ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ  ᠪᠦ᠋ ᠰᠢᠶᠣᠣ ᠯᠢᠨ ᠶᠠᠷᠢᠶ᠎ᠠ ᠲᠠᠯᠪᠢᠵᠤ  ᠷᠧᠨ ᠶᠠ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2016/10/13
     10 ᠳ᠋ᠤᠭᠠᠷ ᠰᠠᠷ᠎ᠠ ᠶᠢᠨ 12᠎ ᠤᠨ ᠦᠳᠡ ᠶᠢᠨ ᠡᠮᠦᠨ᠎ᠡ᠂ ᠮᠠᠨ ᠤ ᠤᠷᠤᠨ ᠤ ᠪᠤᠬᠢᠷᠳᠤᠯ ᠦᠭᠡᠢ ᠬᠦᠭᠵᠢᠯᠳᠠ ᠶᠢᠨ ᠲᠤᠭᠤᠷᠢᠨ ᠲᠤ ᠲᠤᠰᠬᠠᠢ ᠰᠡᠳᠤᠪ ᠢᠶᠠᠷ ᠵᠦᠪᠯᠡᠬᠦ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯ ᠬᠦᠬᠡᠬᠤᠲᠠ ᠳᠤ ᠡᠬᠢᠯᠡᠪᠠ᠃ ᠬᠤᠷᠠᠯ ᠳᠤ ᠤᠷᠤᠯᠴᠠᠭᠰᠠᠨ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠲᠤᠰᠬᠠᠢ ᠮᠡᠷᠭᠡᠵᠢᠯᠳᠠᠨ᠂ ᠤᠯᠤᠰ ᠲᠦᠷᠦ ᠶᠢᠨ ᠵᠦᠪᠯᠡᠯᠭᠡᠨ ᠤ ᠪᠠᠶᠢᠡᠭᠭᠤ ᠶᠢᠨ ᠭᠡᠰᠢᠬᠦᠤᠨ ᠪᠠ ᠭᠡᠰᠢᠬᠦᠤᠨ᠂ ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠵᠦᠪᠯᠡᠬᠦ ᠰᠡᠳᠤᠪ ᠤᠨ ᠲᠤᠭᠤᠷᠢᠨ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠠᠷᠭ᠎ᠠ ᠪᠤᠳᠤᠯᠭ᠎ᠠ ᠪᠠᠨ ᠳᠡᠪᠰᠢᠬᠦᠯᠦᠭᠰᠡᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠢ ᠡᠷᠬᠢᠯᠡᠪᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠳ᠋ᠦᠩ ᠡᠾᠧᠩ ᠢᠥᠢ᠂ ᠵᠧᠩ ᠹᠦ᠋ ᠲᠢᠶᠠᠨ᠂ ᠨᠢᠦ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠧᠩ᠂ ᠸᠠᠩ ᠬᠤᠸᠠᠨ ᠴᠧᠩ᠂ ᠯᠦᠸᠧ ᡁᠢ ᠬᠤ᠋ ᠬᠤᠷᠠᠯ ᠳᠤ ᠤᠷᠤᠯᠴᠠᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠬᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠤᠤᠯ ᠤᠨ ᠳᠡᠳ᠋ ᠺᠤᠮᠢᠰᠰᠠᠷ ᠵᠠᠩ ᠶᠢᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ ᠯᠢᠥ ᠪᠢᠨ ᠬᠤᠷᠠᠯ ᠳᠤ ᠤᠷᠤᠯᠴᠠᠵᠠᠢ᠃      ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯ ᠤᠨ ᠵᠦᠪᠯᠡᠬᠦ ᠵᠦᠢᠯ ᠢ ᠬᠢᠨᠡᠨ ᠵᠦᠪᠯᠡᠨ ᠪᠠᠲᠤᠯᠠᠵᠦ᠂ ᠳ᠋ᠦᠩ ᠡᠾᠧᠩ ᠢᠥᠢ ᠶᠢᠨ ᠬᠢᠭᠰᠡᠨ ︽ᠦᠪᠦᠷ ᠮᠤᠩᠭᠤᠯ ᠤᠨ ᠪᠤᠬᠢᠷᠳᠤᠯ ᠦᠬᠡᠢ ᠬᠦᠭᠵᠢᠯᠲᠡ ᠶᠢᠨ ᠠᠷᠭᠠᠴᠠᠬᠤ ᠪᠣᠳᠣᠯᠭ᠎ᠠ ᠪᠤᠯᠤᠨ ᠰᠠᠨᠠᠯ ᠰᠠᠨᠠᠭᠤᠯᠭ᠎ᠠ︾᠎ ᠶᠢᠨ ᠲᠤᠬᠠᠢ ᠵᠦᠪᠯᠡᠬᠦ ᠰᠡᠳᠦᠪ ᠤᠨ ᠳᠤᠳᠤᠷᠬᠠᠢᠢᠯᠠᠯᠲᠠ ᠶᠢ ᠰᠤᠨᠤᠰᠴᠤ᠂ ᠤᠯᠤᠰ ᠲᠦᠷᠦ ᠶᠢᠨ ᠵᠦᠪᠯᠡᠯᠭᠡᠨ ᠤ ᠬᠦᠮᠤᠨ ᠠᠮᠠ ᠡᠬᠢ ᠪᠠᠶᠠᠯᠢᠭ ᠤᠷᠴᠢᠨ ᠠᠬᠤᠢ ᠶᠢᠨ ᠵᠦᠪᠯᠡᠯ ᠤᠨ ᠮᠠᠨ ᠤ ᠤᠷᠤᠨ ᠤ ᠪᠤᠬᠢᠷᠳᠤᠯ ᠦᠬᠡᠢ ᠬᠦᠭᠵᠢᠯᠲᠡ ᠶᠢᠨ ᠠᠰᠠᠭᠤᠳᠠᠯ ᠤᠨ ᠲᠤᠬᠠᠢ ︽ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠤ ᠪᠤᠬᠢᠷᠳᠤᠯ ᠦᠭᠡᠢ ᠬᠦᠭᠵᠢᠯᠳᠠ ᠶᠢ ᠠᠬᠢᠭᠤᠯᠤᠶ᠎ᠠ︾ ᠭᠡᠰᠡᠨ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠶᠢ ᠰᠤᠨᠤᠰᠪᠠ᠃ ᠬᠤᠷᠠᠯ ᠳᠤ ᠤᠷᠤᠯᠴᠠᠭᠰᠠᠳ ᠠᠳᠠᠯᠢ ᠪᠤᠰᠤ ᠳᠣᠰᠬᠠᠢ ᠮᠡᠷᠭᠡᠵᠢᠯ᠂ ᠠᠳᠠᠯᠢ ᠪᠤᠰᠤ ᠬᠠᠷᠠᠭᠠᠰᠦ ᠠᠴᠠ ᠪᠤᠬᠢᠷᠳᠤᠯ ᠦᠭᠡᠢ ᠬᠦᠭᠵᠢᠯᠲᠡ ᠶᠢᠨ ᠲᠤᠬᠠᠢ ᠦᠬᠦᠯᠡᠨ ᠳᠣᠭᠠᠴᠢᠵᠣ᠂ ᠦᠪᠡᠷᠳᠡᠭᠡᠨ ᠵᠠᠰᠠᠬᠤ ᠤᠷᠤᠨ ᠤ ᠪᠤᠬᠢᠷᠳᠤᠯ ᠦᠭᠡᠢ ᠬᠦᠭᠵᠢᠯᠳᠠ ᠳᠤ ᠠᠷᠭ᠎ᠠ ᠤᠬᠠᠭᠠᠨ ᠢᠶᠠᠨ ᠲᠠᠪᠰᠢᠬᠦᠯᠵᠠᠭᠡᠪᠠ᠃      ᠲᠤᠰᠬᠠᠢ ᠮᠡᠷᠭᠡᠵᠢᠯᠳᠠᠳ ᠪᠠ ᠭᠡᠰᠢᠬᠦᠳ ᠤ ᠶᠠᠷᠢᠬᠤ ᠶᠢ ᠰᠤᠨᠤᠰᠤᠭᠰᠠᠨ ᠤ ᠲᠠᠷᠠᠭ᠎ᠠ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠪᠤᠬᠢᠷᠳᠤᠯ ᠦᠬᠡᠢ ᠬᠦᠭᠵᠢᠯᠲᠡ ᠶᠢᠨ ᠠᠰᠠᠭᠤᠳᠠᠯ ᠪᠣᠯ ᠴᠢᠬᠤᠯᠠ ᠠᠵᠦ ᠠᠬᠤᠢ ᠶᠢᠨ ᠠᠰᠠᠭᠤᠳᠠᠯ ᠪᠤᠯᠬᠤ ᠪᠦᠭᠡᠳ ᠴᠢᠬᠤᠯᠠ ᠨᠡᠶᠢᠭᠡᠮ ᠤᠨ ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ ᠪᠠ ᠤᠯᠤᠰ ᠲᠦᠷᠦ ᠶᠢᠨ ᠠᠰᠠᠭᠤᠳᠠᠯ ᠪᠤᠯᠤᠨ᠎ᠠ᠃ ᠦᠪᠦᠷ ᠮᠤᠩᠭᠤᠯ ᠤᠨ ᠠᠮᠢ ᠠᠬᠤᠢ ᠶᠢᠨ ᠤᠷᠴᠢᠨ ᠲᠤᠭᠤᠷᠢᠨ ᠬᠢᠷᠢ ᠵᠡᠷᠭᠡ ᠪᠠᠶᠢᠬᠤ ᠨᠢ ᠲᠤᠰ ᠪᠡᠶ᠎ᠡ ᠶᠢᠨ ᠦᠷᠬᠦᠯᠵᠢᠯᠡᠬᠦ ᠬᠦᠭᠵᠢᠯᠲᠡ ᠲᠠᠢ ᠬᠤᠯᠪᠤᠬᠳᠠᠬᠤ ᠪᠠᠷ ᠪᠠᠷᠠᠬᠤ ᠦᠭᠡᠢ᠂ ᠤᠮᠠᠷᠠᠲᠦ ᠤᠷᠤᠨ᠂ ᠵᠡᠬᠦᠨ ᠬᠤᠶᠢᠲᠦ ᠤᠷᠤᠨ ᠪᠠ ᠪᠠᠷᠠᠭᠤᠨ ᠬᠤᠶᠢᠲᠦ ᠤᠷᠤᠨ᠂ ᠴᠢᠨᠠᠬᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠬᠳᠠᠵᠤ ᠪᠠᠶᠢᠳᠠᠭ᠃ ᠣᠢᠢᠷ᠎ᠠ ᠶᠢᠨ ᠵᠢᠯ ᠳᠤ ᠦᠪᠡᠷᠲᠡᠬᠡᠨ ᠵᠠᠰᠠᠬᠤ ᠤᠷᠤᠨ ᠲᠦᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠦᠷᠬᠦᠯᠵᠢᠯᠡᠨ ᠴᠢᠩᠭᠠᠳᠬᠠᠭᠠᠳ ᠳᠤᠪᠤᠶᠢᠮ᠎ᠠ ᠦᠷ᠎ᠡ ᠪᠦᠲᠦᠮᠵᠢ ᠤᠯᠤᠭᠰᠠᠨ ᠪᠤᠯᠪᠠᠴᠦ ᠲᠤᠯᠭᠠᠷᠠᠵᠦ ᠪᠦᠬᠦᠢ ᠡᠭᠦᠷᠭᠡ ᠮᠦᠨᠬᠦ ᠬᠠᠲᠠᠭᠤ ᠪᠡᠷᠭᠡᠰᠢᠶᠡᠯᠳᠡᠢ ᠪᠠᠶᠢᠬᠰᠠᠭᠠᠷ᠃ ᠪᠢᠳᠡ ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠦᠪᠦᠷ ᠮᠤᠩᠭᠤᠯ ᠢᠶᠠᠨ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠤᠬᠢᠷᠳᠤᠯ ᠦᠬᠡᠢ ᠪᠠᠶᠢᠬᠤ ᠪᠤᠯ ᠮᠠᠨ ᠤ ᠬᠤᠪᠤᠷ ᠴᠤᠬᠠᠭ ᠦᠪ ᠬᠦᠷᠦᠩᠭᠡ᠂ ᠦᠪᠦᠷ ᠮᠤᠩᠭᠤᠯ ᠤᠨ ᠲᠦᠷᠦᠯ ᠳᠡᠮᠳᠡᠭ ᠪᠠ ᠪᠡᠯᠭᠡ ᠲᠡᠮᠳᠡᠭ ᠮᠦᠨ᠂ ᠪᠤᠬᠢᠷᠳᠤᠯ ᠦᠬᠡᠢ ᠪᠠᠶᠢᠬᠤ ᠳᠤ ᠨᠡᠮᠡᠬᠦ ᠠᠷᠭ᠎ᠠ ᠶᠢ ᠬᠡᠷᠡᠭᠯᠡᠬᠦ ᠨᠢ ᠳᠠᠷᠤᠢ ᠦᠪ ᠬᠦᠷᠦᠩᠭᠡ ᠳᠡᠭᠡᠨ ᠨᠡᠮᠡᠬᠦ ᠠᠷᠭ᠎ᠠ ᠶᠢ ᠬᠡᠷᠡᠭᠯᠡᠵᠦ ᠪᠠᠶᠢᠭ᠎ᠠ ᠶᠠᠪᠤᠳᠠᠯ ᠪᠤᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ ︽ᠨᠤᠮᠢᠨ ᠨᠤᠭᠤᠭᠠᠨ ᠠᠭᠤᠯᠠ ᠤᠰᠤ ᠪᠤᠯ ᠳᠠᠷᠤᠢ ᠠᠯᠳᠠᠨ ᠮᠦᠩᠬᠦᠨ ᠠᠭᠤᠯᠠ︾᠎ ᠶᠢᠨ ᠤᠢᠢᠯᠠᠭᠠᠨᠳᠠᠬᠤᠨ ᠢ ᠪᠠᠲᠦ ᠪᠤᠢ ᠪᠤᠯᠭᠠᠵᠦ᠂ ᠪᠤᠬᠢᠷᠳᠦᠯ ᠦᠬᠡᠢ ᠬᠦᠭᠵᠢᠯᠲᠡ᠂ ᠡᠷᠭᠢᠯᠳᠡᠳᠦ ᠬᠦᠭᠵᠢᠯᠲᠡ᠂ ᠨᠡᠭᠦᠷᠡᠰᠦᠳᠦ᠋ᠷᠦᠭᠴᠢ ᠪᠠᠭ᠎ᠠ ᠬᠦᠭᠵᠢᠯᠲᠡ ᠶᠢ ᠪᠠᠷᠢᠮᠳᠠᠯᠠᠨ ᠠᠮᠢ ᠠᠬᠤᠢ ᠶᠢᠨ ᠰᠤᠶᠤᠯ ᠢ ᠪᠤᠶᠢᠵᠢᠭᠤᠯᠵᠣ᠂ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ ᠴᠢᠬᠤᠯᠠᠳᠠᠢ᠃ ᠦᠵᠡᠯ ᠰᠠᠨᠠᠭ᠎ᠠ ᠪᠠᠨ ᠶᠡᠬᠡᠪᠡᠷ ᠴᠢᠯᠦᠭᠡᠯᠡᠨ ᠦᠵᠡᠯᠲᠡ ᠳᠠᠨᠢᠯᠳᠠ ᠪᠠᠨ ᠬᠤᠪᠢᠷᠠᠭᠤᠯᠵᠦ᠂ ᠦᠷᠬᠦᠯᠵᠢᠯᠡᠬᠦ ᠬᠦᠭᠵᠢᠯᠲᠡ ᠶᠢᠨ ᠵᠠᠮ ᠢᠶᠠᠷ ᠵᠠᠮᠨᠠᠬᠤ ᠴᠢᠬᠤᠯᠠᠳᠠᠢ᠃ ᠠᠮᠢ ᠠᠬᠤᠢ ᠤᠷᠴᠢᠨ ᠲᠤᠭᠤᠷᠢᠨ ᠤ ᠬᠠᠥᠯᠢ ᠠᠴᠠ ᠵᠦᠷᠢᠴᠡᠭᠰᠡᠨ ᠠᠵᠢᠯᠯᠠᠭ᠎ᠠ ᠳᠤ ᠦᠴᠦᠭᠡᠨ ᠴᠤ ᠨᠠᠶᠢᠷ ᠲᠠᠯᠪᠢᠬᠤ ᠦᠬᠡᠢ ᠪᠠᠶᠢᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠠᠥᠯᠢ ᠠᠴᠠ ᠵᠦᠷᠢᠴᠡᠭᠰᠡᠳ ᠢ ᠦᠷᠡᠭᠳᠡᠯ ᠭᠠᠷᠭᠠᠭᠤᠯᠬᠤ ᠬᠡᠷᠡᠭᠲᠡᠢ ᠭᠡᠵᠡᠢ᠃      ᠪᠦ᠋ ᠰᠢᠶᠤᠤ ᠯᠢᠨ ᠱᠠᠭᠠᠷᠳᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠵᠠᠰᠠᠭ ᠤᠨ ᠤᠷᠳᠦᠨ ᠪᠤᠯᠤᠨ ᠤᠯᠤᠰ ᠲᠦᠷᠦ ᠶᠢᠨ ᠵᠦᠪᠯᠡᠯᠬᠡᠨ ᠤ ᠵᠦᠪᠯᠡᠬᠦ ᠲᠦᠯᠦᠪᠯᠡᠭᠡ ᠶᠢ ᠰᠠᠶᠢᠳᠣᠷ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠠᠷᠢᠨ ᠬᠢᠨᠠᠮᠠᠭᠠᠢ᠂ ᠳᠠᠷᠤᠤ ᠬᠢᠴᠢᠶᠡᠩᠬᠦᠢ᠂ ᠦᠷᠭᠡᠨ ᠳᠡᠯᠭᠡᠷ ᠢᠶᠠᠷ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠰᠠᠨᠠᠭᠤᠯᠭ᠎ᠠ ᠶᠢ ᠰᠤᠨᠤᠰᠴᠦ ᠰᠢᠩᠭᠡᠭᠡᠨ ᠠᠪᠬᠤ ᠬᠡᠷᠡᠭᠲᠡᠢ᠃ ᠡᠨᠡ ᠣᠳᠠᠭ᠎ᠠ ᠶᠢᠨ ᠲᠤᠰᠬᠠᠢ ᠰᠡᠳᠦᠪ ᠢᠶᠠᠷ ᠵᠦᠪᠯᠡᠬᠦ ᠬᠤᠷᠠᠯ ᠠᠴᠠ ᠳᠤᠷᠠᠳᠤᠬᠰᠠᠨ ᠰᠠᠨᠠᠯ ᠰᠠᠨᠠᠭᠤᠯᠭ᠎ᠠ ᠶᠢ ᠰᠠᠶᠢᠲᠤᠷ ᠰᠤᠳᠤᠯᠵᠤ ᠪᠠᠶᠢᠭᠠᠳ ᠲᠡᠭᠦᠨ ᠢ ᠪᠤᠲᠠᠲᠠᠢ ᠠᠵᠢᠯ ᠤᠨ ᠰᠡᠳᠬᠢᠴᠡ ᠪᠤᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠨ ᠪᠤᠯᠭᠠᠨ ᠬᠤᠪᠢᠷᠠᠭᠤᠯᠵᠣ᠂ ᠪᠤᠬᠢᠷᠳᠤᠯ ᠦᠬᠡᠢ ᠬᠦᠭᠵᠢᠯᠲᠡ ᠶᠢ ᠠᠬᠢᠭᠤᠯᠬᠤ ᠪᠤᠳᠠᠳᠦ ᠦᠷ᠎ᠡ ᠪᠦᠲᠦᠮᠵᠢ ᠪᠤᠯᠭᠠᠨ ᠬᠤᠪᠢᠷᠠᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠳᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ ᠪᠠ ᠭᠡᠰᠢᠬᠦᠳ ᠴᠦ ᠳᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠪᠠᠶᠢᠩᠭᠤ ᠳᠡᠪᠰᠢᠬᠦᠯᠵᠦ᠂ ᠵᠠᠰᠠᠭ ᠤᠨ ᠤᠷᠳᠦᠨ ᠤ ᠠᠵᠢᠯ ᠢᠶᠠᠨ ᠬᠠᠯᠠᠨ ᠰᠠᠶᠢᠵᠢᠷᠠᠭᠤᠯᠬᠤ ᠳᠤ ᠬᠢᠨᠠᠯᠲᠠ ᠲᠠᠯᠪᠢᠨ ᠬᠠᠪᠰᠤᠷᠤᠯᠭ᠎ᠠ ᠳᠡᠮᠵᠢᠯᠭᠡ ᠦᠵᠡᠬᠦᠯᠬᠦ ᠶᠢ ᠬᠦᠰᠡᠵᠦ ᠪᠠᠶᠢᠨ᠎ᠠ᠃ ᠪᠢᠳᠡ ᠪᠦᠬᠦᠨ ᠤ ᠬᠠᠮᠲᠦ ᠶᠢᠨ ᠴᠢᠷᠮᠠᠶᠢᠯᠭ᠎ᠠ ᠪᠠᠷ ᠳᠠᠮᠵᠢᠭᠤᠯᠣᠨ ᠦᠨᠢᠳᠡ ᠶᠢᠨ ᠦᠷᠬᠦᠯᠵᠢᠯᠡᠬᠦ ᠬᠦᠭᠵᠢᠯᠲᠡ ᠶᠢ ᠪᠡᠶᠡᠯᠡᠬᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠦ ᠤᠯᠤᠰ᠂ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠶᠢᠨ ᠲᠦᠯᠦᠭᠡ ᠴᠦᠬᠦᠷᠡᠯ ᠦᠭᠡᠢ ᠴᠢᠷᠮᠠᠶᠢᠬᠤ ᠬᠡᠷᠡᠭᠲᠡᠢ ᠭᠡᠵᠠᠢ᠃      ᠷᠧᠨ ᠶᠠ ᠫᠢᠩ ᠵᠢᠭᠠᠭᠰᠠᠨ ᠨᠢ᠂ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠬᠡᠨ ᠤ ᠬᠢᠨ ᠪᠦ᠋ ᠰᠢᠶᠤᠤ ᠯᠢᠨ ᠲᠡᠷᠢᠬᠦᠯᠡᠭᠴᠢ ᠶᠢᠨ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠤᠢᠢᠯᠠᠭᠠᠵᠣ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠢᠯᠡᠳᠦᠯᠭᠡ ᠳᠡᠭᠡᠨ ᠰᠠᠶᠢᠳᠣᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠬᠤ ᠴᠢᠳᠠᠪᠤᠷᠢ ᠪᠠᠨ ᠳᠡᠭᠡᠭᠰᠢᠯᠡᠬᠦᠯᠵᠦ᠂ ᠵᠦᠪᠯᠡᠯᠭᠡ ᠬᠢᠵᠦ ᠲᠦᠷᠦ ᠶᠢᠨ ᠶᠠᠪᠤᠳᠠᠯ ᠢ ᠵᠦᠪᠯᠡᠬᠦ ᠲᠦᠪᠰᠢᠨ ᠢᠶᠠᠨ ᠳᠡᠭᠡᠭᠰᠢᠯᠡᠬᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠭᠤᠤᠯᠳᠠᠯᠭ᠎ᠠ ᠲᠠᠢ ᠠᠵᠢᠯ ᠳᠤ ᠨᠡᠩ ᠢᠳᠡᠪᠬᠢᠲᠡᠢ ᠮᠦᠷᠳᠡᠬᠡᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠠᠷᠢᠴᠠᠭ᠎ᠠ ᠶᠢ ᠵᠤᠬᠢᠴᠠᠭᠤᠯᠬᠤ᠂ ᠠᠷᠭ᠎ᠠ ᠤᠬᠠᠭᠠᠨ ᠠᠷᠭ᠎ᠠ ᠪᠤᠳᠤᠯᠭ᠎ᠠ ᠳᠡᠪᠰᠢᠬᠦᠯᠬᠦ᠂ ᠬᠦᠴᠦᠨ ᠴᠢᠳᠠᠯ ᠢ ᠨᠢᠬᠲᠠᠷᠠᠭᠤᠯᠬᠤ ᠪᠠ ᠶᠡᠭᠡ ᠳᠠᠯ᠎ᠠ ᠳᠤ ᠦᠢᠯᠡᠴᠢᠯᠡᠬᠦ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠵᠦ᠂ ᠦᠪᠡᠷᠲᠡᠭᠡᠨ ᠵᠠᠰᠠᠬᠤ ᠤᠷᠤᠨ ᠤ ᠪᠤᠬᠢᠷᠳᠦᠯ ᠦᠬᠡᠢ ᠬᠦᠭᠵᠢᠯᠲᠡ ᠶᠢ ᠠᠬᠢᠭᠤᠯᠬᠤ ᠪᠤᠯᠤᠨ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠳᠤᠮᠳᠠ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号