎ᠠ ᠶᠢ ᠬᠦᠭᠵᠢᠭᠦᠯᠵᠦ᠂ ᠰᠤᠶᠤᠯ ᠢᠷᠭᠡᠨᠰᠢᠯ ᠤᠨ ᠰᠤᠯᠢᠯᠴᠠᠭ᠎ᠠ ᠶᠠᠪᠤᠯᠴᠠᠭ᠎ᠠ ᠶᠢ ᠬᠦᠨᠵᠡᠭᠡᠶᠢᠷᠡᠭᠦᠯᠵᠦ᠂ ᠤᠯᠤᠰ ᠤᠨ ᠲᠤᠳᠤᠭᠠᠲᠤᠬᠢ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠴᠦᠯᠡᠨ ᠠᠬᠢᠭᠤᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠰᠢᠪᠲᠤᠯᠤᠯᠲᠠ ᠤᠯᠬᠤ ᠪᠠᠷ ᠴᠢᠷᠮᠠᠶᠢᠬᠤ ᠬᠡᠷᠡᠭᠲᠡᠢ᠃       — ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ︵ᠦᠷᠭᠡᠳᠬᠡᠭᠰᠡᠨ︶᠎ ᠶᠢᠨ ᠬᠤᠷᠠᠯ ᠲᠡᠭᠡᠷᠡᠬᠢ ᠪᠤᠯᠤᠨ ᠮᠠᠨ ᠤ ᠤᠷᠤᠨ ᠤ ᠬᠡᠰᠡᠭ ᠠᠶᠢᠮᠠᠬ ᠬᠤᠲᠠ ᠪᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠲᠤᠪᠴᠢᠯᠠᠯ     【ᠨᠡᠭᠡᠭᠡᠯᠲᠡ ᠪᠣᠯᠣᠨ ᠬᠥᠭᠵᠢᠯᠲᠡ】     【︽ᠨᠢᠭᠡ ᠪᠦᠰᠡ ᠨᠢᠭᠡ ᠵᠠᠮ︾᠎ ᠤᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠠᠭᠤᠰᠤᠯᠴᠠᠭᠤᠯᠤᠨ᠎ᠠ】      ᠮᠠᠨ ᠤ ᠤᠷᠤᠨ ᠤ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠤᠨᠴᠠᠭᠠᠢᠢᠯᠠᠨ ᠤᠮᠠᠷᠠᠰᠢ ᠨᠡᠭᠡᠭᠡᠯᠲᠡ ᠬᠢᠬᠦ ᠰᠢᠨ᠎ᠡ ᠪᠠᠶᠢᠲᠠᠯ ᠢ ᠴᠢᠷᠮᠠᠶᠢᠨ ᠡᠭᠦᠲᠦᠨ ᠨᠡᠭᠡᠭᠡᠬᠦ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠲᠠᠯᠭ᠎ᠠ ᠮᠦᠨ᠂ ᠮᠦᠨ ᠴᠤ ᠮᠠᠨ ᠤ ᠤᠷᠤᠨ ᠤ ︽ᠨᠢᠭᠡ ᠪᠦᠰᠡ ᠨᠢᠭᠡ ᠵᠠᠮ︾᠎ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠬᠦᠨᠵᠡᠭᠡᠢ ᠠᠭᠤᠰᠤᠯᠴᠠᠭᠤᠯᠤᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠲᠦᠷᠬᠡᠳᠬᠡᠨ ᠪᠦᠲᠦᠭᠡᠨ ᠪᠠᠶᠢᠭᠤᠯᠬᠤ ᠪᠤᠰᠤᠳᠴᠢ ᠱᠠᠭᠠᠷᠲᠠᠯᠭ᠎ᠠ ᠮᠦᠨ᠃ ᠮᠠᠨ ᠤ ᠤᠷᠤᠨ ᠭᠠᠲᠠᠭᠠᠲᠦ ᠨᠡᠭᠡᠭᠡᠯᠲᠡ ᠬᠢᠬᠦ ᠳᠤ ᠤᠯᠤᠬᠰᠠᠨ ᠠᠮᠵᠢᠯᠲᠠ ᠪᠦᠲᠦᠮᠵᠢ ᠨᠢ ᠰᠢᠨ᠎ᠡ ᠪᠠᠶᠢᠲᠠᠯ ᠢ ᠨᠡᠭᠡᠭᠡᠨ ᠡᠭᠦᠳᠬᠦ ᠳᠤ ᠪᠠᠲᠦ ᠪᠠᠬᠢ ᠰᠠᠭᠤᠷᠢ ᠶᠢ ᠲᠠᠯᠪᠢᠵᠠᠢ᠃      ᠭᠠᠲᠠᠭᠠᠲᠦ ᠠᠷᠠᠯᠵᠢᠶ᠎ᠠ ᠲᠤᠬᠲᠠᠭᠤᠨ ᠢᠶᠠᠷ ᠬᠦᠭᠵᠢᠵᠡᠢ᠃ 2016 ᠣᠨ ᠤ 1 — 8 ᠳ᠋ᠤᠭᠠᠷ ᠰᠠᠷ᠎ᠠ ᠎ ᠳᠤ᠂ ᠪᠦᠬᠦ ᠤᠷᠤᠨ ᠤ ᠭᠠᠲᠠᠭᠠᠲᠦ ᠠᠴᠠ ᠤᠷᠤᠭᠤᠯᠵᠦ ᠭᠠᠲᠠᠭᠠᠲᠦ ᠳᠤ ᠭᠠᠷᠭᠠᠬᠰᠠᠨ ᠶᠡᠷᠦᠩᠬᠡᠢ ᠦᠷᠲᠡᠭ 74.3 ᠳ᠋ᠦᠩᠰᠢᠭᠤᠷ ᠳ᠋ᠤᠯᠯᠠᠷ ᠬᠦᠷᠴᠡᠢ᠃ ᠭᠠᠲᠠᠭᠠᠲᠦ ᠠᠷᠠᠯᠵᠢᠶ᠎ᠠ ᠶᠢᠨ ᠡᠵᠡᠩᠨᠡᠯᠲᠡ ᠶᠢᠨ ᠭᠤᠤᠯ ᠴᠤᠬᠴᠠ ᠲᠠᠰᠤᠷᠠᠯᠲᠠ ᠦᠭᠡᠢ ᠪᠤᠵᠠᠭᠠᠢᠢᠷᠠᠵᠠᠢ᠃      ᠤᠳᠤᠬᠠᠨ ᠳᠤ ᠪᠦᠬᠦ ᠤᠷᠤᠨ ᠳᠤ ᠭᠠᠲᠠᠭᠠᠲᠦ ᠠᠷᠠᠯᠵᠢᠶᠠᠨ ᠤ ᠭᠠᠲᠠᠭᠠᠲᠦ ᠠᠴᠠ ᠤᠷᠤᠭᠤᠯᠬᠤ ᠭᠠᠲᠠᠭᠠᠲᠦ ᠳᠤ ᠭᠠᠷᠭᠠᠬᠤ ᠲᠠᠩᠰᠠᠯᠠᠬᠰᠠᠨ ᠪᠤᠲᠠᠲᠤ ᠠᠮᠵᠢᠯᠲᠠ ᠲᠠᠢ ᠠᠵᠦ ᠠᠬᠤᠢᠢᠯᠠᠯ 1 ᠲᠦᠮᠨ ᠭᠠᠷᠤᠢ ᠪᠠᠶᠢᠵᠦ᠂ ︽11 · 5︾᠎ ᠶᠢᠨ ᠲᠥᠯᠥᠪᠵᠢᠭᠦᠯᠭᠡ ᠶᠢᠨ ᠡᠴᠦᠰ ᠠᠴᠠ ᠨᠢᠭᠡ ᠲᠠᠬᠢᠨ ᠰᠢᠬᠠᠮ ᠨᠡᠮᠡᠭᠲᠡᠵᠡᠢ      ᠬᠢᠯᠢ ᠠᠯᠤᠰᠯᠠᠬᠰᠠᠨ ᠭᠠᠯᠲᠦ ᠲᠡᠷᠭᠡᠨ ᠤ ᠡᠵᠡᠩᠨᠡᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠵᠡᠢ᠃ ᠡᠨᠡ ᠵᠢᠯ ᠎ ᠤᠨ 4 ᠳ᠋ᠦ᠋ᠭᠡᠷ ᠰᠠᠷ᠎ᠠ ᠳᠤ᠂ ︽ᠦᠪᠦᠷ ᠮᠤᠩᠭᠤᠯ ᠢ ᠡᠸᠦ᠋ᠷᠦᠫᠡ ᠲᠠᠢ ᠬᠤᠯᠪᠤᠬᠰᠠᠨ︾ ᠤᠯᠠᠨ ᠤᠯᠤᠰ ᠤᠨ ᠪᠠᠷᠠᠭ᠎ᠠ ᠵᠦᠭᠡᠭᠡᠪᠦᠷᠢᠯᠡᠬᠦ ᠭᠠᠯᠲᠦ ᠲᠡᠷᠭᠡ ᠶᠢ ᠨᠡᠪᠲᠡᠷᠡᠭᠦᠯᠬᠦ ᠬᠠᠮᠳᠤᠷᠠᠯᠴᠠᠭᠠᠨ ᠤ ᠭᠡᠷ᠎ᠡ ᠲᠤᠬᠲᠠᠬᠤ ᠶᠤᠰᠤᠯᠠᠯ ᠶᠠᠪᠤᠬᠲᠠᠵᠦ᠂ ᠡᠨᠡᠬᠦ ᠭᠠᠯᠲᠦ ᠲᠡᠷᠭᠡ ᠡᠬᠢᠯᠡᠨ ᠨᠡᠪᠲᠡᠷᠡᠭᠰᠡᠨ ᠨᠢ ᠦᠪᠦᠷ ᠮᠤᠩᠭᠤᠯ ᠤᠨ ᠦᠢᠯᠡᠳᠪᠦᠷᠢᠯᠡᠯ ᠤᠨ ᠴᠢᠲᠠᠪᠤᠷᠢ᠂ ᠪᠡᠯᠡᠳᠬᠡᠮᠵᠢ᠂ ᠮᠡᠷᠭᠡᠵᠢᠯ᠂ ᠪᠠᠷᠢᠮᠵᠢᠶ᠎ᠠ ᠶᠢᠨ ᠭᠠᠲᠠᠬᠰᠢ ᠲᠦᠷᠬᠡᠨ ᠭᠠᠷᠬᠤ ᠶᠢ ᠲᠠᠶᠢᠴᠢᠯᠠᠵᠦ᠂ ᠤᠷᠤᠨ ᠪᠦᠰᠡ ᠶᠢᠨ ᠭᠠᠲᠠᠭᠠᠲᠦ ᠠᠷᠠᠯᠵᠢᠶ᠎ᠠ ᠶᠢᠨ ᠲᠤᠬᠲᠠᠭᠤᠨ ᠢᠶᠠᠷ ᠨᠡᠮᠡᠭᠲᠡᠬᠦ ᠪᠠ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠶᠢ ᠠᠬᠢᠭᠤᠯᠵᠦ᠂ ᠲᠤᠮᠲᠠᠲᠤ ᠤᠯᠤᠰ ᠪᠤᠯᠤᠨ ᠡᠸᠦ᠋ᠷᠦᠫᠡ ᠲᠢᠪ ᠤᠨ ᠬᠤᠭᠤᠷᠤᠨᠳᠤᠬᠢ ᠤᠷᠤᠭᠤᠯᠵᠦ ᠭᠠᠷᠭᠠᠬᠤ ᠠᠷᠠᠯᠵᠢᠶᠠᠨ ᠳᠤ ᠵᠦᠬᠡᠬᠡᠪᠦᠷᠢ ᠶᠢᠨ ᠪᠠᠲᠤᠯᠠᠭ᠎ᠠ ᠬᠠᠩᠭᠠᠬᠤ ᠪᠤᠯᠤᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ ᠤ ᠤᠷᠤᠨ ᠢᠶᠠᠷ ᠦᠩᠭᠡᠷᠡᠵᠦ ᠪᠠᠶᠢᠭ᠎ᠠ ᠲᠤᠮᠲᠠᠲᠤ ᠡᠸᠦ᠋ᠷᠦᠫᠡ ᠶᠢᠨ ᠭᠠᠯᠲᠦ ᠲᠡᠷᠭᠡ 23 ᠵᠤᠷᠪᠤᠰ ᠬᠦᠷᠴᠦ᠂ ᠡᠵᠡᠩᠨᠡᠵᠦ ᠪᠠᠶᠢᠭ᠎ᠠ ᠭᠠᠯᠲᠦ ᠲᠡᠷᠭᠡ ᠶᠢᠨ ᠶᠡᠷᠦᠩᠬᠡᠢ ᠲᠤᠭ᠎ᠠ 530᠎ ᠠᠴᠠ ᠲᠠᠪᠠᠵᠦ᠂ ᠦᠪᠡᠷᠲᠡᠭᠡᠨ ᠵᠠᠰᠠᠬᠤ ᠤᠷᠤᠨ ᠤ ᠲᠤᠳᠤᠭᠠᠲᠦ ᠳᠤ ︽ᠤᠯᠠᠭᠠᠨᠬᠠᠲᠠ ᠮᠠᠨᠵᠤᠤᠷ ᠡᠸᠦ᠋ᠷᠦᠫᠡ︾᠂ ︽ᠲᠦᠩᠯᠢᠶᠤᠤ ᠮᠠᠨᠵᠤᠤᠷ ᠡᠸᠦ᠋ᠷᠦᠫᠡ︾ ᠪᠤᠯᠤᠨ ︽ᠮᠠᠨᠵᠤᠤᠷ ᠤᠷᠤᠰ ᠡᠸᠦ᠋ᠷᠦᠫᠡ︾᠎ ᠶᠢᠨ 3 ᠵᠤᠷᠪᠤᠰ ᠲᠤᠮᠲᠠᠲᠤ ᠡᠸᠦ᠋ᠷᠦᠫᠡ ᠎ ᠶᠢᠨ ᠭᠠᠯᠲᠦ ᠲᠡᠷᠭᠡ ᠶᠢ ᠨᠡᠪᠲᠡᠷᠡᠭᠦᠯᠦᠭᠰᠡᠨ ᠮᠦᠷᠲᠡᠭᠡᠨ ᠪᠤᠭᠤᠲᠦ ᠠᠴᠠ ᠺᠠᠽᠠᠬᠰᠲ᠋ᠠᠨ ᠤ ᠨᠡᠶᠢᠰᠯᠡᠯ ᠠᠰᠲ᠋ᠠᠨᠠ ᠳᠤ ᠬᠦᠷᠬᠦ ᠲᠤᠮᠲᠠᠲᠤ ᠠᠽᠢᠶ᠎ᠠ ᠶᠢᠨ ᠭᠠᠯᠲᠦ ᠲᠡᠷᠭᠡ ᠶᠢ ᠨᠡᠪᠲᠡᠷᠡᠭᠦᠯᠵᠡᠢ᠃ ᠤᠳᠤᠬᠠᠨ ᠪᠤᠯᠲᠠᠯ᠎ᠠ᠂ ᠮᠠᠨ ᠤ ᠤᠷᠤᠨ ᠤ ᠬᠢᠯᠢ ᠶᠢᠨ ᠪᠤᠭᠤᠮᠲᠠ ᠪᠠᠷ ᠦᠩᠭᠡᠷᠡᠵᠦ ᠤᠷᠤᠵᠦ ᠭᠠᠷᠴᠤ ᠪᠠᠶᠢᠭ᠎ᠠ ᠭᠠᠯᠲᠦ ᠲᠡᠷᠭᠡ ᠶᠢᠨ ᠶᠡᠷᠦᠩᠬᠡᠢ ᠲᠤᠭ᠎ᠠ ᠪᠤᠯᠤᠨ ᠵᠠᠮ ᠱᠤᠭᠤᠮ ᠤᠨ ᠲᠤᠭ᠎ᠠ ᠨᠢ ᠪᠦᠬᠦ ᠤᠯᠤᠰ ᠲᠤ ᠨᠢᠭᠡᠲᠦᠭᠡᠷ ᠲᠤ ᠪᠠᠶᠢᠷᠢᠯᠠᠨ᠎ᠠ᠃      ᠡᠯ᠎ᠡ ᠲᠦᠷᠦᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠯᠲᠠ ᠲᠠᠢ ᠪᠤᠯᠵᠠᠢ᠃ ᠡᠨᠡ ᠵᠢᠯ ᠤᠨ 9 ᠳ᠋ᠦ᠋ᠭᠡᠷ ᠰᠠᠷ᠎ᠠ ᠳᠤ᠂ ᠦᠪᠦᠷ ᠮᠤᠩᠭᠤᠯ ᠤᠨ ᠬᠠᠮᠤᠭ ᠤᠨ ᠲᠦᠷᠦᠭᠦᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ — ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠪᠤᠭᠤᠮᠲᠠ ᠪᠠᠨ ᠬᠠᠭᠠᠵᠦ ᠡᠵᠡᠩᠨᠡᠵᠡᠢ᠃ ᠡᠨᠡᠬᠦ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠤᠨ ᠪᠠᠶᠢᠭᠤᠯᠤᠬᠲᠠᠬᠰᠠᠨ ᠨᠢ ᠮᠠᠨ ᠤ ᠤᠷᠤᠨ ᠤ ᠨᠡᠭᠡᠭᠡᠯᠲᠡ ᠬᠢᠬᠦ ᠬᠡᠮᠵᠢᠶ᠎ᠡ ᠪᠠᠷ ᠬᠠᠮᠤᠭ ᠤᠨ ᠦᠨᠳᠦᠷ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠠᠮᠤᠭ ᠤᠨ ᠤᠯᠠᠨ᠂ ᠪᠤᠭᠤᠮᠲᠠ ᠪᠠᠷ ᠨᠡᠪᠲᠡᠷᠡᠬᠦ ᠳᠤ ᠬᠠᠮᠤᠭ ᠤᠨ ᠲᠦᠭᠦᠮ ᠪᠤᠭᠤᠮᠲᠠ ᠶᠢᠨ ᠤᠨᠴᠠᠭᠠᠢ ᠬᠢᠨᠠᠯᠲᠠ ᠲᠠᠯᠪᠢᠨ ᠬᠠᠮᠢᠶᠠᠷᠬᠤ ᠲᠤᠭᠤᠷᠢᠭ ᠪᠤᠯᠵᠦ᠂ ᠮᠦᠨ ᠴᠤ ᠮᠠᠨᠵᠤᠤᠷ ᠤᠨ ᠬᠢᠯᠢ ᠶᠢᠨ ᠪᠤᠭᠤᠮᠲᠠ ᠶᠢᠨ ᠠᠵᠦ ᠠᠬᠤᠢ ᠶᠢ ᠶᠡᠭᠡ ᠬᠦᠴᠦᠨ ᠢᠶᠠᠷ ᠬᠦᠭᠵᠢᠭᠦᠯᠬᠦ ᠴᠢᠬᠤᠯᠠ ᠠᠳᠬᠤᠴᠠ ᠪᠤᠯᠵᠠᠢ᠃ ᠤᠢᠢᠷ᠎ᠠ ᠶᠢᠨ ᠵᠢᠯ ᠳᠤ᠂ ᠮᠠᠨ ᠤ ᠤᠷᠤᠨ ᠡᠯ᠎ᠡ ᠲᠦᠷᠦᠯ ᠤᠨ ᠠᠵᠦ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠎ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠬᠡᠳᠬᠡᠵᠦ᠂ ᠮᠠᠨᠵᠤᠤᠷ᠂ ᠡᠷᠢᠶᠡᠨ ᠬᠤᠲᠠ ᠶᠢᠨ ᠤᠯᠤᠰ ᠤᠨ ᠭᠤᠤᠯᠲᠠᠯᠭ᠎ᠠ ᠲᠠᠢ ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ᠂ ᠬᠦᠯᠦᠨ ᠪᠤᠶᠢᠷ ᠤᠨ ᠲᠤᠮᠲᠠᠲᠤ ᠤᠷᠤᠰ ᠮᠤᠩᠭᠤᠯ ᠤᠨ ᠬᠠᠮᠳᠤᠷᠠᠯᠴᠠᠭᠠᠨ ᠤ ᠵᠢᠯᠤᠭᠤᠲᠤᠮᠵᠢ ᠶᠢᠨ ᠤᠷᠤᠨ ᠢ ᠤᠯᠤᠰ ᠠᠴᠠ ᠵᠦᠪᠰᠢᠶᠡᠷᠡᠵᠦ᠂ ᠤᠯᠠᠭᠠᠨᠬᠠᠲᠠ ᠶᠢᠨ ᠭᠠᠶᠢᠯᠢ ᠪᠠᠲᠤᠯᠠᠬᠤ ᠪᠤᠲᠠᠰ ᠤᠨ ᠬᠦᠢᠯᠭᠡᠭᠡᠨ ᠤ ᠲᠦᠪ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠤᠭᠤᠷᠢᠭ ᠨᠢ ᠪᠤᠭᠤᠮᠲᠠ ᠪᠠᠨ ᠬᠠᠭᠠᠵᠦ ᠡᠵᠡᠩᠨᠡᠬᠦ ᠶᠢ ᠪᠡᠶᠡᠯᠡᠭᠦᠯᠵᠡᠢ᠃      ᠤᠷᠤᠰ ᠮᠤᠩᠭᠤᠯ ᠲᠠᠢ ᠬᠠᠮᠳᠤᠷᠠᠯᠴᠠᠬᠤ ᠲᠤᠬᠲᠠᠴᠠ ᠪᠤᠯᠤᠨ ᠲᠠᠪᠴᠠᠩ ᠲᠠᠰᠤᠷᠠᠯᠲᠠ ᠦᠭᠡᠢ ᠲᠡᠭᠦᠯᠲᠡᠷᠵᠢᠵᠡᠢ᠃ ᠤᠷᠤᠰ ᠮᠤᠩᠭᠤᠯ ᠲᠠᠢ ᠬᠠᠮᠳᠤᠷᠠᠯᠴᠠᠬᠤ ᠲᠤᠬᠲᠠᠴᠠ ᠶᠢᠨ ᠰᠢᠨ᠎ᠡ ᠶᠢ ᠡᠭᠦᠳᠬᠦ ᠬᠡᠷᠡᠭᠵᠢᠭᠦᠯᠬᠦ ᠲᠦᠰᠦᠯ ᠢ ᠨᠡᠶᠢᠲᠡᠯᠡᠵᠡᠢ᠃ ᠲᠤᠮᠲᠠᠲᠤ ᠮᠤᠩᠭᠤᠯ ᠬᠤᠶᠠᠷ ᠡᠲᠡᠭᠡᠳ ᠢᠶᠠᠷ ᠢᠶᠠᠨ ︽ᠲᠤᠮᠲᠠᠲᠤ ᠮᠤᠩᠭᠤᠯ ᠤᠨ ᠬᠢᠯᠢ ᠠᠯᠤᠰᠯᠠᠬᠰᠠᠨ ᠠᠵᠦ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠲᠦ ᠶᠢᠨ ᠶᠡᠷᠦᠩᠬᠡᠢ ᠲᠦᠰᠦᠯ︾᠎ ᠳᠤ ᠵᠢᠩᠬᠢᠨᠢ ᠪᠠᠷ ᠭᠠᠷ ᠤᠨ ᠦᠰᠦᠭ ᠵᠢᠷᠤᠵᠠᠢ᠃ ᠦᠪᠡᠷᠲᠡᠭᠡᠨ ᠵᠠᠰᠬᠠᠤ ᠤᠷᠤᠨ ᠪᠤᠯᠤᠨ ᠤᠷᠤᠰ᠂ ᠮᠤᠩᠭᠤᠯ ᠤᠯᠤᠰ ᠲᠤ ᠡᠯ᠎ᠡ ᠲᠦᠷᠦᠯ ᠤᠨ ᠦᠵᠡᠭᠦᠯᠦᠯᠭᠡ ᠰᠤᠯᠢᠯᠴᠠᠭᠠᠨ ᠤ ᠠᠵᠢᠯᠯᠠᠭ᠎ᠠ ᠦᠷᠨᠢᠭᠦᠯᠵᠦ᠂ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠬᠦ ᠳᠤ ᠢᠲᠡᠪᠬᠢᠲᠡᠢ ᠪᠠᠷ ᠲᠠᠪᠴᠠᠩ ᠪᠠᠶᠢᠭᠤᠯᠵᠠᠢ᠃      ᠬᠢᠯᠢ ᠶᠢᠨ ᠪᠤᠭᠤᠮᠲᠠ ᠶᠢᠨ ᠪᠦᠲᠦᠭᠡᠨ ᠪᠠᠶᠢᠭᠤᠯᠤᠯᠲᠠ ᠪᠤᠯᠤᠨ ᠬᠦᠭᠵᠢᠯᠲᠡ ᠶᠢᠨ ᠠᠭᠢᠴᠠ ᠲᠦᠷᠬᠡᠳᠴᠡᠢ᠃ ᠬᠢᠯᠢ ᠶᠢᠨ ᠪᠤᠭᠤᠮᠲᠠ ᠶᠢᠨ ᠨᠡᠭᠡᠭᠡᠯᠲᠡ ᠬᠢᠬᠦ ᠠᠵᠢᠯ ᠰᠢᠨ᠎ᠡ ᠰᠢᠪᠳᠤᠯᠤᠯᠲᠠ ᠲᠠᠢ ᠪᠤᠯᠵᠦ᠂ ᠬᠢᠯᠢ ᠶᠢᠨ ᠪᠤᠭᠤᠮᠲᠠ ᠶᠢᠨ ᠰᠠᠭᠤᠷᠢ ᠪᠡᠯᠡᠳᠬᠡᠮᠵᠢ ᠡᠲᠦᠷ ᠢᠷᠡᠭᠦᠶ᠎ᠡ ᠲᠡᠭᠦᠯᠲᠡᠷᠵᠢᠵᠡᠢ᠃ ᠤᠳᠤᠬᠠᠨ ᠪᠤᠯᠲᠠᠯ᠎ᠠ᠂ ᠮᠠᠨ ᠤ ᠤᠷᠤᠨ ᠳᠤ ᠨᠢᠭᠡᠨᠲᠡ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠡᠬᠡ ᠬᠠᠭᠤᠷᠠᠢ ᠶᠢᠨ ᠭᠠᠷᠠᠮ ᠵᠡᠷᠭᠡ ᠤᠯᠠᠨ ᠵᠦᠢᠯ ᠤᠨ ᠪᠤᠭᠤᠮᠲᠠ ᠪᠠᠷ ᠨᠡᠪᠲᠡᠷᠡᠬᠦ ᠠᠷᠭ᠎ᠠ ᠬᠡᠯᠪᠡᠷᠢ ᠶᠢ ᠬᠠᠮᠲᠦ ᠪᠠᠷ ᠪᠦᠷᠢᠲᠦᠭᠦᠯᠦᠭᠰᠡᠨ ᠬᠢᠯᠢ ᠶᠢᠨ ᠪᠤᠭᠤᠮᠲᠠ ᠶᠢᠨ ᠨᠡᠭᠡᠭᠡᠯᠲᠡᠲᠦ ᠪᠠᠶᠢᠲᠠᠯ ᠢ ᠪᠦᠷᠢᠯᠲᠦᠭᠦᠯᠵᠦ᠂ ᠪᠦᠬᠦ ᠤᠯᠤᠰ ᠤᠨ ᠤᠯᠠᠨ ᠬᠢᠯᠢ ᠶᠢᠨ ᠪᠤᠭᠤᠮᠲᠠ ᠶᠢᠨ ᠮᠤᠵᠢ ᠤᠷᠤᠨ ᠎ ᠤ ᠡᠩᠨᠡᠭᠡᠨ ᠳᠤ ᠤᠷᠤᠵᠠᠢ᠃ ᠡᠨᠡ ᠵᠢᠯ ᠤᠨ 1 — 8 ᠳ᠋ᠤᠭᠠᠷ ᠰᠠᠷ᠎ᠠ ᠳᠤ᠂ ᠬᠢᠯᠢ ᠶᠢᠨ ᠪᠤᠭᠤᠮᠲᠠ ᠪᠠᠷ ᠤᠷᠤᠭᠤᠯᠵᠦ ᠬᠢᠯᠢ ᠶᠢᠨ ᠪᠤᠭᠤᠮᠲᠠ ᠪᠠᠷ ᠭᠠᠷᠭᠠᠬᠰᠠᠨ ᠪᠠᠷᠠᠭ᠎ᠠ ᠵᠦᠭᠡᠭᠡᠪᠦᠷᠢᠯᠡᠭᠰᠡᠨ ᠬᠡᠮᠵᠢᠶ᠎ᠡ 4374.7 ᠲᠦᠮᠡᠨ ᠲᠤᠨ ᠬᠦᠷᠴᠦ᠂ ᠨᠢᠲᠦᠨᠦᠨ ᠤ ᠠᠳᠠᠯᠢ ᠬᠤᠭᠤᠴᠠᠭᠠᠨ ᠤ ᠬᠢ ᠠᠴᠠ 13.3%᠎ ᠢᠶᠠᠷ ᠨᠡᠮᠡᠭᠲᠡᠵᠡᠢ᠃      ︽ᠭᠠᠳᠠᠬᠰᠢ ᠭᠠᠷᠭᠠᠬᠰᠡᠨ︾ ᠬᠢᠯᠢ ᠶᠢᠨ ᠭᠠᠲᠠᠨᠠᠬᠢ ᠪᠡᠯᠡ ᠤᠷᠤᠭᠤᠯᠤᠯᠲᠠ ᠰᠢᠨ᠎ᠡ ᠦᠷ᠎ᠡ ᠪᠦᠲᠦᠮᠵᠢ ᠲᠠᠢ ᠪᠤᠯᠵᠠᠢ᠃ 1 — 8 ᠳ᠋ᠤᠭᠠᠷ ᠰᠠᠷ᠎ᠠ ᠳᠤ᠂ ᠪᠦᠬᠦ ᠤᠷᠤᠨ ᠤ ᠰᠢᠨ᠎ᠡ ᠪᠠᠷ ᠲᠠᠩᠰᠠᠯᠠᠭᠤᠯᠤᠬᠰᠠᠨ ᠬᠢᠯᠢ ᠶᠢᠨ ᠭᠠᠲᠠᠨ᠎ᠠ ᠪᠡᠯᠡ ᠤᠷᠤᠭᠤᠯᠤᠬᠰᠠᠨ ᠠᠵᠦ ᠠᠬᠤᠢᠢᠯᠠᠯ 86 ᠪᠠᠶᠢᠵᠦ᠂ ᠨᠢᠲᠦᠨᠦᠨ ᠤ ᠠᠳᠠᠯᠢ ᠬᠤᠭᠤᠴᠠᠭᠠᠨ ᠎ ᠤ ᠬᠢ ᠠᠴᠠ 16 ᠨᠡᠮᠡᠭᠲᠡᠵᠡᠢ᠃ 1 — 8 ᠳ᠋ᠤᠭᠠᠷ ᠰᠠᠷ᠎ᠠ ᠳᠤ᠂ ᠪᠦᠬᠦ ᠤᠷᠤᠨ ᠤ ᠭᠠᠲᠠᠭᠠᠲᠦ ᠳᠤ ᠲᠠᠭᠠᠭᠠᠴᠢᠯᠠᠬᠰᠠᠨ ᠢᠨᠵᠧᠨᠧᠷᠢᠩ ᠤᠨ ᠰᠢᠨ᠎ᠡ ᠪᠠᠷ ᠬᠡᠷ᠎ᠡ ᠲᠤᠬᠲᠠᠬᠰᠠᠨ ᠬᠡᠮᠵᠢᠶ᠎ᠡ 3350 ᠲᠦᠮᠡᠨ ᠳ᠋ᠣᠯᠯᠠᠷ ᠬᠦᠷᠴᠦ ᠂ 1768 ᠲᠦᠮᠡᠨ ᠳ᠋ᠣᠯᠯᠠᠷ ᠤᠨ ᠡᠵᠡᠩᠨᠡᠯᠲᠡ ᠶᠢᠨ ᠲᠤᠭ᠎ᠠ ᠶᠢ ᠪᠡᠶᠡᠯᠡᠭᠦᠯᠦᠨ᠂ ᠭᠠᠲᠠᠬᠰᠢ ᠲᠤᠮᠢᠯᠠᠬᠰᠠᠨ ᠡᠯ᠎ᠡ ᠲᠦᠷᠦᠯ ᠤᠨ ᠬᠥᠳᠡᠯᠮᠦᠷᠢ ᠦᠢᠯᠡᠴᠢᠯᠡᠭᠡᠨ ᠤ ᠬᠦᠮᠦᠨ ᠤ ᠲᠤᠭ᠎ᠠ 353 ᠬᠦᠮᠦᠨ ᠬᠦᠷᠴᠡᠢ᠃     【ᠬᠠᠷᠠᠯᠲᠠ ᠪᠣᠯᠣᠨ ᠡᠭᠦᠷᠭᠡ】     【ᠨᠡᠭᠡᠭᠡᠯᠲᠡᠲᠦ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠦᠷᠢᠯᠳᠦᠭᠦᠯᠦᠨ᠎ᠡ】      ᠡᠨᠡ ᠵᠢᠯ᠂ ᠮᠠᠨ ᠤ ᠤᠷᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠬᠤ ᠲᠤᠮᠲᠠ᠂ ᠭᠠᠲᠠᠭᠠᠲᠦ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠦᠷᠭᠡᠳᠬᠡᠵᠦ᠂ ᠨᠡᠭᠡᠭᠡᠯᠲᠡᠲᠦ ᠬᠡᠯᠪᠡᠷᠢ ᠶᠢᠨ ᠠᠵᠦ ᠠᠬᠤᠢ ᠶᠢᠨ ᠦᠨᠳᠦᠷ ᠭᠠᠵᠠᠷ ᠲᠦᠢᠯ ᠤᠨ ᠴᠢᠬᠤᠯᠠ ᠪᠤᠯᠵᠠᠢ᠃ ᠦᠪᠡᠷᠲᠡᠭᠡᠨ ᠵᠠᠰᠠᠬᠤ ᠤᠷᠤᠨ ᠤ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠳᠤ ᠭᠠᠲᠠᠭᠠᠲᠦ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠦᠷᠭᠡᠳᠬᠡᠬᠦ ᠶᠢ 2016 ᠣᠨ ᠤ ᠭᠤᠤᠯ ᠠᠵᠢᠯ ᠤᠨ ᠨᠢᠭᠡ ᠪᠤᠯᠭᠠᠵᠦ᠂ ᠮᠠᠨ ᠤ ᠤᠷᠤᠨ ᠤ ᠦᠪᠦᠷ ᠮᠤᠩᠭᠤᠯ ᠤᠨ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠰᠢᠨ᠎ᠡ ᠪᠠᠶᠢᠲᠠᠯ ᠢ ᠴᠢᠷᠮᠠᠶᠢᠨ ᠡᠭᠦᠲᠦᠨ ᠨᠡᠭᠡᠭᠡᠬᠦ ᠳᠤ ᠬᠠᠷᠠᠯᠲᠠ ᠡᠭᠦᠷᠭᠡ ᠶᠢ ᠲᠤᠲᠤᠷᠬᠠᠢᠢᠯᠠᠵᠠᠢ᠄      ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠨᠠᠶᠢᠲᠠᠪᠤᠷᠢᠵᠢᠭᠤᠯᠵᠦ᠂ ᠲᠤᠮᠲᠠᠲᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠢᠲᠡᠪᠬᠢᠲᠡᠢ ᠠᠬᠢᠭᠤᠯᠵᠦ᠂ ᠤᠷᠤᠰ ᠮᠤᠩᠭᠤᠯ ᠲᠠᠢ ᠬᠠᠮᠳᠤᠷᠠᠯᠴᠠᠬᠤ ᠲᠤᠬᠲᠠᠴᠠ ᠶᠢᠨ ᠰᠢᠨ᠎ᠡ ᠶᠢ ᠡᠭᠦᠳᠦᠨ᠎ᠡ᠃      ᠰᠠᠭᠤᠷᠢ ᠪᠡᠯᠡᠳᠬᠡᠮᠵᠢ ᠶᠢᠨ ᠬᠠᠷᠢᠯᠴᠠᠭ᠎ᠠ ᠨᠡᠪᠲᠡᠷᠡᠯᠴᠡᠭᠡ ᠶᠢ ᠶᠡᠭᠡ ᠬᠦᠴᠦᠨ ᠢᠶᠠᠷ ᠠᠬᠢᠭᠤᠯᠤᠨ᠎ᠠ᠃ ᠤᠯᠤᠰ ᠎ ᠤᠨ ᠨᠢᠭᠡᠲᠦᠯᠲᠡᠢ ᠲᠦᠯᠦᠪᠵᠢᠭᠦᠯᠭᠡ ᠪᠤᠯᠤᠨ ᠠᠬᠢᠭᠤᠯᠤᠯ ᠲᠤᠤᠷ᠎ᠠ᠂ ᠤᠷᠤᠰ ᠮᠤᠩᠭᠤᠯ ᠲᠠᠢ ᠬᠤᠯᠪᠤᠬᠰᠠᠨ ᠭᠤᠤᠯᠲᠠᠯᠭ᠎ᠠ ᠲᠠᠢ ᠲᠡᠮᠦᠷ ᠵᠠᠮ᠂ ᠵᠠᠰᠠᠮᠠᠯ ᠵᠠᠮ ᠤᠨ ᠲᠦᠷᠦᠯ ᠵᠦᠢᠯ ᠢ ᠲᠦᠷᠬᠡᠳᠬᠡᠨ ᠪᠦᠲᠦᠭᠡᠨ ᠪᠠᠶᠢᠭᠤᠯᠵᠦ᠂ ᠬᠠᠶᠢᠯᠠᠷ ᠠᠴᠠ ᠮᠠᠨᠵᠤᠤᠷ ᠬᠦᠷᠬᠦ ᠲᠦᠷᠬᠡᠨ ᠤ ᠵᠠᠰᠠᠮᠠᠯ ᠵᠠᠮ᠂ ᠮᠠᠨᠳᠤᠯ ᠠᠴᠠ ᠪᠠᠶ᠋ᠬᠠᠤᠪᠤᠭ᠎ᠠ ᠬᠦᠷᠬᠦ᠂ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠵᠡᠷᠭᠡ ᠬᠢᠯᠢ ᠶᠢᠨ ᠪᠤᠭᠤᠮᠲᠠ ᠶᠢᠨ ᠵᠠᠰᠠᠮᠠᠯ ᠵᠠᠮ ᠤᠨ ᠲᠦᠷᠦᠯ ᠵᠦᠢᠯ ᠎ ᠢ ᠢᠲᠡᠪᠬᠢᠲᠡᠢ ᠠᠬᠢᠭᠤᠯᠤᠨ᠂ ᠲᠤᠰ ᠵᠢᠯ ᠳᠡᠭᠡᠨ ᠤᠷᠳᠤᠰ ᠤᠨ ᠤᠯᠠᠨ ᠤᠯᠤᠰ ᠤᠨ ᠠᠭᠠᠷ ᠤᠨ ᠬᠢᠯᠢ ᠶᠢᠨ ᠪᠤᠭᠤᠮᠲᠠ ᠶᠢ ᠨᠡᠭᠡᠭᠡᠨ᠎ᠡ᠃      ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠨᠵᠤᠤᠷ ᠪᠤᠯᠤᠨ ᠡᠷᠢᠶᠡᠨ ᠬᠤᠲᠠ ᠶᠢᠨ ᠨᠡᠭᠡᠭᠡᠯᠲᠡ ᠶᠢᠨ ᠲᠤᠷᠰᠢᠯᠲᠠ ᠶᠢᠨ ᠲᠤᠭᠤᠷᠢᠭ᠂ ᠬᠦᠯᠦᠨ ᠪᠤᠶᠢᠷ ᠤᠨ ᠲᠤᠮᠲᠠᠲᠤ ᠤᠷᠤᠰ ᠮᠤᠩᠭᠤᠯ ᠤᠨ ᠬᠠᠮᠳᠤᠷᠠᠯᠴᠠᠭᠠᠨ ᠤ ᠵᠢᠯᠤᠭᠤᠲᠤᠮᠵᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠡ᠃      ︽ᠭᠤᠷᠪᠠᠨ ᠨᠢᠭᠡ︾᠎ ᠶᠢᠨ ᠬᠤᠯᠪᠤᠭᠠᠯᠠᠨ ᠬᠢᠨᠠᠯᠲᠠ ᠲᠠᠯᠪᠢᠵᠦ ᠬᠠᠮᠢᠶᠠᠷᠬᠤ ᠵᠠᠬᠪᠤᠷ ᠢ ᠲᠦᠷᠬᠡᠳᠬᠡᠨ ᠬᠡᠷᠡᠭᠵᠢᠭᠦᠯᠵᠦ᠂ ᠶᠡᠭᠡ ᠨᠡᠪᠲᠡᠷᠡᠯ ᠤᠨ ᠪᠤᠭᠤᠮᠲᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃      ᠤᠷᠤᠰ ᠮᠤᠩᠭᠤᠯ ᠲᠠᠢ ᠰᠤᠷᠭᠠᠨ ᠬᠦᠮᠦᠵᠢᠯ᠂ ᠰᠤᠶᠤᠯ᠂ ᠡᠮ ᠡᠮᠨᠠᠯᠭᠡ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ ᠵᠡᠷᠭᠡ ᠲᠠᠯ᠎ᠠ ᠳᠠᠬᠢ ᠰᠤᠯᠢᠯᠴᠠᠭ᠎ᠠ ᠶᠢ ᠢᠲᠡᠪᠬᠢᠲᠡᠢ ᠦᠷᠨᠢᠭᠦᠯᠵᠦ᠂ ᠤᠷᠤᠰ ᠮᠤᠩᠭᠤᠯ ᠤᠨ ᠤᠷᠤᠨ ᠨᠤᠳᠤᠭ ᠤᠨ ᠵᠠᠰᠠᠭ ᠤᠨ ᠤᠷᠳᠤᠨ ᠪᠤᠯᠤᠨ ᠰᠠᠯᠠᠭ᠎ᠠ ᠮᠦᠴᠢᠷ ᠤᠨ ᠬᠤᠭᠤᠷᠤᠨᠳᠤᠬᠢ ᠲᠤᠬᠲᠠᠬᠰᠠᠨ ᠬᠤᠭᠤᠴᠠᠭ᠎ᠠ ᠲᠠᠢ ᠪᠠᠷ ᠵᠦᠪᠲᠡᠯᠴᠡᠨ ᠠᠭᠤᠯᠵᠠᠬᠤ ᠶᠢ ᠴᠢᠩᠭᠠᠳᠬᠠᠨ᠎ᠠ᠃      ᠭᠠᠲᠠᠭᠠᠲᠦ ᠠᠷᠠᠯᠵᠢᠶ᠎ᠠ ᠶᠢ ︽ᠰᠢᠯᠢᠲᠡᠭ ᠢ ᠤᠷᠤᠭᠤᠯᠤᠨ ᠰᠢᠯᠢᠲᠡᠭ ᠢ ᠭᠠᠷᠭᠠᠬᠤ︾ ᠲᠡᠰᠢ ᠬᠤᠪᠢᠷᠠᠭᠤᠯᠬᠤ ᠶᠢ ᠠᠬᠢᠭᠤᠯᠤᠨ᠎ᠠ᠃      ᠰᠢᠨ᠎ᠡ ᠪᠠᠷ ᠬᠦᠭᠵᠢᠭᠰᠡᠨ ᠠᠷᠠᠯᠵᠢᠶᠠᠨ ᠤ ᠬᠡᠯᠪᠡᠷᠢ ᠶᠢ ᠬᠦᠴᠦᠯᠡᠨ ᠬᠦᠭᠵᠢᠭᠦᠯᠵᠦ᠂ ᠠᠵᠦ ᠠᠬᠤᠢᠢᠯᠠᠯ ᠤᠨ ᠬᠢᠯᠢ ᠠᠯᠤᠰᠯᠠᠬᠰᠠᠨ ᠡᠯᠧᠺᠲᠷᠤᠨ ᠬᠤᠳᠠᠯᠳᠤᠭ᠎ᠠ ᠶᠢ ᠦᠷᠨᠢᠭᠦᠯᠬᠦ ᠶᠢ ᠲᠡᠮᠵᠢᠨ᠎ᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠲᠠᠢ ᠲᠠᠭᠠᠭᠤᠯᠭ᠎ᠠ ᠲᠤᠤᠷ᠎ᠠ᠂ ᠭᠠᠲᠠᠭᠠᠲᠦ ᠨᠡᠭᠡᠭᠡᠯᠲᠡ ᠬᠢᠬᠦ ᠶᠢ ᠪᠦᠬᠦ ᠲᠠᠯ᠎ᠠ ᠪᠠᠷ ᠦᠷᠭᠡᠳᠬᠡᠬᠦ ᠬᠤᠯᠠ ᠤᠢᠢᠷ᠎ᠠ ᠶᠢᠨ ᠬᠠᠷᠠᠯᠲᠠ ᠶᠢᠨ ᠲᠤᠭᠤᠷᠢᠨ ᠳᠤ ᠪᠤᠲᠠᠲᠠᠢ ᠶᠢ ᠡᠷᠬᠢᠮᠯᠡᠨ ᠴᠢᠷᠮᠠᠶᠢᠨ ᠲᠡᠮᠡᠴᠡᠵᠦ᠂ ᠮᠠᠨ ᠤ ᠤᠷᠤᠨ ᠪᠦᠬᠦ ᠲᠠᠯ᠎ᠠ ᠪᠠᠷ ᠭᠠᠲᠠᠭᠠᠲᠦ ᠨᠡᠭᠡᠭᠡᠯᠲᠡ ᠬᠢᠬᠦ ᠶᠢᠨ ᠰᠢᠨ᠎ᠡ ᠪᠠᠶᠢᠲᠠᠯ ᠢ ᠡᠭᠦᠲᠦᠨ ᠨᠡᠭᠡᠭᠡᠬᠦ ᠳᠤ ᠬᠢᠯᠠᠯᠵᠠᠮ᠎ᠠ ᠠᠮᠵᠢᠯᠲᠠ ᠤᠯᠬᠤ ᠳᠤ ᠪᠢᠲᠡ ᠢᠲᠡᠭᠡᠯᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号