| 10 ᠳ᠋ᠤᠭᠠᠷ ᠰᠠᠷ᠎ᠠ ᠶᠢᠨ 10 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠣᠯᠠᠨ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠦᠵᠡᠬᠦᠯᠦᠯᠭᠡ ᠶᠢᠨ ᠴᠤᠭᠯᠠᠭᠠᠨ ᠭᠤᠸᠠᠩᠵᠧᠦ ᠳᠤ | ᠡᠬᠢᠯᠡᠪᠡ ︵ᠳᠣᠷᠣᠭᠰᠢ ᠳᠤᠮᠳᠠᠲᠤ ᠶᠢᠨ ᠦᠵᠡᠭᠦᠯᠦᠯᠭᠡ ᠶᠢᠨ ᠴᠤᠭᠯᠠᠭᠠᠨ ᠬᠡᠵᠤ ᠲᠤᠪᠴᠢᠯᠠᠨ᠎ᠠ︶᠂ ᠪᠦᠬᠦ ᠣᠷᠣᠨ ᠤ | 12 ᠠᠶᠢᠮᠠᠭ ᠬᠤᠲᠠ ᠪᠣᠯᠤᠨ ᠮᠠᠨᠵᠤᠤᠷ ᠬᠤᠲᠠ ᠶᠢᠨ ᠨᠡᠶᠢᠲᠡ 120 ᠬᠥᠮᠦᠨ᠂ 37 ᠠᠵᠤ ᠠᠬᠤᠶᠢᠯᠠᠯ ᠢᠶᠠᠷ | ᠪᠦᠷᠢᠯᠳᠦᠭᠰᠡᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 16 ᠳᠡᠯᠭᠡᠨ ᠦᠵᠡᠭᠦᠯᠬᠦ ᠲᠠᠪᠴᠠᠩ | ᠲᠤᠬᠢᠷᠠᠭᠤᠯᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ᠂ ᠴᠡᠪᠡᠷ ᠡᠨᠧᠷᠭᠢ ᠵᠢᠴᠢ ᠨᠡᠬᠡᠮᠡᠯ᠂ ᠢᠳᠡᠭᠡᠨ | ᠤᠮᠳᠠᠭᠠᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠥᠪᠡᠷᠮᠢᠴᠡ ᠣᠨᠴᠠᠯᠢᠭ ᠲᠠᠢ ᠪᠦᠲᠦᠭᠡᠭᠳᠡᠬᠦᠨ ᠢ ᠳᠡᠯᠭᠡᠨ | ᠦᠵᠡᠬᠦᠯᠪᠡ᠃ | ᠲᠤᠰ ᠬᠤᠭᠤᠴᠠᠭᠠᠨ ᠤ ᠳᠤᠮᠳᠠᠲᠤ ᠶᠢᠨ ᠦᠵᠡᠭᠦᠯᠦᠯᠭᠡ ᠶᠢᠨ ᠴᠤᠭᠯᠠᠭᠠᠨ ᠢ ᠳᠤᠮᠳᠠᠳᠤ ᠤᠯᠤᠰ ᠤᠨ ᠠᠵᠤ | ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠭᠤᠸᠠᠩᠳᠦ᠋ᠩ ᠮᠤᠵᠢ ᠶᠢᠨ ᠵᠠᠰᠠᠭ ᠤᠨ ᠣᠷᠳᠣᠨ | ᠪᠤᠯᠤᠨ ᠺᠤᠲᠳᠢᠸᠠ ᠶᠢᠨ ᠬᠤᠳᠠᠯᠳᠤᠭᠠᠨ ᠤ ᠶᠠᠪᠤᠳᠠᠯ ᠤᠨ ᠶᠠᠮᠤᠨ᠂ ᠡᠨᠡᠳᠬᠡᠭ ᠤᠨ ᠪᠢᠴᠢᠯ ᠳᠤᠮᠳᠠ ᠵᠢᠵᠢᠭ ᠠᠵᠤ | ᠠᠬᠤᠶᠢᠯᠠᠯ ᠤᠨ ᠶᠠᠮᠤᠨ ᠬᠠᠮᠲᠤᠷᠠᠨ ᠭᠤᠣᠯᠯᠠᠨ ᠡᠷᠭᠢᠯᠡᠵᠦ᠂ ︽ᠤᠶᠤᠨᠴᠢᠷ᠂ ᠤᠬᠠᠭᠠᠨᠴᠢᠷ᠂ ᠤᠶᠤᠨᠴᠢ ᠦᠢᠯᠡᠳᠬᠦ᠂ | ᠡᠨᠧᠷᠭᠢ ᠠᠷᠪᠢᠯᠠᠬᠤ︾ ᠪᠠᠷ ᠭᠤᠣᠯ ᠰᠡᠳᠦᠪ ᠪᠤᠯᠭᠠᠨ᠂ 17 ᠡᠳᠦᠷ ᠳᠡᠯᠭᠡᠨ ᠦᠵᠡᠭᠦᠯᠵᠤ᠂ ᠣᠯᠠᠨ ᠤᠯᠤᠰ ᠤᠨ | ᠪᠠᠷᠢᠮᠵᠢᠶᠠᠨ ᠤ 4600 ᠳᠡᠯᠭᠡᠨ ᠦᠵᠡᠭᠦᠯᠬᠦ ᠲᠠᠪᠴᠠᠩ ᠲᠤᠬᠢᠷᠠᠭᠤᠯᠵᠤ᠂ ᠦᠵᠡᠭᠦᠯᠦᠯᠭᠡ ᠶᠢᠨ ᠲᠠᠯᠠᠪᠠᠢ ᠨᠢ ᠪᠠᠷᠤᠭ | 10 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠦᠵᠡᠭᠦᠯᠦᠯᠭᠡ ᠳᠤ ᠣᠷᠣᠯᠴᠠᠭᠰᠠᠨ ᠭᠠᠳᠠᠭᠠᠲᠤ ᠤᠯᠤᠰ | ᠪᠤᠯᠤᠨ ᠭᠠᠵᠠᠷ ᠣᠷᠣᠨ ᠨᠢ 30 ᠠᠴᠠ ᠳᠠᠪᠠᠭᠰᠠᠨ ᠪᠦᠭᠡᠳ ᠠᠩᠬ᠎ᠠ ᠤᠳᠠᠭ᠎ᠠ ᠠᠹᠷᠢᠺᠠ ᠲᠢᠪ ᠤᠨ ᠺᠤᠲᠳᠢᠸᠠ | ᠪᠤᠯᠤᠨ ᠠᠵᠤ ᠠᠬᠤᠢ ᠶᠢᠨ ᠬᠦᠭᠵᠢᠯᠲᠡ ᠪᠠᠷ ᠲᠦᠷᠭᠡᠨ ᠪᠠᠶᠢᠭ᠎ᠠ ᠡᠨᠡᠳᠬᠡᠭ ᠢ ᠤᠷᠢᠨ ᠬᠠᠮᠲᠤᠪᠠᠷ ᠭᠤᠤᠯᠯᠠᠨ | ᠡᠷᠬᠢᠯᠡᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ᠂ ᠤᠯᠠᠨ ᠤᠯᠤᠰ ᠤᠨ | ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠨ ᠠᠵᠢᠯᠯᠠᠬᠤ ᠪᠠᠨ ᠴᠢᠩᠭᠠᠳᠬᠠᠬᠤ᠂ ᠳᠤᠮᠳᠠᠳᠤ ᠠᠹᠷᠢᠺᠠ ᠪᠤᠯᠤᠨ | ᠳᠤᠮᠳᠠᠳᠤ ᠡᠨᠡᠳᠬᠡᠭ ᠤᠨ ᠬᠠᠮᠲᠤᠷᠠᠨ ᠠᠵᠢᠯᠯᠠᠬᠤ ᠰᠣᠯᠢᠯᠴᠠᠭ᠎ᠠ ᠶᠢ ᠦᠷᠭᠡᠳᠭᠡᠬᠦ ᠨᠢ ᠲᠤᠰ ᠬᠤᠭᠤᠴᠠᠭᠠᠨ ᠤ | ᠦᠵᠡᠭᠦᠯᠦᠯᠭᠡ ᠶᠢᠨ ᠴᠤᠭᠯᠠᠭᠠᠨ ᠤ ᠲᠤᠪᠤᠶᠢᠮ᠎ᠠ ᠬᠢᠯᠠᠰ ᠴᠢᠭ᠋ ᠪᠣᠯᠤᠭᠰᠠᠨ | ᠪᠠᠶᠢᠨ᠎ᠠ᠃ |