【ᠦᠪᠦᠷ ᠮᠣᠩᠭᠤᠯ ᠤᠨ ᠬᠦᠭᠵᠢᠯᠲᠡ ᠶᠢ ᠠᠬᠢᠭᠤᠯᠤᠶ᠎ᠠ · ᠮᠡᠳᠡᠭᠡ ᠵᠠᠩᠬᠢᠵᠢᠯᠲᠠ】 ᠮᠡᠳᠡᠭᠡ ᠵᠠᠩᠬᠢᠵᠢᠯᠲᠠ ᠪᠠᠷ ᠣᠳᠣᠬᠢᠴᠢᠯᠠᠯᠲᠠ ᠶᠢ ᠳᠠᠶᠢᠴᠢᠯᠠᠨ᠎ᠠ
ᠨᠡᠶᠢᠲᠡᠯᠡᠭᠰᠡᠨ ᠴᠠᠭ᠄
2016/10/13
      ᠰᠢᠨ᠎ᠠ ᠬᠡᠪ ᠪᠠᠶᠢᠳᠠᠯ ᠳᠤ ᠤᠷᠤᠭᠰᠠᠠ ᠮᠠᠠ ᠤ ᠤᠯᠤᠰ ᠤᠨ ᠠᠵᠥ ᠠᠬᠤᠢ ᠶᠠᠭ ᠦᠨᠳᠤᠷ ᠬᠤᠷᠳᠤᠴᠠᠳᠤ ᠨᠡᠮᠡᠭᠳᠡᠯ ᠠᠴᠠ ᠪᠠᠨ ᠲᠤᠮᠳᠠ ᠦᠨᠳᠤᠷ ᠬᠤᠷᠳᠤᠴᠠᠳᠤ ᠨᠡᠮᠡᠭᠳᠡᠯ ᠲᠡᠰᠢ ᠰᠢᠯᠵᠢᠵᠥ᠂ ᠬᠦᠭᠵᠢᠯᠳᠠ ᠶᠢᠨ ᠬᠡᠯᠪᠠᠷᠢ ᠨᠢ ᠬᠡᠪᠴᠢᠶᠡᠵᠢᠭᠰᠡᠡ ᠦᠨᠳᠤᠷ ᠬᠤᠷᠳᠤᠴᠠᠳᠤ ᠪᠦᠳᠦᠬᠦᠯᠢᠭ ᠨᠠᠮᠡᠭᠳᠡᠯ ᠠᠴᠠ ᠴᠢᠨᠠᠷᠵᠢᠭᠤᠠ ᠠᠰᠢᠬᠯᠠᠮᠵᠢ ᠲᠠᠢ ᠦᠨᠳᠤᠷ ᠡᠷᠴᠢᠮᠵᠢᠭᠰᠡᠡ ᠨᠡᠮᠡᠭᠳᠡᠯ ᠲᠡᠰᠢ ᠰᠢᠯᠵᠢᠵᠥ᠂ ᠪᠦᠳᠦᠴᠠ ᠶᠢᠨ ᠲᠤᠬᠢᠷᠠᠭᠤᠯᠤᠯᠳᠠ ᠨᠢ ᠬᠡᠮᠵᠢᠶ᠎ᠠ ᠶᠢ ᠨᠡᠮᠡᠭᠳᠡᠬᠦᠯᠵᠥ᠂ ᠴᠢᠨᠠᠷ ᠢ ᠪᠠᠳᠤᠯᠠᠵᠥ ᠬᠡᠮᠵᠢᠶ᠎ᠠ ᠶᠢ ᠨᠡᠮᠡᠭᠳᠡᠬᠦᠯᠬᠦ ᠶᠢ ᠵᠡᠷᠬᠡᠪᠠᠷ ᠴᠢᠬᠤᠯᠠᠴᠢᠯᠠᠬᠤ ᠲᠡᠰᠢ ᠰᠢᠯᠵᠢᠵᠥ ᠪᠠᠶᠢᠨ᠎ᠠ᠃ ᠡᠬᠦᠠ ᠤ ᠲᠤᠯᠠᠳᠠ᠂ ᠦᠪᠤᠷ ᠮᠤᠩᠭᠤᠯ ᠤᠨ ᠤᠷᠤᠠ ᠨᠤᠳᠤᠭ ᠤᠨ ᠪᠤᠳᠠᠳᠠᠢ ᠪᠠᠶᠢᠳᠠᠯ ᠳᠤ ᠦᠨᠳᠤᠰᠤᠯᠠᠵᠥ᠂ ᠪᠦᠬᠦ ᠤᠷᠤᠠ ᠤ ᠨᠠᠮᠤᠷ ᠤᠨ ᠤᠯᠠᠷᠢᠯ ᠤᠨ ᠴᠢᠬᠤᠯᠠ ᠶᠡᠭᠡ ᠲᠦᠷᠦᠯ ᠵᠦᠢᠯ ᠢ ᠲᠦᠪᠯᠠᠷᠠᠬᠦᠯᠤᠠ ᠠᠵᠢᠯ ᠡᠬᠢᠯᠡᠬᠦᠯᠵᠥ ᠪᠦᠳᠦᠬᠡᠡ ᠪᠠᠶᠢᠭᠤᠯᠬᠤ ᠲᠡᠶᠢᠴᠢᠯᠠᠯᠳᠠ ᠶᠢᠨ ᠶᠡᠭᠡ ᠬᠤᠷᠠᠯ ᠲᠡᠬᠡᠷ᠎ᠠ᠂ ᠦᠪᠡᠷᠳᠡᠬᠡᠡ ᠵᠠᠰᠠᠬᠤ ᠤᠷᠤᠠ ᠤ ᠨᠡᠮ ᠤᠨ ᠬᠤᠷᠢᠶ᠎ᠠ ᠠᠴᠠ ᠂ ᠶᠠᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠠ ᠲᠤᠤᠱᠯᠠᠭᠤᠯᠵᠥ᠂ ︽ᠲᠡᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠠᠢ ᠠᠬᠢᠭᠤᠯᠵᠥ᠂ ︽ᠲᠦᠷᠪᠠᠠ ᠪᠦᠬᠦ ᠲᠡᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠠ ᠠᠬᠢᠭᠤᠯᠵᠥ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠮᠡᠭᠳᠡᠯ ᠢ ᠲᠤᠬᠳᠠᠭᠤᠨ ᠪᠤᠯᠭᠠᠬᠤ᠂ ᠪᠦᠳᠦᠴᠠ ᠳᠤ ᠲᠤᠬᠢᠷᠠᠭᠤᠯᠤᠯᠳᠠ ᠬᠢᠬᠦ᠂ ᠦᠬᠡᠷᠡᠴᠢᠯᠠᠯᠳᠠ ᠶᠢ ᠠᠬᠢᠭᠤᠯᠬᠤ᠂ ᠲᠦᠭᠰᠢᠬᠦᠷᠢ ᠶᠢ ᠰᠠᠷᠬᠡᠶᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠯ᠎ᠠ ᠵᠦᠢᠯ ᠤᠨ ᠰᠢᠢᠳᠪᠤᠷᠢ ᠪᠠᠶᠢᠷᠢᠯᠠᠭᠤᠯᠤᠯᠳᠠ ᠶᠢ ᠨᠠᠷᠢᠠ ᠬᠢᠨᠠᠮᠠᠭᠠᠢ ᠲᠤᠤᠱᠯᠠᠭᠤᠯᠤᠠ ᠨᠠᠶᠢᠳᠠᠪᠤᠷᠢᠵᠢᠭᠤᠯᠵᠥ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠲᠡ ᠎ ᠲᠠᠢ᠂ ᠬᠠᠮᠳᠤᠪᠠᠷ ᠬᠦᠷᠲᠡᠬᠦ ᠬᠦᠭᠵᠢᠯᠳᠠ ᠶᠢᠨ ᠰᠢᠨ᠎ᠠ ᠤᠨᠤᠯᠵᠢᠬᠤᠨ ᠢ ᠲᠤᠤᠱᠯᠠᠭᠤᠯᠤᠠ ᠨᠠᠶᠢᠳᠠᠪᠤᠷᠢᠵᠢᠭᠤᠯᠵᠤ᠂ ᠰᠢᠨ᠎ᠠ ᠬᠡᠪ ᠪᠠᠶᠢᠳᠠᠯ ᠳᠤ ᠵᠤᠬᠢᠴᠠᠬᠤ ᠶᠢᠨ ᠬᠠᠮᠳᠤ ᠵᠢᠯᠤᠭᠤᠳᠤᠠ ᠲᠡᠭᠠᠭᠤᠯᠵᠥ᠂ ᠠᠵᠥ ᠠᠬᠤᠢ ᠶᠢᠨ ᠲᠤᠮᠳᠠ ᠲᠡᠬᠡᠳᠤ ᠬᠢᠷᠢ ᠲᠦᠪᠰᠢᠠ ᠳᠤ ᠬᠦᠷᠬᠦ ᠶᠢ ᠠᠬᠢᠭᠤᠯᠵᠥ᠂ ᠪᠦᠬᠦ ᠤᠷᠤᠠ ᠤ ᠠᠵᠥ ᠠᠬᠤᠢ ᠨᠠᠶᠢᠬᠡᠮ ᠤᠨ ᠲᠤᠭᠳᠠᠭᠤᠠ ᠡᠷᠡᠬᠦᠯ ᠢᠶᠠᠷ ᠬᠦᠭᠵᠢᠬᠦ ᠶᠢ ᠪᠠᠳᠤᠯᠠᠵᠥ᠂ ︽13·5︾᠎ ᠶᠢᠨ ᠲᠦᠯᠦᠪᠵᠢᠬᠦᠯᠬᠡ ᠶᠢᠨ ᠰᠠᠶᠢᠠ ᠰᠠᠶᠢᠬᠠᠠ ᠡᠬᠢᠯᠡᠯᠳᠠ ᠶᠢ ᠪᠡᠶᠡᠯᠡᠬᠦᠯᠬᠦ ᠭᠡᠷᠡᠭᠳᠠᠢ ᠭᠡᠪᠠ᠃      ᠠᠵᠥ ᠠᠬᠤᠢ ᠨᠡᠶᠢᠬᠡᠮ  ᠤᠨ ᠲᠤᠭᠳᠠᠭᠤᠠ ᠡᠷᠡᠬᠦᠯ ᠢᠶᠠᠷ ᠬᠦᠭᠵᠢᠬᠦ ᠶᠢ ᠪᠠᠳᠤᠯᠠᠬᠤ ᠳᠤ᠂ ᠨᠡᠬᠡᠬᠡᠯᠳᠠ ᠬᠢᠬᠦ ᠪᠠᠷ ᠲᠡᠶᠢᠴᠢᠯᠠᠬᠤ ᠪᠠ ᠮᠡᠳᠡᠭᠡ ᠵᠠᠩᠬᠢᠴᠢᠯᠠᠬᠤ᠂ ᠠᠮᠢ ᠠᠬᠤᠢ ᠶᠢᠨ ᠪᠤᠯᠪᠠᠰᠤᠠ ᠢᠶᠠᠷ ᠠᠬᠢᠭᠤᠯᠬᠤ ᠪᠠᠷ ᠦᠯᠦ ᠪᠠᠷᠠᠮ ᠪᠠᠰᠠ ᠪᠠᠯᠠ ᠤᠷᠤᠭᠤᠯᠤᠯᠳᠠ ᠪᠠᠷ ᠲᠡᠶᠢᠴᠢᠯᠠᠠ ᠲᠡᠭᠠᠭᠤᠯᠬᠤ᠂ ᠲᠦᠷᠦᠯ ᠵᠦᠢᠯ ᠢᠶᠠᠷ ᠲᠡᠶᠢᠴᠢᠯᠠᠬᠤ ᠳᠤ ᠲᠦᠰᠢᠭᠯᠡᠬᠦ ᠭᠡᠷᠡᠭᠳᠠᠢ᠃ ᠡᠬᠦᠠ ᠤ ᠲᠤᠯᠠᠳᠠ᠂ ᠲᠡᠪᠠᠭᠤᠯᠢᠭ ᠲᠠᠭᠠᠨ ᠰᠠᠭᠤᠷᠢᠯᠠᠵᠥ᠂ ᠲᠤᠳᠠᠭᠤᠳᠠᠯ ᠢᠶᠠᠨ ᠨᠦᠬᠦᠪᠤᠷᠢᠯᠠᠵᠥ᠂ ᠠᠯᠤᠰ ᠬᠡᠳᠤ ᠶᠢᠨ ᠬᠦᠭᠵᠢᠯᠳᠠ ᠶᠢᠨ ᠰᠠᠳᠬᠢᠴᠠ ᠪᠠᠷ᠂ ᠦᠪᠡᠷᠳᠡᠬᠡᠡ ᠵᠠᠰᠠᠬᠤ ᠤᠷᠤᠠ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠤᠰᠤᠭᠠᠷ ᠲᠤᠰ ᠰᠤᠨᠢᠠ ᠬᠤᠯᠪᠤᠭᠳᠠᠯ ᠪᠦᠬᠦᠢ ᠠᠭᠤᠯᠭ᠎ᠠ ᠶᠢ ᠪᠦᠬᠦᠯᠢ ᠨᠢᠭᠤᠷ ᠢᠶᠠᠷ ᠮᠠᠳᠠᠬᠡᠯᠡᠵᠦ ᠪᠤᠢ ᠃ ᠡᠨᠡ ᠡᠳᠤᠷ ᠤᠨ ᠠᠭᠤᠯᠭ᠎ᠠ ᠪᠤᠯ — —       【ᠦᠪᠦᠷ ᠮᠣᠩᠭᠤᠯ ᠤᠨ ᠬᠦᠭᠵᠢᠯᠲᠡ ᠶᠢ ᠠᠬᠢᠭᠤᠯᠤᠶ᠎ᠠ · ᠮᠡᠳᠡᠭᠡ ᠵᠠᠩᠬᠢᠵᠢᠯᠲᠠ】ᠮᠡᠳᠡᠭᠡ ᠵᠠᠩᠬᠢᠵᠢᠯᠲᠠ ᠪᠠᠷ ᠣᠳᠣᠬᠢᠴᠢᠯᠠᠯᠲᠠ ᠶᠢ ᠳᠠᠶᠢᠴᠢᠯᠠᠵᠤ   ᠠᠵᠤ ᠠᠬᠤᠢ ᠨᠡᠶᠢᠭᠡᠮ ᠤᠨ ᠬᠦᠭᠵᠢᠯᠲᠡ ᠳᠠᠬᠢ ᠮᠡᠳᠡᠭᠡ ᠵᠠᠩᠬᠢᠵᠢᠯᠲᠠ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠶ᠎ᠠ
    【 ᠰᠢᠢᠳᠪᠦᠷᠢ ᠪᠤᠳᠤᠯᠭ᠎ᠠ】     【 ᠵᠠᠩᠭᠢᠯᠠᠭ᠎ᠠ ᠶᠢᠨ ᠦᠭᠡ】ᠮᠠᠳᠡᠭᠡ ᠵᠠᠩᠬᠢᠵᠢᠯᠳᠠ ᠪᠠᠶᠢᠬᠤ ᠦᠬᠡᠢ ᠪᠤᠯ ᠤᠳᠤᠬᠢᠴᠢᠯᠠᠯᠳᠠ ᠪᠠᠶᠢᠵᠥ ᠴᠢᠳᠠᠬᠤ ᠦᠬᠡᠢ      ● ᠯᠢ ᠵᠢᠢ ᠾᠧᠩ ᠲᠤᠮᠳᠠᠳᠤ ᠤᠯᠤᠰ ᠤᠨ ᠨᠢᠬᠡᠳᠤᠮᠠᠯ ᠬᠤᠯᠪᠤᠭ᠎ᠠ ᠶᠢᠨ ᠪᠦᠯᠦᠭᠯᠡᠯ ᠤᠨ ᠬᠡᠷᠡᠭ ᠮᠡᠳᠡᠭᠴᠢ ᠶᠢᠨ ᠲᠡᠷᠤᠭ᠎ᠠ ᠸᠠᠩ ᠰᠢᠶᠤᠤ ᠴᠦ ᠲᠠᠢ ᠠᠭᠤᠯᠵᠠᠬᠤ ᠳᠠᠭᠠᠨ ᠵᠢᠭᠠᠵᠦ ᠭᠠᠷᠭᠠᠭᠰᠠ ᠨᠢ᠄      ᠮᠠᠳᠡᠭᠡ ᠵᠠᠩᠬᠢᠵᠢᠯᠳᠠ ᠪᠠᠶᠢᠬᠤ ᠦᠬᠡᠢ ᠪᠤᠯ ᠤᠳᠤᠬᠢᠴᠢᠯᠠᠯᠳᠠ ᠪᠠᠶᠢᠵᠥ ᠴᠢᠳᠠᠬᠤ ᠦᠬᠡᠢ᠂ ᠦᠪᠤᠷ ᠮᠤᠩᠭᠤᠯ ᠶᠠᠭ ᠰᠠᠶᠢᠬᠠᠠ ᠪᠦᠬᠦ ᠤᠷᠤᠠ ᠤ ᠬᠦᠴᠦᠠ ᠢᠶᠠᠨ ᠲᠠᠶᠢᠴᠢᠯᠠᠵᠤ᠂ ᠮᠠᠳᠡᠭᠡ ᠵᠠᠩᠬᠢᠵᠢᠯᠳᠠ ᠶᠢᠨ ᠪᠦᠳᠦᠬᠡᠡ ᠪᠠᠶᠢᠭᠤᠯᠤᠯᠳᠠ ᠪᠠᠷ ᠰᠢᠨ᠎ᠠ ᠮᠠᠶ᠋ᠢᠭ ᠤᠨ ᠠᠵᠥ ᠦᠢᠯᠡᠳᠪᠤᠷᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠥ ᠠᠬᠤᠢ ᠲᠡᠷᠢᠶᠠᠯᠠᠩ ᠤᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠬᠦᠳᠤᠯᠤᠠ ᠲᠡᠭᠠᠭᠤᠯᠵᠥ᠂ ᠦᠪᠤᠷ ᠮᠤᠩᠭᠤᠯ ᠎ ᠤᠨ ᠴᠢᠨᠠᠷᠯᠢᠭ ᠲᠦᠷᠬᠡᠡ ᠬᠦᠭᠵᠢᠯᠳᠠ ᠶᠢ ᠴᠢᠷᠮᠠᠶᠢᠠ ᠠᠬᠢᠭᠤᠯᠬᠤ ᠭᠡᠷᠡᠭᠳᠠᠢ ᠭᠡᠪᠠ᠃      ● ᠯᠢ ᠵᠢᠢ ᠾᠧᠩ ᠮᠠᠠ ᠤ ᠤᠷᠤᠠ ᠤ ᠬᠡᠰᠡᠭ ᠠᠶᠢᠮᠠᠭ ᠬᠤᠳᠠ ᠳᠤ ᠪᠠᠶᠢᠴᠠᠭᠠᠠ ᠰᠤᠳᠤᠯᠤᠯᠳᠠ ᠬᠢᠬᠦ ᠳᠡᠭᠡᠨ ᠵᠢᠭᠠᠵᠦ ᠭᠠᠷᠭᠠᠭᠰᠠᠨ ᠨᠢ᠄      ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠠ ᠲᠤᠤᠱᠯᠠᠭᠤᠯᠵᠥ᠂ ᠰᠢᠨ᠎ᠠ ᠮᠠᠶ᠋ᠢᠭ ᠤᠨ ᠠᠵᠥ  ᠦᠢᠯᠡᠳᠪᠦᠷᠢᠵᠢᠯᠲᠡ᠂ ᠮᠠᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠥ ᠠᠬᠤᠢ ᠲᠡᠷᠢᠶᠠᠯᠠᠩ ᠤᠨ ᠤᠳᠤᠬᠢᠴᠢᠯᠠᠯᠳᠠ᠂ ᠪᠤᠬᠢᠷᠳᠤᠯ ᠦᠬᠡᠢ ᠬᠦᠭᠵᠢᠯᠳᠠ ᠶᠢ ᠵᠡᠷᠬᠡᠪᠠᠷ ᠬᠦᠭᠵᠢᠬᠦᠯᠵᠥ᠂ ᠠᠵᠥ ᠠᠬᠤᠢ ᠶᠢᠨ ᠪᠦᠳᠦᠴᠠ ᠶᠢ ᠲᠡᠰ ᠲᠡᠪᠰᠢᠬᠦᠯᠬᠦ᠂ ᠨᠡᠶᠢᠬᠡᠮ ᠤᠨ ᠲᠤᠭᠳᠠᠭᠤᠠ ᠪᠠᠶᠢᠳᠠᠯ᠂ ᠨᠠᠮ ᠤᠨ ᠪᠠᠶᠢᠭᠤᠯᠤᠯᠳᠠ ᠶᠢ ᠪᠦᠬᠦ ᠲᠡᠯ᠎ᠠ ᠪᠠᠷ ᠴᠢᠩᠭᠠᠳᠬᠠᠵᠥ᠂ ᠴᠢᠨᠡᠬᠡᠯᠢᠭ ᠨᠠᠶᠢᠬᠡᠮ ᠢ ᠪᠦᠬᠦ ᠲᠡᠯ᠎ᠠ ᠪᠠᠷ ᠪᠦᠳᠦᠬᠡᠡ ᠪᠠᠶᠢᠭᠤᠯᠬᠤ᠂ ᠤᠳᠤᠬᠢᠴᠢᠯᠠᠬᠰᠠᠠ ᠦᠪᠦᠷ ᠮᠤᠩᠭᠤᠯ ᠢ ᠪᠦᠳᠦᠬᠡᠡ ᠪᠠᠶᠢᠭᠤᠯᠵᠥ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠠᠩᠳᠤ ᠰᠠᠶᠢᠬᠠᠠ ᠦᠵᠡᠮᠵᠢ ᠶᠢᠨ ᠤᠷᠤᠨ ᠢ ᠪᠦᠳᠦᠬᠡᠡ ᠪᠠᠶᠢᠭᠤᠯᠬᠤ ᠳᠤ ᠢᠯᠠᠬᠦᠬᠡᠡ ᠬᠤᠪᠢ ᠨᠠᠮᠠᠷᠢ ᠦᠵᠡᠬᠦᠯᠬᠦ ᠭᠡᠷᠡᠭᠳᠠᠢ ᠭᠡᠪᠠ᠃      ᠮᠠᠳᠡᠭᠡ ᠵᠠᠩᠬᠢᠵᠢᠯᠳᠠ ᠶᠢᠨ ᠠᠵᠥ ᠠᠬᠤᠢ ᠨᠠᠶᠢᠭᠡᠮ ᠤᠨ ᠬᠦᠭᠵᠢᠯᠳᠠ ᠳᠤ ᠦᠵᠡᠬᠦᠯᠬᠦ ᠴᠢᠬᠤᠯᠠ ᠶᠡᠭᠡ ᠬᠦᠳᠤᠯᠤᠠ ᠲᠡᠭᠠᠭᠤᠯᠬᠤ ᠦᠢᠯᠡᠳᠤᠯ ᠢ ᠬᠦᠢᠴᠠᠳ ᠪᠠᠳᠠᠷᠠᠭᠤᠯᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠦ᠂ ᠠᠵᠥ ᠠᠬᠤᠢ ᠨᠠᠶᠢᠬᠡᠮ ᠤᠨ ᠬᠦᠭᠵᠢᠯᠳᠠ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠬᠦᠴᠦᠯᠡᠨ ᠠᠬᠢᠭᠤᠯᠬᠤ ᠭᠡᠷᠡᠭᠳᠡᠢ ᠭᠡᠪᠠ᠃      ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠠ ᠲᠤᠤᠱᠯᠠᠭᠤᠯᠵᠥ᠂ ᠰᠢᠨ᠎ᠠ ᠮᠠᠶ᠋ᠢᠭ ᠤᠨ ᠠᠵᠥ ᠦᠢᠯᠡᠳᠪᠤᠷᠢᠵᠢᠯᠳᠠ᠂ ᠮᠠᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠥ ᠠᠬᠤᠢ ᠲᠡᠷᠢᠶᠠᠯᠠᠩ ᠤᠨ ᠤᠳᠤᠬᠢᠴᠢᠯᠠᠯᠳᠠ᠂ ᠪᠤᠬᠢᠷᠳᠤᠯ ᠦᠬᠡᠢ ᠬᠦᠭᠵᠢᠯᠳᠠ ᠶᠢ ᠵᠡᠷᠬᠡᠪᠠᠷ ᠬᠦᠭᠵᠢᠬᠦᠯᠵᠥ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠦ᠂ ᠦᠵᠡᠰᠬᠦᠯᠡᠩᠳᠦ ᠰᠠᠶᠢᠬᠠᠨ ᠪᠠ ᠦᠨᠢᠷ ᠬᠦᠭᠵᠢᠯᠳᠠ ᠶᠢ ᠴᠢᠷᠮᠠᠶᠢᠨ ᠪᠠᠶᠠᠯᠠᠬᠦᠯᠬᠦ ᠭᠡᠷᠡᠭᠳᠡᠢ ᠭᠡᠪᠠ᠃      ᠡᠬᠦᠯᠡᠡ ᠪᠤᠳᠦᠯᠳᠠ ᠶᠢ ᠮᠠᠳᠡᠭᠡ ᠵᠠᠩᠬᠢ ᠶᠢᠨ ᠠᠵᠦ ᠦᠢᠯᠠᠰ ᠤᠨ ᠬᠦᠭᠵᠢᠯᠳᠠ ᠶᠢ ᠠᠬᠢᠭᠤᠯᠬᠤ ᠶᠢᠨ ᠴᠢᠬᠤᠯᠠ ᠭᠠᠷᠳᠠᠴᠠ ᠪᠤᠯᠭᠠᠵᠦ᠂ ᠰᠤᠳᠤᠯᠤᠠ ᠨᠡᠬᠡᠬᠡᠡ ᠬᠦᠭᠵᠢᠬᠦᠯᠬᠦ᠂ ᠬᠡᠷᠡᠭᠯᠡᠡ ᠠᠰᠢᠬᠯᠠᠬᠤ᠂ ᠬᠠᠳᠠᠭᠠᠯᠠᠠ ᠨᠦᠬᠡᠴᠡᠯᠡᠬᠦ ᠶᠢ ᠨᠢᠬᠡ ᠴᠤᠬᠴᠠᠵᠢᠭᠤᠯᠤᠬᠰᠠᠠ ᠪᠦᠬᠦ ᠠᠵᠦ ᠦᠢᠯᠠᠰ ᠤᠨ ᠬᠡᠯᠬᠢᠶ᠎ᠠ ᠶᠢᠨ ᠬᠦᠭᠵᠢᠯᠳᠠ ᠶᠢᠨ ᠰᠠᠭᠤᠷᠢᠠ ᠢ ᠳᠦᠷᠬᠡᠳᠬᠡᠡ ᠪᠠᠶᠢᠭᠤᠯᠵᠦ᠂ ᠮᠢᠩᠭᠠᠠ ᠳ᠋ᠦᠩᠰᠢᠭᠤᠷ ᠳᠡᠰ ᠤᠨ ᠡᠬᠦᠯᠠᠠ ᠪᠤᠳᠦᠯᠳᠠ ᠶᠢᠨ ᠠᠵᠦ ᠦᠢᠯᠠᠰ ᠤᠨ ᠪᠦᠯᠥᠭᠯᠡᠯ ᠢ ᠡᠬᠦᠳᠴᠦ ᠂ ᠮᠠᠳᠡᠭᠡ ᠵᠠᠩᠬᠢᠵᠢᠯᠳᠠ ᠪᠠᠷ ᠤᠳᠦᠬᠢᠴᠢᠯᠠᠯᠳᠠ ᠶᠢ ᠠᠬᠢᠭᠤᠯᠬᠤ ᠬᠡᠷᠡᠭᠳᠡᠢ ᠭᠡᠪᠠ᠃      ᠠᠵᠦ ᠠᠬᠤᠢ ᠶᠢᠨ ᠬᠦᠭᠵᠢᠯᠳᠠ ᠶᠢᠨ ᠠᠷᠭ᠎ᠠ ᠭᠡᠯᠪᠡᠷᠢ ᠪᠠᠨ ᠬᠦᠴᠦᠯᠠᠨ ᠬᠤᠪᠢᠷᠠᠭᠤᠯᠵᠦ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠶᠢ ᠡᠷᠡᠰ ᠭᠤᠶᠢᠪᠢᠰᠢ ᠦᠭᠡᠢ ᠠᠬᠢᠭᠤᠯᠵᠦ᠂ ᠤᠯᠠᠮᠵᠢᠯᠠᠯᠳᠤ ᠠᠵᠦ ᠤᠶᠢᠯᠡᠰ ᠢ ᠦᠭᠡᠷᠡᠴᠢᠯᠡᠨ ᠳᠡᠰ ᠳᠡᠪᠰᠢᠬᠦᠯᠵᠦ᠂ ᠨᠠᠬᠦᠷᠠᠰᠤᠨ ᠤ ᠪᠤᠰᠤ ᠠᠵᠦ ᠤᠶᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠤᠶᠢᠯᠡᠰ ᠢ ᠶᠡᠭᠡᠪᠠᠷ ᠪᠤᠶᠢᠵᠢᠭᠤᠯᠵᠦ᠂ ᠤᠨᠴᠠᠯᠢᠬᠳᠤ ᠮᠠᠯ ᠠᠵᠦ ᠠᠬᠤᠢ ᠳᠠᠷᠢᠶᠠᠯᠠᠩ ᠪᠤᠯᠤᠨ ᠤᠳᠤ ᠦᠶ᠎ᠠ ᠶᠢᠨ ᠤᠶᠢᠯᠡᠴᠢᠯᠡᠭᠡᠨ ᠤ ᠤᠶᠢᠯᠡᠰ ᠢ ᠳᠦᠷᠭᠡᠨ ᠬᠦᠭᠵᠢᠬᠦᠯᠵᠦ᠂ ᠢᠨᠲ᠋ᠧᠷ ᠰᠦᠯᠵᠢᠶ᠎ᠠ᠂ ᠳ᠋ᠠᠶᠢᠲ᠋ᠠ᠂ ᠪᠠᠷᠠᠭᠠᠨ ᠤ ᠬᠦᠢᠯᠭᠡᠭᠡᠨ ᠤ ᠳᠤᠤᠷ ᠢ ᠠᠵᠦ ᠠᠬᠤᠢ ᠨᠠᠶᠢᠭᠡᠮ ᠤᠨ ᠬᠦᠭᠵᠢᠯᠳᠠ ᠶᠢᠨ ᠡᠯ᠎ᠠ ᠬᠦᠷᠢᠶᠠᠨ ᠳᠤ ᠦᠷᠭᠡᠨ ᠢᠶᠠᠷ ᠭᠡᠷᠡᠭᠯᠡᠬᠦ ᠶᠢ ᠠᠬᠢᠭᠤᠯᠵᠦ᠂ ᠮᠡᠳᠡᠭᠡ ᠵᠠᠩᠬᠢ ᠶᠢᠨ ᠴᠠᠭ ᠦᠶ᠎ᠠ ᠎ ᠶᠢᠨ ᠤᠷᠤᠨ ᠪᠦᠰᠠ ᠶᠢᠨ ᠦᠷᠢᠰᠦᠯᠳᠤᠭᠡᠨ ᠤ ᠰᠢᠨ᠎ᠠ ᠳᠠᠪᠠᠭᠤᠯᠢᠬ ᠢ ᠪᠤᠢ ᠪᠤᠯᠭᠠᠵᠦ᠂ ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠬ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ ᠭᠡᠪᠠ᠃      ● ᠯᠢ ᠵᠢᠢ ᠾᠧᠩ ᠦᠪᠤᠷ ᠮᠤᠩᠭᠤᠯ ᠤᠨ 2016 ᠤᠠ ᠤ ᠤᠯᠤᠰ ᠤᠨ ᠰᠦᠯᠵᠢᠶᠠᠨ ᠠᠮᠤᠷ ᠲᠦᠪᠰᠢᠠ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠳᠤ ᠴᠤᠬᠤᠯᠠᠪᠤᠷᠢ ᠦᠭᠬᠦ ᠳᠡᠭᠡᠨ ᠵᠢᠭᠠᠵᠤ ᠭᠠᠷᠭᠠᠭᠰᠠᠨ ᠨᠢ᠄      ᠰᠦᠯᠵᠢᠶᠠᠠ ᠠᠮᠤᠷ ᠲᠦᠪᠰᠢᠠ ᠤ ᠬᠡᠷᠡᠭ ᠶᠠᠪᠤᠳᠠᠯ ᠨᠢ ᠤᠯᠤᠰ ᠬᠡᠷ ᠤᠨ ᠠᠮᠤᠷ ᠲᠦᠪᠰᠢᠠ ᠲᠠᠢ ᠬᠤᠯᠪᠤᠭᠳᠠᠵᠥ᠂ ᠠᠵᠥ ᠠᠬᠤᠢ ᠨᠠᠶᠢᠬᠡᠮ ᠤᠨ ᠬᠦᠭᠵᠯᠳᠠ ᠲᠠᠢ ᠬᠤᠯᠪᠤᠭᠳᠠᠵᠥ᠂ ᠠᠷᠠᠳ ᠤᠯᠠᠠ ᠤ ᠠᠰᠢᠭ ᠲᠤᠰᠠ ᠲᠠᠢ ᠬᠤᠯᠪᠤᠭᠳᠠᠵᠥ ᠪᠠᠶᠢᠨ᠎ᠠ᠃ ᠤᠯᠤᠰ ᠤᠨ ᠰᠦᠯᠵᠢᠶᠠᠠ ᠠᠮᠤᠷ ᠲᠦᠪᠰᠢᠠ ᠤ ᠤᠬᠠᠭᠤᠯᠭ᠎ᠠ ᠶᠢᠨ ᠭᠠᠷᠠᠭ ᠎ ᠤᠨ ᠠᠵᠢᠯᠯᠠᠭ᠎ᠠ ᠶᠢ ᠡᠷᠬᠢᠯᠡᠡ ᠶᠠᠪᠤᠭᠳᠠᠭᠤᠯᠬᠤ ᠪᠠᠷ ᠲᠡᠮᠵᠢᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠵᠦᠪ ᠤᠨᠤᠪᠴᠢᠳᠠᠢ ᠰᠦᠯᠵᠢᠶᠠᠠ ᠠᠮᠤᠷ ᠲᠦᠪᠰᠢᠠ ᠤ ᠦᠵᠡᠯᠳᠠ ᠪᠤᠢ ᠪᠤᠯᠭᠠᠬᠤ ᠶᠢ ᠠᠬᠢᠭᠤᠯᠵᠥ᠂ ᠰᠦᠯᠵᠢᠶᠠᠠ ᠠᠮᠤᠷ ᠲᠦᠪᠰᠢᠠ ᠤ ᠠᠵᠢᠯ ᠤᠨ ᠬᠠᠷᠢᠭᠤᠴᠠᠯᠭᠠᠳᠤ ᠰᠠᠳᠬᠢᠯᠬᠡ ᠪᠤᠯᠤᠠ ᠲᠤᠯᠭᠠᠮ᠎ᠠ ᠰᠠᠳᠬᠢᠯᠬᠡ ᠶᠢ ᠦᠨᠡᠡᠬᠦ ᠨᠠᠮᠡᠭᠳᠡᠬᠦᠯᠵᠥ ᠲᠡᠶᠢᠯᠤᠨ᠎ᠠ︔ ᠪᠦᠬᠦ ᠨᠠᠶᠢᠬᠡᠮ ᠳᠤ ᠬᠠᠨᠳᠤᠭᠤᠯᠤᠠ ᠰᠦᠯᠵᠢᠶᠠᠠ ᠠᠮᠤᠷ ᠲᠦᠪᠰᠢᠠ ᠤ ᠮᠠᠳᠠᠯᠬᠡ ᠪᠤᠯᠤᠠ ᠮᠠᠷᠬᠡᠵᠢᠯ ᠴᠢᠳᠠᠪᠬᠢ ᠶᠢ ᠲᠦᠬᠡᠮᠡᠯᠵᠢᠬᠦᠯᠵᠥ᠂ ᠪᠦᠬᠦ ᠨᠠᠶᠢᠬᠡᠮ ᠤᠨ ᠰᠦᠯᠵᠢᠶᠠᠠ ᠠᠮᠤᠷ ᠲᠦᠪᠰᠢᠠ ᠤ ᠲᠦᠭᠰᠢᠬᠦᠷᠢ ᠶᠢ ᠰᠠᠷᠬᠡᠶᠢᠯᠡᠬᠦ ᠲᠡᠨᠢᠯᠳᠠ ᠪᠤᠯᠤᠠ ᠰᠠᠷᠬᠡᠶᠢᠯᠡᠡ ᠬᠠᠮᠠᠭᠠᠯᠠᠬᠤ ᠴᠢᠳᠠᠮᠵᠢ ᠶᠢ ᠪᠦᠬᠦ ᠲᠡᠯ᠎ᠠ ᠪᠠᠷ ᠲᠡᠬᠡᠭᠰᠢᠯᠡᠬᠦᠯᠵᠥ ᠴᠢᠳᠠᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠵᠠᠩᠬᠢᠯᠠᠭ᠎ᠠ ᠶᠢᠨ ᠮᠠᠳᠡᠭᠡ ᠵᠠᠩᠬᠢ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠠ ᠤ ᠪᠠᠳᠤᠯᠠᠭ᠎ᠠ ᠶᠢ ᠪᠠᠶᠢᠭᠤᠯᠬᠤ ᠶᠢ ᠲᠦᠷᠬᠡᠳᠬᠡᠵᠥ᠂ ᠴᠠᠭ ᠢᠮᠠᠬᠳᠠ ᠪᠦᠬᠦ ᠲᠡᠯ᠎ᠠ ᠪᠠᠷ ᠰᠦᠯᠵᠢᠶᠠᠠ ᠠᠮᠤᠷ ᠲᠦᠪᠰᠢᠠ ᠤ ᠪᠠᠶᠢᠳᠠᠯ ᠢ ᠤᠶᠢᠯᠠᠭᠠᠨ ᠮᠡᠳᠡᠵᠦ᠂ ᠰᠦᠯᠵᠢᠶᠠᠠ ᠠᠮᠤᠷ ᠲᠦᠪᠰᠢᠠ ᠢ ᠰᠠᠷᠬᠡᠶᠢᠯᠡᠬᠦ ᠴᠢᠳᠠᠪᠤᠷᠢ ᠪᠤᠯᠤᠠ ᠰᠦᠷᠳᠡᠬᠦᠯᠬᠦ ᠬᠦᠴᠦᠠ ᠢ ᠲᠡᠰᠤᠷᠠᠯᠳᠠ ᠦᠬᠡᠢ ᠨᠡᠮᠡᠭᠳᠡᠬᠦᠯᠬᠦ ᠬᠡᠷᠡᠭᠳᠡᠢ︔ ᠬᠠᠤᠯᠢ ᠪᠠᠷ ᠰᠦᠯᠵᠢᠶ᠎ᠠ ᠶᠢ ᠵᠠᠰᠠᠬᠤ ᠶᠢ ᠴᠢᠩᠭᠠᠳᠬᠠᠵᠥ᠂ ᠰᠦᠯᠵᠢᠶᠠᠠ ᠠᠵᠢᠯᠯᠠᠭ᠎ᠠ ᠶᠢ ᠶᠡᠬᠡᠪᠠᠷ ᠲᠦᠷᠢᠮᠵᠢᠬᠦᠯᠵᠥ᠂ ᠠᠶᠤᠯ ᠦᠬᠡᠢ ᠡᠷᠡᠬᠦᠯ ᠪᠤᠯᠪᠠᠰᠤᠠ ᠰᠦᠯᠵᠢᠶᠠᠠ ᠤᠷᠴᠢᠠ ᠠᠬᠤᠢ ᠶᠢ ᠴᠢᠷᠮᠠᠶᠢᠠ ᠡᠬᠦᠳᠴᠤ᠂ ᠰᠦᠯᠵᠢᠶᠠᠠ ᠤᠷᠤᠠ ᠵᠠᠢ ᠶᠢᠨ ᠤᠷᠳᠤ ᠤᠳᠠᠭᠠᠠ ᠤ ᠠᠮᠤᠷ ᠲᠦᠪᠰᠢᠠ ᠪᠠᠶᠢᠬᠤ ᠶᠢ ᠪᠠᠶᠠᠯᠠᠬᠦᠯᠬᠦ ᠬᠡᠷᠡᠭᠳᠡᠢ᠃ ᠰᠦᠯᠵᠢᠶᠠᠨ ᠠᠮᠤᠷ ᠳᠦᠪᠰᠢᠨ ᠤ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠨᠠᠮ ᠤᠨ ᠬᠤᠷᠢᠶ᠎ᠠ ᠶᠢᠨ ᠰᠦᠯᠵᠢᠶᠠᠨ ᠠᠮᠤᠷ ᠳᠦᠪᠰᠢᠨ ᠤ ᠠᠵᠢᠯ ᠢ ᠨᠢᠭᠡᠳᠤᠯᠳᠠᠢ ᠳᠦᠯᠦᠪᠵᠢᠬᠦᠯᠦᠨ ᠤᠳᠤᠷᠢᠳᠬᠤ ᠶᠢ ᠴᠢᠩᠭᠠᠳᠬᠠᠵᠦ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠠ ᠬᠠᠮᠵᠢᠯᠴᠠᠵᠦ ᠪᠦᠬᠦ ᠨᠠᠶᠢᠭᠡᠮ ᠤᠨ ᠦᠷᠭᠡᠨ ᠤᠯᠠᠨ ᠠᠷᠠᠳ ᠳᠦᠮᠡᠨ ᠤ ᠤᠶᠤᠨ ᠤᠬᠠᠭᠠᠨ ᠬᠦᠴᠦᠨ ᠴᠢᠳᠠᠯ ᠢ ᠨᠢᠬᠳᠠᠷᠠᠭᠤᠯᠵᠦ᠂ ᠰᠦᠯᠵᠢᠶᠠᠨ ᠠᠮᠤᠷ ᠳᠦᠪᠰᠢᠨ ᠤ ᠰᠡᠷᠭᠡᠶᠢᠯᠡᠯᠳᠠ ᠶᠢᠨ ᠱᠤᠭᠤᠮ ᠢ ᠬᠠᠮᠳᠤᠪᠠᠷ ᠴᠤᠭᠴᠠᠯᠠᠵᠦ ᠢᠨᠲ᠋ᠧᠷ ᠰᠦᠯᠵᠢᠶ᠎ᠠ ᠪᠠᠷ ᠬᠦᠭᠵᠢᠯᠳᠠ ᠶᠢ ᠨᠡᠩ ᠰᠠᠶᠢᠳᠤᠷ ᠠᠬᠢᠭᠤᠯᠵᠦ᠂ ᠨᠠᠶᠢᠭᠡᠮ ᠠᠷᠠᠳ ᠳᠦᠮᠡᠨ ᠎ ᠳᠤ ᠠᠰᠢᠬ ᠬᠦᠷᠳᠡᠭᠡᠬᠦ ᠭᠡᠷᠡᠭᠳᠡᠢ ᠬᠡᠪᠡ᠃     【ᠮᠡᠳᠡᠭᠡ ᠵᠠᠩᠬᠢᠵᠢᠯᠲᠠ ᠬᠢᠭᠡᠳ ᠬᠦᠭᠵᠢᠯᠲᠡ】     【 ᠵᠠᠩᠭᠢᠯᠠᠭ᠎ᠠ ᠶᠢᠨ ᠦᠭᠡ】ᠮᠠᠳᠡᠭᠡ ᠵᠠᠩᠬᠢᠵᠢᠯᠳᠠ ᠪᠠᠶᠢᠬᠤ ᠦᠬᠡᠢ ᠪᠤᠯ ᠤᠳᠤᠬᠢᠴᠢᠯᠠᠯᠳᠠ ᠪᠠᠶᠢᠵᠥ ᠴᠢᠳᠠᠬᠤ ᠦᠬᠡᠢ      ᠪᠦᠬᠦ ᠤᠯᠤᠰ ᠤᠨ ᠬᠠᠮᠤᠭ ᠤᠨ ᠲᠤᠮᠤ ᠳ᠋ᠠᠶᠢᠲ᠋ᠠ ᠬᠦᠮᠦᠷᠬᠡ ᠶᠢᠨ ᠲᠦᠪ ᠤᠨ ᠰᠠᠭᠤᠷᠢᠠ ᠬᠦᠬᠡᠬᠤᠳᠠ ᠳᠤ ᠪᠠᠶᠢᠭᠤᠯᠤᠭᠳᠠᠵᠥ᠂ ᠮᠢᠩᠭᠠᠠ ᠳ᠋ᠦᠡᠭᠰᠢᠭᠤᠷ ᠡᠬᠦᠯᠠᠠ ᠪᠤᠳᠤᠯᠳᠠ ᠶᠢᠨ ᠠᠵᠥ ᠦᠢᠯᠡᠰ ᠤᠨ ᠪᠦᠯᠦᠭᠯᠡᠯ ᠰᠦᠷᠦᠭᠵᠢᠯ ᠢ ᠡᠬᠦᠳᠤᠠ ᠪᠠᠶᠢᠭᠤᠯᠬᠤ ᠬᠠᠷᠠᠯᠳᠠ ᠵᠦᠭ ᠤᠷᠤᠭᠰᠢᠯᠠᠵᠥ ᠪᠠᠶᠢᠨ᠎ᠠ᠃ ᠬᠦᠬᠡᠬᠤᠳᠠ ᠪᠤᠯᠤᠠ ᠤᠷᠳᠤᠰ ᠬᠤᠳᠠ 2015 ᠤᠠ ᠳᠤ ︽ᠦᠷᠬᠡᠡ ᠪᠦᠰᠠ ᠶᠢᠨ ᠲᠤᠮᠳᠠᠳᠤ ᠤᠯᠤᠰ︾᠎ ᠤᠨ ᠵᠢᠱᠢᠶ᠎ᠠ ᠦᠵᠡᠬᠦᠯᠬᠦ ᠬᠤᠳᠠ ᠪᠤᠯᠤᠭᠰᠠᠠ ᠤ ᠬᠤᠪᠢ ᠳᠤ᠂ ᠦᠪᠤᠷ ᠮᠤᠩᠭᠤᠯ ᠤᠨ ᠲᠤᠭᠠᠴᠢᠯᠠᠭᠰᠠᠠ ᠲᠡᠩᠰᠠ ᠡᠪᠬᠡᠮᠡᠯ ᠤᠨ ᠭᠠᠵᠠᠷ ᠪᠠᠶᠢᠭᠤᠯᠵᠥ᠂ ᠦᠪᠡᠷᠳᠡᠬᠡᠡ ᠵᠠᠰᠠᠬᠤ ᠤᠷᠤᠠ ᠤ ᠵᠠᠰᠠᠭ ᠤᠨ ᠶᠠᠪᠤᠳᠠᠯ ᠤᠨ ᠡᠬᠦᠯᠠᠠ ᠪᠤᠳᠤᠯᠳᠠ ᠶᠢᠨ ᠲᠦᠪ ᠢ ᠠᠩᠬ᠎ᠠ ᠠᠯᠬᠤᠮ ᠪᠠᠶᠢᠭᠤᠯᠵᠥ᠂ ᠤᠷᠴᠢᠠ ᠲᠤᠭᠤᠷᠢᠠ ᠤ ᠬᠠᠮᠠᠭᠠᠯᠠᠯᠳᠠ ᠶᠢᠨ ᠤᠳᠠᠰᠤᠠ ᠲᠡᠬᠡᠷ᠎ᠠ ᠬᠢᠨᠠᠠ ᠬᠡᠮᠵᠢᠬᠦ ᠰᠢᠰᠲ᠋ᠧᠮ ᠵᠡᠷᠬᠡ ᠨᠢᠬᠡ ᠪᠦᠯᠦᠭ ᠲᠤᠬᠠᠢᠢᠯᠠᠭᠰᠠᠠ ᠠᠵᠢᠯ ᠤᠨ ᠬᠡᠷᠡᠭᠯᠡᠬᠡᠡ ᠤ ᠰᠢᠰᠲ᠋ᠧᠮ ᠢ ᠪᠦᠳᠦᠬᠡᠡ ᠪᠠᠶᠢᠭᠤᠯᠵᠥ᠂ ᠪᠦᠬᠦ ᠤᠯᠤᠰ ᠤᠨ ᠵᠢᠱᠢᠶ᠎ᠠ ᠦᠵᠡᠬᠦᠯᠬᠦ ᠲᠤᠷᠰᠢᠯᠳᠠ ᠶᠢᠨ ᠴᠢᠭ᠋ ᠪᠤᠯᠬᠤ ᠪᠤᠯᠤᠨ᠎ᠠ᠃ ᠦᠢᠷ᠎ᠠ ᠶᠢᠨ ᠵᠢᠯ ᠠᠴᠠ ᠦᠪᠡᠷᠳᠡᠬᠡᠡ ᠵᠠᠰᠠᠬᠤ ᠤᠷᠤᠠ ᠮᠠᠳᠡᠭᠡ ᠵᠠᠩᠬᠢᠵᠢᠯᠳᠠ ᠶᠢᠨ ᠤᠳᠤᠬᠢᠴᠢᠯᠠᠯᠳᠠ ᠶᠢᠨ ᠬᠦᠭᠵᠢᠯᠳᠠ ᠳᠤ ᠦᠵᠡᠬᠦᠯᠬᠦ ᠬᠦᠳᠤᠯᠤᠠ ᠲᠡᠭᠠᠭᠤᠯᠬᠤ ᠦᠢᠯᠡᠳᠤᠯ ᠢ ᠬᠦᠢᠴᠠᠳ ᠪᠠᠳᠠᠷᠠᠭᠤᠯᠬᠤ ᠪᠠᠷ ᠭᠤᠤᠯ ᠰᠠᠳᠤᠪ ᠪᠤᠯᠭᠠᠠ᠂ ᠮᠠᠳᠡᠭᠡ ᠵᠠᠩᠬᠢ ᠶᠢᠨ ᠰᠠᠭᠤᠷᠢ ᠲᠦᠬᠦᠬᠡᠷᠦᠮᠵᠢ ᠪᠠ ᠡᠯᠧᠺᠲᠷᠤᠠ ᠵᠠᠰᠠᠭ ᠤᠨ ᠶᠠᠪᠤᠳᠠᠯ ᠤᠨ ᠪᠦᠳᠦᠬᠡᠡ ᠪᠠᠶᠢᠭᠤᠯᠤᠯᠳᠠ᠂ ᠨᠠᠶᠢᠬᠡᠮ ᠤᠨ ᠬᠦᠷᠢᠶ᠎ᠡ ᠴᠠᠷᠠᠭ᠎ᠠ ᠳᠠᠬᠢ ᠮᠠᠳᠡᠭᠡ ᠵᠠᠩᠬᠢ ᠶᠢᠨ ᠪᠦᠳᠦᠬᠡᠡ ᠪᠠᠶᠢᠭᠤᠯᠤᠯᠳᠠ ᠶᠢ ᠲᠡᠰᠤᠷᠠᠯᠳᠠ ᠦᠬᠡᠢ ᠲᠦᠷᠭᠡᠳᠭᠡᠵᠤ ᠪᠠᠶᠢᠨ᠎ᠠ᠃ ᠢᠯᠠᠩᠭᠤᠶ᠎ᠠ ᠡᠯᠧᠺᠲᠷᠤᠠ ᠵᠠᠰᠠᠭ ᠤᠨ ᠶᠠᠪᠤᠳᠠᠯ᠂ ᠢᠨᠲ᠋ᠧᠷ ᠰᠦᠯᠵᠢᠶ᠎ᠠ + ᠠᠵᠥ ᠦᠢᠯᠡᠳᠪᠤᠷᠢ᠂ ᠡᠬᠦᠯᠠᠠ ᠪᠤᠳᠤᠯᠳᠠ ᠶᠢᠨ ᠳ᠋ᠠᠶᠢᠲ᠋ᠠ ᠬᠦᠮᠦᠷᠬᠡ᠂ ᠦᠷᠬᠡᠡ ᠪᠦᠰᠠ ᠶᠢᠨ ᠪᠦᠳᠦᠬᠡᠡ ᠪᠠᠶᠢᠭᠤᠯᠤᠯᠳᠠ᠂ ᠡᠯᠧᠺᠲᠷᠣᠨ ᠬᠤᠳᠠᠯᠳᠤᠭᠠᠠ ᠤ ᠶᠠᠪᠤᠳᠠᠯ ᠵᠡᠷᠬᠡ ᠲᠡᠯ᠎ᠠ ᠪᠠᠷ ᠢᠳᠡᠪᠬᠢᠳᠠᠢ ᠦᠷ᠎ᠠ ᠪᠦᠳᠦᠮᠵᠢ ᠤᠯᠪᠠ᠃      ︽12·5︾᠎ ᠠᠴᠠ ᠨᠠᠰᠢ᠂ ᠦᠪᠡᠷᠳᠡᠬᠡᠡ ᠵᠠᠰᠠᠬᠤ ᠤᠷᠤᠠ ︽ᠦᠪᠡᠷᠳᠡᠬᠡᠡ ᠵᠠᠰᠠᠬᠤ ᠤᠷᠤᠠ ᠤ ᠡᠬᠦᠯᠠᠠ ᠪᠤᠳᠤᠯᠳᠠ ᠶᠢᠨ ᠠᠵᠥ ᠦᠢᠯᠡᠰ ᠢ ᠬᠦᠭᠵᠢᠬᠦᠯᠬᠦ ᠲᠦᠯᠦᠪᠵᠢᠬᠦᠯᠬᠡ ︵2011 — 2020 ᠤᠠ︶︾᠂ ︽ᠦᠪᠤᠷ ᠮᠤᠩᠭᠤᠯ ᠤᠨ ᠪᠠᠷᠠᠭᠤᠠ ᠬᠡᠰᠡᠭ ᠤᠨ ᠭᠠᠵᠠᠷ ᠤᠷᠤᠠ ᠤ ᠡᠬᠦᠯᠠᠠ ᠪᠤᠳᠤᠯᠳᠠ ᠶᠢᠨ ᠳ᠋ᠠᠶᠢᠲ᠋ᠠ ᠬᠦᠮᠦᠷᠬᠡ ᠶᠢᠨ ᠲᠦᠪ ᠤᠨ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ︾᠂ ︽ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠤᠠ ᠤ ᠵᠠᠰᠠᠭ ᠤᠨ ᠤᠷᠳᠤᠠ ᠤ ︿ᠢᠨᠲ᠋ᠧᠷ ᠰᠦᠯᠵᠢᠶ᠎ᠠ +﹀᠎ ᠶᠢᠨ ᠠᠬᠢᠯᠳᠠ ᠶᠢ ᠲᠦᠷᠬᠡᠳᠬᠡᠬᠦ ᠠᠵᠢᠯ ᠢ ᠵᠢᠯᠤᠭᠤᠳᠬᠤ ᠰᠠᠨᠠᠯ︾᠂ ︽ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠤᠠ ᠤ 2014 — 2020 ᠤᠠ ᠤ ᠡᠯᠧᠺᠲᠷᠤᠠ ᠬᠤᠳᠠᠯᠳᠤᠭᠠᠠ ᠤ ᠶᠠᠪᠤᠳᠠᠯ ᠤᠨ ᠬᠦᠭᠵᠢᠯᠳᠠ ᠶᠢᠨ ᠲᠦᠯᠦᠪᠵᠢᠬᠦᠯᠬᠡ ︾᠂ ︽ᠦᠪᠤᠷ ᠮᠤᠩᠭᠤᠯ ᠤᠨ ᠦᠪᠠᠷᠳᠡᠬᠡᠡ ᠵᠠᠰᠠᠬᠤ ᠤᠷᠤᠠ ᠤ ᠡᠯᠧᠺᠲᠷᠣᠨ ᠬᠤᠳᠠᠯᠳᠤᠭᠠᠠ ᠤ ᠶᠠᠪᠤᠳᠠᠯ ᠤᠨ ᠬᠦᠭᠵᠢᠯᠳᠠ ᠶᠢ ᠲᠦᠷᠬᠡᠳᠬᠡᠬᠦ ᠠᠯᠢ ᠤᠯᠠᠠ ᠲᠦᠷᠦ ᠶᠢᠨ ᠪᠤᠳᠤᠯᠭ᠎ᠠ ᠲᠦᠷᠢᠮ ᠲᠤᠭᠳᠠᠭᠠᠯ︾᠂ ︽ᠦᠪᠤᠷ ᠮᠤᠩᠭᠤᠯ ᠎ ᠤᠨ ᠦᠪᠡᠷᠳᠡᠬᠡᠡ ᠵᠠᠰᠠᠬᠤ ᠤᠷᠤᠠ ᠤ ᠵᠠᠰᠠᠭ ᠤᠨ ᠤᠷᠳᠤᠠ ᠤ ᠠᠯᠪᠠᠠ ᠲᠢᠩᠬᠢᠮ ᠤᠨ ᠲᠦᠷᠬᠡᠡ ᠬᠤᠷᠳᠤᠴᠠᠳᠤ ᠦᠷᠬᠡᠡ ᠪᠦᠰᠠ ᠶᠢᠨ ᠰᠦᠯᠵᠢᠶ᠎ᠠ ᠶᠢᠨ ᠪᠠᠶᠢᠭᠤᠯᠤᠯᠳᠠ ᠶᠢ ᠲᠦᠷᠬᠡᠳᠬᠡᠬᠦ ᠲᠤᠬᠠᠢ ᠬᠡᠷᠡᠭᠵᠢᠬᠦᠯᠬᠦ ᠰᠠᠨᠠᠯ︾ ᠵᠡᠷᠬᠡ ᠶᠢ ᠨᠠᠶᠢᠳᠠᠯᠠᠵᠥ᠂ ᠮᠠᠳᠡᠭᠡ ᠵᠠᠩᠬᠢᠵᠢᠯᠳᠠ ᠶᠢᠨ ᠬᠦᠭᠵᠢᠯᠳᠠ ᠳᠤ ᠬᠦᠴᠦᠠ ᠪᠦᠬᠦᠢ ᠲᠡᠮᠵᠢᠯᠬᠡ ᠪᠠ ᠪᠠᠳᠤᠯᠠᠭ᠎ᠠ ᠬᠠᠨᠭ᠍ᠭᠠᠪᠠ᠃      ᠮᠠᠳᠡᠭᠡ ᠵᠠᠩᠬᠢ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠡ ᠪᠠᠶᠢᠭᠤᠯᠤᠯᠳᠠ ᠶᠢ ᠲᠡᠰᠤᠷᠠᠯᠳᠠ ᠦᠬᠡᠢ ᠲᠡᠬᠦᠯᠳᠠᠷᠵᠢᠬᠦᠯᠪᠠ᠃ ᠴᠠᠬᠢᠯᠭᠠᠠ ᠬᠤᠯᠪᠤᠭ᠎ᠠ᠂ ᠷᠡᠳᠢᠣ᠋ ᠲᠧᠯᠸᠢᠰ ᠰᠦᠯᠵᠢᠶ᠎ᠠ ᠪᠤᠯᠤᠠ ᠢᠨᠲ᠋ᠧᠷ ᠰᠦᠯᠵᠢᠶ᠎ᠠ ᠶᠢᠨ ︽ᠠᠭᠤᠰᠤᠯᠴᠠᠯ︾᠎ ᠢ ᠪᠠᠶᠠᠯᠠᠬᠦᠯᠬᠦ ᠶᠢᠨ ᠲᠦᠯᠦᠬᠡ ᠦᠪᠡᠷᠳᠡᠬᠡᠡ ᠵᠠᠰᠠᠬᠤ ᠤᠷᠤᠠ ᠠᠴᠠ ︽ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠤᠠ ᠤ ᠭᠤᠷᠪᠠᠠ ᠰᠦᠯᠵᠢᠶ᠎ᠠ ᠶᠢᠨ ᠠᠭᠤᠰᠤᠯᠴᠠᠯ ᠤᠨ ᠠᠬᠢᠭᠤᠯᠤᠯᠳᠠ ᠶᠢ ᠬᠡᠷᠡᠭᠵᠢᠬᠦᠯᠬᠦ ᠲᠦᠰᠦᠯ︾᠎ ᠢ ᠲᠡᠷᠤᠮᠠᠯᠯᠠᠠ ᠲᠠᠷᠬᠠᠭᠠᠵᠤ᠂ ᠭᠤᠷᠪᠠᠠ ᠰᠦᠯᠵᠢᠶ᠎ᠠ ᠶᠢᠨ ᠠᠭᠤᠰᠤᠯᠴᠠᠯ ᠢ ᠲᠦᠬᠡᠮᠡᠯᠵᠢᠬᠦᠯᠬᠦ ᠬᠦᠴᠦᠯᠠᠴᠠ ᠶᠢ ᠲᠦᠷᠬᠡᠳᠬᠡᠵᠡᠢ᠃      ᠡᠯᠧᠺᠲᠷᠣᠨ ᠵᠠᠰᠠᠭ ᠤᠨ ᠶᠠᠪᠤᠳᠠᠯ ᠤᠨ ᠪᠥᠳᠤᠭᠡᠨ ᠪᠠᠶᠢᠭᠤᠯᠤᠯᠳᠠ ᠶᠢᠨ ᠥᠷ᠎ᠠ ᠪᠥᠳᠤᠮᠵᠢ ᠲᠤᠪᠤᠶᠢᠮ᠎ᠠ ᠠᠮᠵᠢᠯᠳᠠ ᠤᠯᠪᠠ᠃ ᠨᠠᠮᠤᠷ ᠤᠨ ᠡᠬᠢᠨ ᠢᠶᠠᠷ᠂ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠡ ᠶᠢᠨ ᠲᠢᠩᠬᠢᠮ ᠤᠨ ᠪᠤᠬᠢᠷᠳᠤᠯ ᠤᠨ ᠡᠬᠢ ᠶᠢ ᠠᠦ᠋ᠲ᠋ᠤᠴᠢᠯᠠᠠ ᠬᠢᠨᠠᠨ ᠡᠵᠡᠮᠳᠡᠬᠦ ᠰᠦᠯᠵᠢᠶ᠎ᠡ ᠵᠡᠷᠭᠡ ᠶᠢ ᠡᠬᠦᠳᠤᠨ ᠪᠠᠶᠢᠭᠤᠯᠵᠤ᠂ ᠪᠦᠬᠦ ᠤᠷᠤᠨ ᠤ 399 ᠠᠵᠤ ᠠᠬᠤᠢᠢᠯᠠᠯ ᠤᠨ 838 ᠴᠢᠬ ᠢ ᠬᠢᠨᠠᠨ ᠡᠵᠡᠮᠳᠡᠬᠦ ᠠᠵᠢᠯ ᠢ ᠦᠡᠳᠤᠰᠤᠨ ᠳᠡᠭᠡᠨ ᠪᠡᠶᠡᠯᠡᠬᠦᠯᠵᠤ᠂ 219 ᠠᠵᠤ ᠠᠬᠤᠢᠢᠯᠠᠯ ᠢ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠵᠤ᠂ 39 ᠮᠠᠰᠢᠨ ᠴᠤᠬᠴᠠᠯᠠᠪᠤᠷᠢ ᠶᠢᠨ ᠪᠠᠭᠳᠠᠭᠠᠮᠵᠢ ᠨᠢ 30 ᠲᠦᠮᠡᠨ ᠺᠢᠯᠦᠸᠠᠲ ᠠᠴᠠ ᠲᠡᠭᠡᠭᠰᠢᠬᠢ ᠴᠠᠬᠢᠯᠭᠠᠨ ᠦᠢᠯᠡᠳᠪᠤᠷᠢ ᠶᠢᠨ ᠬᠦᠬᠦᠷ ᠢ ᠭᠠᠳᠠᠬᠰᠢᠯᠠᠭᠤᠯᠵᠤ ᠪᠠᠶᠢᠬᠤ ᠦᠢᠯᠡᠳᠪᠤᠷᠢᠯᠡᠯ ᠤᠨ ᠪᠠᠶᠢᠳᠠᠯ ᠢ ᠬᠢᠨᠠᠨ ᠭᠡᠮᠵᠢᠵᠤ ᠲᠡᠶᠢᠯᠬᠦ ᠪᠤᠯᠵᠤ᠂ ᠪᠦᠬᠦ ᠤᠷᠤᠨ ᠤ 35 ᠠᠭᠠᠷ ᠤᠨ ᠴᠢᠨᠠᠷ ᠢ ᠠᠦ᠋ᠲ᠋ᠤᠴᠢᠯᠠᠨ ᠬᠢᠨᠠᠨ ᠭᠡᠮᠵᠢᠬᠦ ᠦᠷᠳᠡᠭᠡ᠂ 5 ᠤᠰᠤᠨ ᠤ ᠴᠢᠨᠠᠷ ᠢ ᠠᠦ᠋ᠲ᠋ᠤᠴᠢᠯᠠᠨ ᠬᠢᠨᠠᠨ ᠭᠡᠮᠵᠢᠬᠦ ᠦᠷᠳᠡᠭᠡ᠂ 20 ᠡᠯᠠᠰᠤᠨ ᠰᠢᠭᠤᠷᠭ᠎ᠠ ᠶᠢ ᠠᠦ᠋ᠲ᠋ᠤᠴᠢᠯᠠᠨ ᠬᠢᠨᠠᠨ ᠭᠡᠮᠵᠢᠬᠦ ᠦᠷᠳᠡᠭᠡ᠂ 30 ᠱᠤᠤᠬᠢᠶᠠᠨ ᠢ ᠠᠦ᠋ᠲ᠋ᠤᠴᠢᠯᠠᠨ ᠬᠢᠨᠠᠨ ᠭᠡᠮᠵᠢᠬᠦ ᠴᠢᠬ ᠤᠨ ᠠᠦ᠋ᠲ᠋ᠤᠴᠢᠯᠠᠨ ᠬᠢᠨᠠᠨ ᠭᠡᠮᠵᠢᠭᠰᠡᠨ ᠲᠤᠭ᠎ᠠ ᠪᠠᠷᠢᠮᠳᠡ ᠶᠢ ᠴᠠᠬ ᠲᠤᠬᠠᠢ ᠳᠤᠨᠢ ᠲᠠᠮᠵᠢᠭᠤᠯᠬᠤ ᠪᠤᠶᠤ ᠪᠦᠷᠢᠳᠭᠡᠵᠤ ᠵᠠᠳᠠᠯᠤᠯᠳᠡ ᠬᠢᠬᠦ ᠶᠢ ᠪᠡᠶᠡᠯᠡᠬᠦᠯᠪᠡ᠃ ᠦᠢᠷ᠎ᠡ ᠶᠢᠨ ᠵᠢᠯ ᠤᠨ ᠲᠤᠷᠰᠢ᠂ ᠦᠪᠡᠷᠳᠡᠭᠡᠨ ᠵᠠᠰᠠᠬᠤ ᠤᠷᠤᠨ ᠡᠯᠧᠺᠲᠷᠤᠨ ᠵᠠᠰᠠᠬ ᠤᠨ ᠶᠠᠪᠤᠳᠠᠯ ᠎ ᠤᠨ ᠲᠤᠳᠤᠭᠠᠳᠤ ᠰᠦᠯᠵᠢᠶ᠎ᠡ ᠪᠤᠯᠤᠨ ᠵᠠᠰᠠᠬ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠪᠦᠳᠦᠭᠡᠨ ᠪᠠᠶᠢᠭᠤᠯᠤᠯᠳᠡ ᠶᠢ ᠶᠡᠭᠡᠪᠡᠷ ᠠᠬᠢᠭᠤᠯᠵᠤ ᠪᠤᠢ᠃ ᠡᠯ᠎ᠡ ᠱᠠᠳᠤᠨ ᠤ ᠵᠠᠰᠠᠬ ᠤᠨ ᠶᠠᠪᠤᠳᠠᠯ ᠤᠨ ᠰᠦᠯᠵᠢᠶᠠᠨ ᠦᠷᠳᠡᠭᠡ ᠨᠢ ᠵᠠᠰᠠᠬ ᠤᠨ ᠤᠷᠳᠤᠨ ᠤ ᠮᠡᠳᠡᠭᠡ ᠵᠠᠩᠬᠢ ᠶᠢ ᠢᠯᠨ ᠪᠤᠯᠭᠠᠬᠤ᠂ ᠰᠦᠯᠵᠢᠶᠠᠨ ᠲᠡᠭᠡᠷ᠎ᠡ ᠵᠠᠰᠠᠬ ᠵᠠᠬᠢᠷᠭᠠᠨ ᠤ ᠵᠦᠪᠰᠢᠶᠡᠷᠡᠯ ᠬᠢᠯᠭᠡᠬᠦ᠂ ᠤᠯᠠᠨ ᠨᠡᠶᠢᠳᠡ ᠶᠢᠨ ᠦᠢᠯᠡᠴᠢᠯᠡᠭᠡᠨ ᠲᠤᠮᠳᠠᠬᠢ ᠴᠢᠬᠤᠯᠨ ᠦᠢᠯᠡᠳᠤᠯ ᠢ ᠪᠠᠳᠠᠷᠠᠭᠤᠯᠵᠤ ᠪᠠᠶᠢᠳᠠᠬ᠃ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠶᠠᠪᠤᠳᠠᠯ ᠤᠨ ᠡᠬᠦᠯᠡᠨ ᠪᠤᠳᠤᠯᠳᠡ ᠶᠢᠨ ᠲᠦᠪ ᠠᠩᠬ᠎ᠠ ᠠᠯᠬᠤᠮ ᠪᠠᠶᠢᠭᠤᠯᠤᠬᠳᠠᠵᠤ᠂ 60 ᠰᠠᠯᠠᠭ᠎ᠠ ᠮᠦᠴᠢᠷ ᠤᠨ 400 ᠭᠠᠷᠤᠢ ᠮᠡᠳᠡᠭᠡ ᠵᠠᠩᠬᠢ ᠶᠢᠨ ᠰᠢᠰᠲ᠋ᠧᠮ ᠢ ᠪᠠᠶᠢᠷᠢᠯᠠᠭᠤᠯᠵᠤ᠂ ᠪᠦᠬᠦ ᠤᠯᠤᠰ ᠤᠨ ᠡᠮᠤᠨ᠎ᠡ ᠡᠩᠨᠡᠭᠡ ᠳᠤ ᠬᠤᠰᠢᠭᠤᠷᠠᠵᠤ ᠪᠣᠢ᠃      ᠨᠡᠶᠢᠭᠡᠮ ᠤᠨ ᠬᠦᠷᠢᠶ᠎ᠡ ᠴᠡᠷᠠᠭ᠎ᠠ ᠳᠠᠬᠢ ᠮᠡᠳᠡᠭᠡ ᠵᠠᠩᠬᠢᠵᠢᠯᠳᠡ ᠶᠢᠨ ᠪᠦᠳᠦᠭᠡᠨ ᠪᠠᠶᠢᠭᠤᠯᠤᠯᠳᠡ ᠶᠢᠨ ᠠᠯᠬᠤᠮ ᠲᠦᠷᠭᠡᠳᠴᠤ ᠪᠤᠢ᠃ ᠰᠤᠷᠭᠠᠨ ᠬᠦᠮᠤᠵᠢᠯ ᠤᠨ ᠮᠡᠳᠡᠭᠡ ᠵᠠᠩᠬᠢᠵᠢᠯᠳᠡ ᠨᠢ ᠠᠯᠤᠰ ᠡᠵᠡᠮᠰᠢᠯᠳᠤ ᠰᠤᠷᠭᠠᠨ ᠬᠦᠮᠤᠵᠢᠯ᠂ ᠰᠢᠠᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠦᠮᠤᠵᠢᠯ ᠤᠨ ᠬᠠᠮᠢᠶᠠᠷᠤᠯᠳᠡ᠂ ᠡᠬᠢ ᠪᠠᠶᠠᠯᠢᠬ ᠢ ᠬᠠᠮᠳᠤᠪᠠᠷ ᠡᠳ᠋ᠯᠡᠬᠦ ᠪᠤᠯᠵᠤ᠂ ᠡᠮ ᠡᠮᠨᠡᠯᠭᠡ ᠶᠢᠨ ᠮᠡᠳᠡᠭᠡ ᠵᠠᠩᠬᠢᠵᠢᠯᠳᠡ ᠨᠢ ᠡᠮ ᠡᠮᠨᠡᠯᠭᠡ᠂ ᠡᠮᠴᠢᠯᠡᠭᠡ᠂ ᠡᠮ ᠪᠡ ᠡᠮᠨᠡᠯᠭᠡ ᠶᠢᠨ ᠲᠠᠭᠠᠳᠬᠠᠯ ᠤᠨ ᠬᠠᠷᠢᠯᠴᠠᠨ ᠬᠦᠳᠡᠯᠤᠯᠴᠡᠬᠦ ᠶᠢ ᠲᠡᠮᠵᠢᠵᠤ᠂ 80%᠎ ᠠᠴᠠ ᠲᠡᠭᠡᠭᠰᠢᠬᠢ ᠭᠤᠷᠪᠠᠳᠤᠭᠠᠷ ᠬᠦᠭᠡ ᠲᠡᠰ ᠎ ᠤᠨ ᠡᠮᠨᠡᠯᠭᠡ ᠶᠢᠨ ᠬᠤᠷᠢᠶ᠎ᠡ ᠶᠢᠨ ᠡᠯᠧᠺᠲᠷᠤᠨ ᠡᠪᠡᠳᠴᠢᠨ ᠤ ᠲᠡᠮᠳᠡᠭᠯᠡᠯ ᠪᠢᠴᠢᠬᠦ ᠮᠡᠳᠡᠭᠡ ᠵᠠᠩᠬᠢ ᠶᠢᠨ ᠰᠢᠰᠲ᠋ᠧᠮ ᠪᠤᠯᠤᠨ ᠡᠷᠡᠬᠦᠯ ᠮᠡᠨᠳᠤ ᠶᠢᠨ ᠡᠯᠧᠺᠲᠷᠤᠨ ᠳᠠᠩᠰᠠ ᠪᠠᠶᠢᠭᠤᠯᠬᠤ ᠠᠵᠢᠯ ᠢ ᠪᠠᠲᠤᠯᠠᠭᠰᠠᠨ ᠪᠠᠶᠢᠨ᠎ᠠ᠃      ᠠᠵᠤ ᠦᠢᠯᠡᠳᠪᠦᠷᠢᠵᠢᠯᠳᠡ ᠪᠡ ᠮᠡᠳᠡᠭᠡ ᠵᠠᠩᠬᠢᠵᠢᠯᠳᠡ ᠶᠢ ᠠᠭᠤᠰᠤᠯᠴᠠᠭᠤᠯᠤᠨ ᠬᠦᠭᠵᠢᠬᠦᠯᠦᠭᠡᠳ ᠦᠷ᠎ᠡ ᠠᠰᠢᠬ ᠤᠯᠪᠠ᠃ ᠠᠩᠬ᠎ᠠ ᠠᠯᠬᠤᠮ ᠠᠵᠤ ᠦᠢᠯᠡᠳᠪᠦᠷᠢᠵᠢᠯᠳᠡ ᠪᠡ ᠮᠡᠳᠡᠭᠡ ᠵᠠᠩᠬᠢᠵᠢᠯᠳᠡ ᠶᠢ ᠠᠭᠤᠰᠤᠯᠴᠠᠭᠤᠯᠤᠨ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ 28 ᠠᠵᠤ ᠠᠬᠤᠢᠢᠯᠠᠯ ᠠᠵᠤ ᠦᠢᠯᠡᠳᠪᠤᠷᠢ ᠪᠡ ᠮᠡᠳᠡᠭᠡ ᠵᠠᠩᠬᠢᠵᠢᠯᠳᠡ ᠶᠢᠨ ᠶᠠᠮᠤᠨ ᠤ ᠲᠤᠷᠰᠢᠯᠳᠡ ᠶᠢᠨ ᠴᠢᠬ ᠤᠨ ᠠᠵᠤ ᠠᠬᠤᠢᠢᠯᠠᠯ ᠤᠨ ᠨᠡᠷᠡᠰ ᠲᠤ ᠵᠢᠬᠰᠠᠭᠠᠪᠡ᠃ ᠮᠠᠯ ᠤᠨ ᠠᠰᠢᠬ ᠰᠢᠮ᠎ᠡ ᠳᠠᠷᠢᠶᠠᠯᠠᠩ ᠤᠨ ᠪᠦᠳᠦᠭᠡᠭᠳᠡᠭᠦᠨ ᠵᠡᠷᠭᠡ ᠤᠯᠠᠨ ᠨᠡᠶᠢᠳᠡ ᠶᠢᠨ ᠭᠡᠷᠡᠭᠯᠡᠭᠡᠨ ᠤ ᠲᠠᠸᠠᠷ ᠤᠨ ᠡᠯᠧᠺᠲᠷᠤᠨ ᠰᠤᠯᠢᠯᠴᠠᠭᠠᠨ ᠤ ᠲᠠᠪᠴᠡᠩ ᠤᠨ ᠦᠢᠯᠡᠳᠤᠯ ᠢ ᠪᠠᠳᠠᠷᠠᠭᠤᠯᠵᠤ ᠪᠠᠶᠢᠨ᠎ᠡ᠃ ᠦᠭᠡᠷ ᠬᠤᠨᠢᠨ ᠮᠢᠬ᠎ᠠ ᠶᠢᠨ ᠪᠦᠬᠦ᠋ᠢᠯᠠ ᠠᠵᠤ ᠦᠢᠯᠠᠰ ᠤᠨ ᠭᠡᠯᠬᠢᠶᠡᠵᠢᠯ ᠤᠨ ᠦᠢᠯᠡᠳᠬᠦᠨ ᠤ ᠶᠠᠰᠤ ᠴᠢᠨᠠᠷ ᠢ ᠮᠦᠷᠳᠡᠭᠦ ᠰᠢᠰᠲ᠋ᠧᠮᠵᠢ ᠶᠢᠨ ᠪᠠᠶᠢᠭᠤᠯᠤᠯᠳᠡ ᠨᠢ ᠮᠠᠨ ᠤ ᠤᠯᠤᠰ ᠤᠨ ᠠᠩᠬᠠᠳᠠᠬᠴᠢ ᠪᠤᠳᠠᠰ ᠤᠨ ᠰᠦᠯᠵᠢᠶᠠᠨ ᠳᠤ ᠰᠠᠭᠤᠷᠢᠯᠠᠬᠰᠠᠨ ᠮᠠᠯ ᠤᠨ ᠮᠢᠬ᠎ᠠ ᠶᠢᠨ ᠦᠢᠯᠡᠳᠬᠦᠨ ᠢ ᠨᠡᠭᠡᠮᠵᠢᠯᠡᠬᠦ ᠤᠷᠤᠨ ᠨᠤᠳᠤᠬ ᠤᠨ ᠪᠠᠷᠢᠮᠵᠢᠶ᠎ᠠ ᠪᠤᠯᠵᠠᠢ᠃ ᠲᠤᠮᠳᠡ ᠪᠠᠭ᠎ᠠ ᠠᠵᠤ ᠠᠬᠤᠢᠢᠯᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠡᠩ ᠨᠢ ᠲᠤᠮᠳᠡ ᠪᠠᠭ᠎ᠠ ᠠᠵᠤ ᠠᠬᠤᠢᠢᠯᠠᠯ ᠳᠤ ᠮᠡᠳᠡᠭᠡ ᠵᠠᠩᠬᠢ ᠶᠢᠨ ᠦᠢᠯᠡᠴᠢᠯᠡᠭᠡ᠂ ᠪᠡᠯᠨ ᠮᠦᠡᠭᠬᠦ ᠬᠤᠷᠠᠮᠳᠤᠭᠤᠯᠬᠤ ᠶᠢ ᠪᠠᠳᠤᠯᠠᠬᠤ᠂ ᠡᠳ᠋ ᠤᠨ ᠵᠠᠰᠠᠬ ᠤᠨ ᠠᠰᠠᠭᠤᠨ ᠯᠠᠪᠯᠠᠭ᠎ᠠ ᠬᠢᠬᠦ᠂ ᠡᠯᠧᠺᠲᠷᠤᠨ ᠬᠤᠳᠠᠯᠳᠤᠭ᠎ᠠ ᠶᠢᠨ ᠶᠠᠪᠤᠳᠠᠯ᠂ ᠮᠡᠷᠭᠡᠵᠢᠯ ᠤᠨ ᠵᠢᠯᠤᠭᠤᠳᠤᠯᠭ᠎ᠠ ᠬᠢᠬᠦ ᠵᠡᠷᠭᠡ ᠦᠢᠯᠡᠴᠢᠯᠡᠭᠡ ᠬᠠᠩᠭᠠᠵᠤ ᠪᠤᠢ᠃      ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠮᠡᠳᠡᠭᠡ ᠵᠠᠩᠬᠢᠵᠢᠯᠳᠡ ᠶᠢᠨ ᠠᠬᠢᠯᠳᠡ ᠰᠠᠶᠢᠨ ᠪᠤᠯᠪᠡ᠃ ᠦᠪᠤᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠮᠡᠳᠡᠭᠡ ᠵᠠᠩᠬᠢᠵᠢᠯᠳᠡ ᠶᠢᠨ ᠰᠦᠯᠵᠢᠶ᠎ᠡ ︽12316︾ ᠮᠠᠯ ᠠᠵᠦ ᠠᠬᠤᠢ ᠲᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠳᠠᠷᠢᠶᠠᠴᠢᠨ ᠤ ᠦᠢᠯᠡᠴᠢᠯᠡᠭᠡᠨ ᠤ ᠬᠠᠯᠠᠮᠰᠢᠯ ᠤᠳᠠᠰᠤ ᠪᠤᠯᠤᠨ ︽ᠲᠠᠷᠢᠶᠠᠯᠠᠩ ᠤᠨ ᠮᠡᠳᠡᠭᠡ ᠵᠠᠩᠬᠢ ᠨᠡᠪᠳᠡᠷᠡᠬᠦ︾ ᠭᠠᠷ ᠤᠳᠠᠰᠤᠨ ᠤ ᠴᠠᠬᠢᠮ ᠮᠡᠳᠡᠭᠡ ᠶᠢᠨ ᠦᠢᠯᠡᠴᠢᠯᠡᠭᠡ ᠪᠠᠷ ᠰᠠᠭᠤᠷᠢ ᠪᠤᠯᠭᠠᠵᠤ᠂ ᠵᠢᠷᠬᠢᠶ᠎ᠡ᠂ ᠪᠢᠴᠢᠯ ᠪᠦᠷᠭᠡ᠂ ᠰᠢᠯᠵᠢᠶ᠎ᠡ ᠵᠡᠷᠭᠡ ᠤᠯᠠᠨ ᠲᠦᠷᠦᠯ ᠢᠶᠠᠷ ᠮᠠᠯ ᠠᠵᠤ ᠠᠬᠤᠢ ᠲᠠᠷᠢᠶᠠᠯᠠᠩ ᠤᠨ ᠦᠢᠯᠡᠰ ᠪᠡ ᠮᠠᠯᠵᠢᠬᠤ ᠲᠠᠷᠢᠶᠠᠯᠠᠬᠤ ᠤᠷᠤᠨ ᠤ ᠮᠡᠳᠡᠭᠡ ᠵᠠᠩᠬᠢ ᠶᠢᠨ ᠭᠡᠪ ᠵᠠᠬᠪᠤᠷ ᠦᠡᠳᠤᠰᠤᠨ ᠳᠡᠭᠡᠨ ᠪᠦᠷᠢᠯᠳᠤᠵᠠᠢ᠃      ᠡᠯᠧᠺᠲᠷᠤᠨ ᠬᠤᠳᠠᠯᠳᠤᠭᠠᠨ ᠤ ᠬᠦᠭᠵᠢᠯᠳᠡ ᠦᠳᠳᠡᠷ ᠲᠦᠷᠭᠡᠨ ᠪᠤᠯᠪᠡ᠃ 2015 ᠤᠨ ᠳᠤ ᠡᠯᠧᠺᠲᠷᠤᠨ ᠬᠤᠳᠠᠯᠳᠤᠭ᠎ᠠ ᠶᠢᠨ ᠰᠤᠯᠢᠯᠴᠠᠭ᠎ᠠ ᠶᠢᠨ ᠶᠡᠷᠤᠩᠭᠡᠢ ᠭᠡᠮᠵᠢᠶ᠎ᠡ 1481 ᠳ᠋ᠦᠡᠭᠰᠢᠭᠤᠷ ᠲᠦᠬᠦᠷᠢᠭ ᠲᠤ ᠬᠦᠷᠴᠤ᠂ 2013 ᠤᠨ ᠤ 710 ᠳ᠋ᠦᠡᠭᠰᠢᠭᠤᠷ ᠲᠦᠬᠦᠷᠢᠭ ᠤᠨ ᠰᠠᠭᠤᠷᠢᠨ ᠲᠡᠭᠡᠷ᠎ᠡ ᠲᠠᠬᠢᠨ ᠢᠶᠠᠷ ᠨᠡᠮᠡᠭᠳᠡᠪᠠ᠃ ᠨᠢᠭᠡ ᠪᠦᠯᠦᠭ ᠭᠠᠵᠠᠷ ᠤᠷᠤᠨ ᠤ ᠤᠷᠢᠤᠨᠴᠢᠯᠠᠬᠰᠠᠨ ᠡᠯᠧᠺᠲᠷᠤᠨ ᠬᠤᠳᠠᠯᠳᠤᠭ᠎ᠠ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠡᠩ᠂ ᠰᠤᠯᠢᠯᠴᠠᠭᠠᠨ ᠤ ᠲᠠᠪᠴᠡᠩ ᠪᠤᠯᠤᠨ ᠬᠦᠢᠯᠭᠡᠭᠡᠨ ᠤ ᠠᠵᠤ ᠠᠬᠤᠢᠢᠯᠠᠯ ᠤᠨ ᠰᠡᠳᠤᠨ ᠪᠠᠶᠢᠭᠤᠯᠤᠬᠰᠠᠨ ᠡᠯᠧᠺᠲᠷᠤᠨ ᠬᠤᠳᠠᠯᠳᠤᠭᠠᠨ ᠤ ᠲᠠᠪᠴᠡᠩ ᠵᠠᠯᠭᠠᠪᠠᠷ ᠪᠤᠢ ᠪᠤᠯᠵᠡᠢ᠃ ᠡᠯᠧᠺᠲᠷᠤᠨ ᠬᠤᠳᠠᠯᠳᠤᠭᠠᠨ ᠤ ᠬᠦᠭᠵᠢᠯᠳᠡ ᠶᠢᠨ ᠪᠤᠳᠠᠰ ᠤᠨ ᠬᠦᠢᠯᠭᠡᠭᠡ ᠶᠢ ᠬᠦᠷᠭᠡᠬᠦ᠂ ᠰᠦᠯᠵᠢᠶ᠎ᠡ ᠪᠠᠷ ᠵᠤᠭᠤᠰ ᠭᠤᠪᠢᠭᠤᠯᠬᠤ᠂ ᠠᠮᠤᠷ ᠲᠦᠪᠰᠢᠨ ᠤ ᠭᠡᠷᠡᠴᠢᠯᠡᠭᠡ ᠬᠢᠬᠦ᠂ ᠮᠡᠳᠡᠭᠡ ᠵᠠᠩᠬᠢ ᠮᠡᠷᠭᠡᠵᠢᠯ ᠤᠨ ᠦᠢᠯᠡᠴᠢᠯᠭᠡ ᠵᠡᠷᠭᠡ ᠦᠢᠯᠡᠴᠢᠯᠡᠭᠡᠨ ᠤ ᠦᠢᠯᠠᠰ ᠴᠤᠯᠭᠤᠷᠠᠨ ᠭᠠᠷᠴᠤ ᠢᠷᠡᠵᠠᠢ᠃ ᠬᠦᠭᠡᠬᠤᠳᠡ᠂ ᠪᠤᠭᠤᠳᠤ᠂ ᠤᠯᠠᠭᠠᠠᠬᠠᠳᠡ᠂ ᠲᠦᠡᠭᠯᠢᠶᠤᠤ ᠨᠢ ᠤᠯᠤᠰ ᠤᠨ ᠲᠡᠰ ᠤᠨ ᠡᠯᠧᠺᠲᠷᠤᠨ ᠬᠤᠳᠠᠯᠳᠤᠭᠠᠨ ᠤ ᠵᠢᠱᠢᠶ᠎ᠡ ᠦᠵᠡᠬᠦᠯᠬᠦ ᠰᠠᠭᠤᠷᠢᠨ ᠪᠤᠯᠵᠡᠢ᠃      ᠡᠯᠧᠺᠲᠷᠤᠨ ᠮᠡᠳᠡᠭᠡ ᠵᠠᠩᠬᠢ ᠶᠢᠨ ᠠᠵᠤ ᠦᠢᠯᠡᠰ ᠲᠤᠬᠳᠠᠭᠤᠨ ᠢᠶᠠᠷ ᠬᠦᠭᠵᠢᠪᠡ᠃ ᠪᠤᠳᠤᠬᠳᠤ ᠲᠧᠯᠸᠢᠰ ᠵᠡᠷᠭᠡ ᠭᠡᠷᠡᠭᠯᠡᠭᠡᠨ ᠤ ᠡᠯᠧᠺᠲᠷᠤᠨ ᠪᠦᠳᠦᠭᠡᠭᠳᠡᠬᠦᠨ᠂ ᠡᠯᠧᠺᠲᠷᠤᠨ ᠰᠠᠭᠤᠷᠢ ᠮᠠᠲ᠋ᠧᠷᠢᠶᠡᠯ ᠢᠶᠠᠷ ᠭᠤᠤᠯ ᠪᠤᠯᠭᠠᠬᠰᠠᠨ ᠰᠡᠯᠪᠢᠭ ᠲᠤᠨᠤᠬ᠂ ᠵᠦᠭᠡᠯᠡᠨ ᠲᠤᠨᠤᠬ ᠢ ᠨᠡᠭᠡᠭᠡᠨ ᠠᠰᠢᠬᠯᠠᠬᠤ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠲᠦᠷᠦᠯ ᠵᠦᠢᠯ ᠤᠨ ᠡᠯᠧᠺᠲᠷᠤᠨ ᠮᠡᠳᠡᠭᠡ ᠵᠠᠩᠬᠢ ᠶᠢᠨ ᠠᠵᠤ ᠦᠢᠯᠡᠰ ᠤᠨ ᠰᠢᠰᠲ᠋ᠧᠮ ᠠᠩᠬ᠎ᠠ ᠠᠯᠬᠤᠮ ᠪᠦᠷᠢᠯᠳᠤᠵᠠᠢ᠃ ᠮᠤᠩᠭᠤᠯ ᠵᠦᠭᠡᠯᠡᠨ ᠲᠤᠨᠤᠬ ᠢ ᠨᠡᠭᠡᠭᠡᠨ ᠠᠰᠢᠬᠯᠠᠬᠤ ᠪᠡ ᠲᠡᠯᠭᠡᠷᠡᠬᠦᠯᠬᠦ ᠭᠡᠷᠡᠭᠯᠡᠭᠡᠨ ᠤ ᠠᠬᠢᠴᠡ ᠲᠦᠷᠭᠡᠳᠴᠠᠢ᠃      ᠮᠡᠳᠡᠭᠡ ᠵᠠᠩᠬᠢ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠲᠦᠪᠰᠢᠨ ᠲᠠᠰᠤᠷᠠᠯᠳᠡ ᠦᠭᠡᠢ ᠲᠡᠭᠡᠭᠰᠢᠯᠡᠪᠡ᠃ ᠭᠤᠤᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠬᠢ ᠶᠢᠨ ᠰᠢᠰᠲ᠋ᠧᠮ ᠤᠨ ᠠᠶᠤᠯᠬᠦᠢ ᠶᠢᠨ ᠪᠠᠶᠢᠴᠠᠭᠠᠯᠳᠡ ᠶᠢ ᠦᠷᠨᠢᠬᠦᠯᠵᠤ᠂ ᠵᠠᠰᠠᠬ ᠤᠨ ᠤᠷᠳᠤᠨ ᠤ ᠰᠠᠯᠠᠭ᠎ᠠ ᠮᠦᠴᠢᠷ ᠤᠨ ᠢᠡᠲ᠋ᠧᠷ ᠰᠦᠯᠵᠢᠶ᠎ᠡ ᠶᠢ ᠵᠤᠯᠭᠠᠭᠤᠯᠴᠡᠭᠤᠯᠬᠤ ᠪᠤᠶᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠰᠢᠰᠲ᠋ᠧᠮ ᠤᠨ ᠪᠠᠶᠢᠭᠤᠯᠤᠯᠳᠡ ᠶᠢ ᠴᠢᠩᠭᠠᠳᠬᠠᠪᠡ᠃ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠶᠠᠪᠤᠳᠠᠯ ᠤᠨ ᠭᠠᠮᠰᠢᠬ ᠲᠤ ᠪᠡᠯᠡᠳᠭᠡᠬᠦ ᠲᠦᠪ ᠢ ᠪᠠᠶᠢᠭᠤᠯᠵᠤ᠂ 17 ᠰᠠᠯᠠᠭ᠎ᠠ ᠮᠦᠴᠢᠷ ᠤᠨ 120 ᠲᠤᠬᠠᠢᠢᠯᠠᠬᠰᠠᠨ ᠠᠵᠢᠯ ᠤᠨ ᠮᠡᠳᠡᠭᠡ ᠵᠠᠩᠬᠢ ᠶᠢᠨ ᠰᠢᠰᠲ᠋ᠧᠮ ᠳᠤ ᠭᠠᠮᠰᠢᠬ ᠤᠨ ᠪᠡᠯᠡᠳᠭᠡᠯ ᠬᠢᠪᠡ᠃ ᠪᠦᠬᠦ ᠤᠷᠤᠨ ᠤ ᠠᠵᠤ ᠦᠢᠯᠡᠳᠪᠤᠷᠢ ᠶᠢᠨ ᠬᠢᠨᠠᠨ ᠡᠵᠡᠮᠳᠡᠬᠦ ᠰᠢᠰᠲ᠋ᠧᠮ ᠤᠨ ᠮᠡᠳᠡᠭᠡ ᠵᠠᠩᠬᠢ ᠶᠢᠨ ᠠᠮᠤᠷ ᠲᠦᠪᠰᠢᠨ ᠤ ᠨᠠᠷᠢᠨ ᠪᠠᠶᠢᠳᠠᠯ ᠳᠤ ᠪᠠᠶᠢᠴᠠᠭᠠᠯᠳᠡ ᠬᠢᠬᠦ ᠪᠡ ᠤᠯᠠᠨ ᠨᠡᠶᠢᠳᠡ ᠶᠢᠨ ᠦᠢᠯᠡᠴᠢᠯᠡᠭᠡᠨ ᠤ ᠲᠤᠷᠰᠢᠯᠳᠡ ᠶᠢᠨ ᠴᠢᠬ ᠤᠨ ᠵᠢᠱᠢᠶ᠎ᠡ ᠦᠵᠡᠬᠦᠯᠬᠦ ᠠᠵᠢᠯ ᠢ ᠦᠷᠨᠢᠬᠦᠯᠦᠭᠰᠡᠨ ᠪᠠᠶᠢᠨ᠎ᠡ᠃    【ᠬᠠᠷᠠᠯᠲᠠ ᠪᠣᠯᠣᠨ ᠡᠭᠦᠷᠭᠡ】    【 ᠵᠠᠩᠬᠢᠯᠠᠭ᠎ᠠ ᠶᠢᠨ ᠦᠭᠡ】 ᠤᠯᠠᠨ ᠭᠤᠤᠯᠳᠠᠯᠭ᠎ᠠ ᠶᠢᠨ ᠳᠤᠭᠤᠷᠢᠨ ᠳᠤ ᠮᠡᠳᠡᠭᠡ ᠵᠠᠩᠬᠢᠵᠢᠯᠲᠠ ᠶᠢ ᠠᠬᠢᠭᠤᠯᠤᠨ᠎ᠠ      ︽13·5︾᠎ ᠶᠢᠨ ᠬᠤᠭᠤᠴᠠᠭᠠᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢ ᠴᠢᠮᠡᠭᠡ ᠬᠤᠯᠪᠤᠭ᠎ᠠ ᠶᠢᠨ ᠮᠡᠷᠭᠡᠵᠢᠯ ᠤᠨ ᠰᠢᠨ᠎ᠡ ᠡᠬᠦᠳᠤᠯᠳᠠ ᠪᠡ ᠭᠡᠷᠡᠭᠯᠡᠭᠡ ᠶᠢ ᠲᠠᠭᠠᠯᠳᠤᠨ᠂ ᠮᠠᠨ ᠤ ᠤᠷᠤᠨ ᠤ ᠮᠡᠳᠡᠭᠡ ᠵᠠᠩᠬᠢᠵᠢᠯᠳᠡ ᠶᠢᠨ ᠬᠦᠭᠵᠢᠯᠳᠡ ᠪᠠᠰᠨ ᠨᠡᠩ ᠶᠡᠭᠡ ᠠᠵᠨ ᠲᠤᠬᠢᠶᠠᠯ ᠢ ᠤᠬᠳᠤᠨ ᠠᠪᠴᠤ᠂ ᠮᠡᠳᠡᠭᠡ ᠵᠠᠩᠬᠢ ᠶᠢᠨ ᠬᠦᠭᠵᠢᠯᠳᠡ ᠨᠢ ᠨᠢᠭᠡᠨᠳᠡ ᠠᠵᠤ ᠦᠢᠯᠠᠰ ᠤᠨ ᠲᠡᠰ ᠲᠠᠪᠬᠤᠷᠭ᠎ᠠ ᠶᠢ ᠲᠡᠭᠡᠭᠰᠢᠯᠡᠬᠦᠯᠬᠦ᠂ ᠮᠡᠳᠡᠭᠡ ᠵᠠᠩᠬᠢ ᠶᠢᠨ ᠭᠡᠷᠡᠭᠯᠡᠭᠡ ᠶᠢ ᠠᠬᠢᠭᠤᠯᠬᠤ᠂ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠬᠤ ᠴᠢᠬᠤᠯᠨ ᠠᠷᠭ᠎ᠠ ᠵᠠᠮ ᠪᠤᠯᠤᠬᠰᠠᠨ ᠪᠠᠶᠢᠨ᠎ᠡ᠃ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ︽13·5︾᠎ ᠶᠢᠨ ᠲᠦᠯᠦᠪᠵᠢᠬᠦᠯᠭᠡ ᠨᠢ ᠮᠠᠨ ᠤ ᠤᠷᠤᠨ ᠤ ᠮᠡᠳᠡᠭᠡ ᠵᠠᠩᠬᠢᠵᠢᠯᠳᠡ ᠶᠢᠨ ᠬᠦᠭᠵᠢᠯᠳᠡ ᠶᠢᠨ ᠲᠡᠮᠡᠴᠡᠬᠦ ᠬᠠᠷᠠᠯᠳᠡ ᠶᠢ ᠲᠤᠷᠠᠳᠤᠨ ᠭᠠᠷᠭᠠᠵᠠᠢ᠄      ᠮᠡᠳᠡᠭᠡ ᠵᠠᠩᠬᠢᠵᠢᠯᠳᠡ ᠪᠤᠯᠤᠨ ᠢᠡᠲ᠋ᠧᠷ ᠰᠦᠯᠵᠢᠶ᠎ᠡ ᠶᠢᠨ ᠬᠦᠭᠵᠢᠯᠳᠡ ᠶᠢ ᠲᠠᠭᠠᠯᠳᠤᠨ᠂ ᠮᠡᠳᠡᠭᠡ ᠵᠠᠩᠬᠢᠵᠢᠯᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠡ ᠶᠢ ᠶᠡᠭᠡᠪᠡᠷ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠤᠷᠢᠵᠢᠯᠳᠡ᠂ ᠮᠡᠳᠡᠭᠡ ᠵᠠᠩᠬᠢᠵᠢᠯᠳᠡ᠂ ᠬᠤᠳᠡ ᠪᠠᠯᠭᠠᠰᠤᠵᠢᠯᠳᠡ ᠪᠡ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠡ ᠶᠢ ᠢᠵᠢᠯ ᠠᠯᠬᠤᠮ ᠢᠶᠠᠷ ᠬᠦᠭᠵᠢᠬᠦᠯᠵᠤ᠂ ᠦᠢ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠪᠡ ᠤᠯᠠᠨ ᠨᠡᠶᠢᠳᠡ ᠶᠢᠨ ᠲᠠᠸᠡᠷ ᠢ ᠨᠡᠮᠡᠭᠳᠡᠬᠦᠯᠬᠦ᠂ ᠤᠯᠠᠨ ᠨᠡᠶᠢᠳᠡ ᠶᠢᠨ ᠦᠢᠯᠡᠴᠢᠯᠡᠭᠡ ᠶᠢᠨ ︽ᠬᠤᠤᠰ ᠵᠢᠬᠦᠷ︾᠎ ᠲᠤ ᠴᠢᠩᠭ᠎ᠠ ᠬᠦᠴᠤᠳᠠᠢ ᠲᠤᠯᠭᠠᠭᠤᠷᠢᠯᠠᠬᠤ ᠬᠦᠴᠤᠨ ᠢ ᠬᠠᠨᠭ᠍ᠭᠠᠵᠤ ᠦᠭᠬᠦ ᠪᠤᠯᠤᠨ᠎ᠡ᠃      ︽13·5︾ ᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠤ ᠮᠡᠳᠡᠭᠡ ᠵᠠᠩᠬᠢᠵᠢᠯᠳᠡ ᠶᠢᠨ ᠠᠵᠢᠯ ᠤᠨ ᠭᠤᠤᠯ ᠲᠤᠭᠤᠷᠢᠨ ᠳᠤ ᠤᠯᠠᠨ ᠭᠤᠤᠯᠳᠠᠯᠭ᠎ᠠ ᠶᠢ ᠬᠦᠭᠵᠢᠬᠦᠯᠦᠨ᠎ᠡ᠃ ᠮᠡᠳᠡᠭᠡ ᠵᠠᠩᠬᠢᠵᠢᠯᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠡ ᠶᠢ ᠶᠡᠭᠡᠪᠡᠷ ᠠᠬᠢᠭᠤᠯᠵᠤ᠂ ᠮᠡᠳᠡᠭᠡ ᠵᠠᠩᠬᠢᠵᠢᠯᠳᠡ ᠶᠢᠨ ᠲᠤᠯᠭᠠᠭᠤᠷᠢᠯᠠᠬᠤ ᠬᠦᠴᠤᠨ ᠢ ᠲᠡᠭᠡᠭᠰᠢᠯᠡᠬᠦᠯᠦᠨ᠎ᠡ︔ ᠠᠵᠤ ᠦᠢᠯᠡᠳᠪᠦᠷᠢᠵᠢᠯᠳᠡ ᠪᠡ ᠮᠡᠳᠡᠭᠡ ᠵᠠᠩᠬᠢᠵᠢᠯᠳᠡ ᠶᠢ ᠬᠦᠡᠵᠡᠭᠡᠢ ᠠᠭᠤᠰᠤᠯᠴᠠᠭᠤᠯᠵᠤ᠂ ᠠᠵᠤ ᠦᠢᠯᠡᠳᠪᠤᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠠᠬᠢᠭᠤᠯᠤᠨ᠎ᠡ︔ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠮᠡᠳᠡᠭᠡ ᠵᠠᠩᠬᠢᠵᠢᠯᠳᠡ ᠶᠢᠨ ᠪᠦᠳᠦᠭᠡᠨ ᠪᠠᠶᠢᠭᠤᠯᠤᠯᠳᠡ ᠶᠢ ᠲᠦᠷᠭᠡᠳᠭᠡᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠤᠳᠤᠬᠢᠴᠢᠯᠠᠯᠳᠡ ᠶᠢ ᠠᠬᠢᠭᠤᠯᠤᠨ᠎ᠡ︔ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠲᠦᠷᠭᠡᠳᠭᠡᠵᠤ᠂ ᠰᠢᠨ᠎ᠡ ᠭᠡᠯᠪᠡᠷᠢ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠡ︔ ᠤᠶᠤᠠᠴᠢ ᠬᠤᠳᠡ ᠶᠢᠨ ᠪᠦᠳᠦᠭᠡᠨ ᠪᠠᠶᠢᠭᠤᠯᠤᠯᠳᠡ ᠶᠢ ᠲᠦᠷᠭᠡᠳᠭᠡᠵᠤ᠂ ᠬᠤᠳᠡ ᠪᠠᠯᠭᠠᠰᠤᠵᠢᠯᠳᠡ ᠪᠡ ᠮᠡᠳᠡᠭᠡ ᠵᠠᠩᠬᠢᠵᠢᠯᠳᠡ ᠶᠢ ᠠᠬᠢᠭᠤᠯᠬᠤ ᠶᠢ ᠵᠤᠬᠢᠴᠠᠭᠤᠯᠤᠨ ᠬᠦᠭᠵᠢᠬᠦᠯᠦᠨ᠎ᠡ︔ ᠡᠯᠧᠺᠲᠷᠤᠨ ᠵᠠᠰᠠᠬ ᠤᠨ ᠶᠠᠪᠤᠳᠠᠯ ᠤᠨ ᠪᠦᠳᠦᠭᠡᠨ ᠪᠠᠶᠢᠭᠤᠯᠤᠯᠳᠡ ᠶᠢ ᠪᠦᠬᠦ ᠲᠠᠯ᠎ᠡ ᠪᠠᠷ ᠠᠬᠢᠭᠤᠯᠵᠤ᠂ ᠵᠠᠰᠠᠬ ᠤᠨ ᠤᠷᠳᠤᠨ ᠤ ᠦᠢᠯᠡᠴᠢᠯᠡᠭᠡ ᠪᠡ ᠬᠢᠨᠠᠨ ᠬᠠᠮᠢᠶᠠᠷᠤᠯᠳᠡ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠡ︔ ᠨᠡᠶᠢᠭᠡᠮ ᠤᠨ ᠠᠵᠢᠯ ᠦᠢᠯᠡᠰ ᠤᠨ ᠮᠡᠳᠡᠭᠡ ᠵᠠᠩᠬᠢᠵᠢᠯᠳᠡ ᠶᠢ ᠲᠤᠬᠳᠠᠭᠤᠨ ᠢᠶᠠᠷ ᠠᠬᠢᠭᠤᠯᠤᠨ ᠤᠯᠠᠨ ᠨᠡᠶᠢᠳᠡ ᠶᠢᠨ ᠦᠢᠯᠡᠴᠢᠯᠡᠭᠡᠨ ᠤ ᠦᠡᠳᠤᠰᠤᠨ ᠲᠦᠪᠰᠢᠨ ᠢ ᠲᠡᠭᠡᠭᠰᠢᠯᠡᠬᠦᠯᠦᠨ᠎ᠡ︔ ᠡᠬᠢ ᠪᠠᠶᠠᠯᠢᠬ ᠤᠷᠴᠢᠨ ᠲᠤᠭᠤᠷᠢᠨ ᠮᠡᠳᠡᠭᠡ ᠵᠠᠩᠬᠢᠵᠢᠯᠳᠡ ᠶᠢ ᠠᠬᠢᠭᠤᠯᠬᠤ ᠳᠤ ᠰᠠᠭᠤᠷᠢᠯᠠᠨ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠡ ᠶᠢ ᠬᠦᠳᠦᠯᠤᠨ ᠲᠠᠭᠠᠭᠤᠯᠤᠨ᠎ᠡ︔ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢᠵᠢᠯᠳᠡ ᠮᠡᠷᠭᠡᠵᠢᠯ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠠᠵᠤ ᠠᠬᠤᠢ ᠶᠢᠨ ᠪᠦᠳᠦᠴᠨ ᠶᠢ ᠰᠢᠯᠢᠳᠡᠭᠵᠢᠬᠦᠯᠦᠨ᠎ᠡ︔ ᠮᠡᠳᠡᠭᠡ ᠵᠠᠩᠬᠢ ᠶᠢᠨ ᠠᠮᠤᠷ ᠲᠦᠪᠰᠢᠨ ᠤ ᠪᠠᠳᠤᠯᠠᠪᠤᠷᠢ ᠶᠢᠨ ᠰᠢᠰᠲ᠋ᠧᠮ ᠢ ᠲᠡᠬᠦᠯᠳᠡᠷᠵᠢᠬᠦᠯᠵᠤ᠂ ᠰᠦᠯᠵᠢᠶᠠᠨ ᠠᠮᠤᠷ ᠲᠦᠪᠰᠢᠨ ᠤ ᠪᠠᠳᠤᠯᠠᠪᠤᠷᠢ ᠶᠢᠨ ᠴᠢᠳᠠᠪᠤᠷᠢ ᠪᠠᠨ ᠲᠡᠭᠡᠭᠰᠢᠯᠡᠬᠦᠯᠦᠨ᠎ᠡ︔ ᠡᠬᠦᠨ ᠤ ᠬᠠᠮᠳᠤ᠂ ᠪᠠᠰᠨ ᠮᠡᠳᠡᠭᠡ ᠵᠠᠩᠬᠢᠵᠢᠯᠳᠡ ᠶᠢᠨ ᠪᠦᠳᠦᠭᠡᠨ ᠪᠠᠶᠢᠭᠤᠯᠤᠯᠳᠡ ᠶᠢ ᠨᠢᠭᠡᠳᠦᠯᠳᠡᠢ ᠵᠤᠬᠢᠴᠠᠭᠤᠯᠬᠤ ᠪᠡ ᠵᠤᠬᠢᠶᠠᠨ ᠪᠠᠶᠢᠭᠤᠯᠤᠯᠳᠡ ᠶᠢᠨ ᠪᠠᠳᠤᠯᠠᠪᠤᠷᠢ ᠶᠢ ᠴᠢᠩᠭᠠᠳᠬᠠᠵᠤ᠂ ᠪᠡᠯᠨ ᠤᠷᠤᠭᠤᠯᠤᠯᠳᠡ ᠪᠤᠯᠤᠨ ᠲᠦᠷᠦ ᠶᠢᠨ ᠪᠤᠳᠤᠯᠭ᠎ᠠ ᠪᠠᠷ ᠲᠡᠮᠵᠢᠬᠦ ᠪᠠᠨ ᠴᠢᠩᠭᠠᠷᠠᠭᠤᠯᠵᠤ᠂ ᠴᠢᠳᠠᠪᠤᠷᠢᠳᠡᠨ ᠤ ᠡᠩᠨᠡᠭᠡ ᠶᠢᠨ ᠪᠦᠳᠦᠭᠡᠨ ᠪᠠᠶᠢᠭᠤᠯᠤᠯᠳᠡ ᠪᠡ ᠮᠡᠷᠭᠡᠵᠢᠯ ᠤᠨ ᠰᠢᠨ᠎ᠡ ᠶᠢ ᠡᠬᠦᠳᠬᠦ ᠶᠢ ᠲᠦᠷᠭᠡᠳᠭᠡᠵᠤ᠂ ᠬᠠᠮᠳᠤᠷᠠᠨ ᠲᠤᠷᠰᠢᠯᠭ᠎ᠠ ᠰᠤᠯᠢᠯᠴᠠᠬᠤ ᠪᠡ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠪᠠᠨ ᠬᠦᠡᠵᠡᠭᠡᠶᠢᠷᠡᠬᠦᠯᠵᠤ᠂ ᠲᠦᠷᠦ ᠶᠢᠨ ᠪᠤᠳᠤᠯᠭ᠎ᠠ ᠬᠠᠤᠯᠢ ᠲᠦᠷᠢᠮ ᠤᠨ ᠪᠦᠳᠦᠭᠡᠨ ᠪᠠᠶᠢᠭᠤᠯᠤᠯᠳᠡ ᠪᠤᠯᠤᠨ ᠭᠡᠷᠡᠭᠯᠡᠭᠡᠨ ᠤ ᠵᠢᠱᠢᠶ᠎ᠡ ᠦᠵᠡᠬᠦᠯᠬᠦ ᠪᠠᠨ ᠴᠢᠩᠭᠠᠳᠬᠠᠵᠤ᠂ ᠮᠡᠳᠡᠭᠡ ᠵᠠᠩᠬᠢᠵᠢᠯᠳᠡ ᠪᠤᠶᠤ ᠠᠵᠤ ᠦᠢᠯᠡᠳᠪᠤᠷᠢᠵᠢᠯᠳᠡ᠂ ᠬᠤᠳᠡ ᠪᠠᠯᠭᠠᠰᠤᠵᠢᠯᠳᠡ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠡ᠂ ᠨᠤᠭᠤᠭᠠᠷᠠᠭᠤᠯᠤᠯᠳᠡ ᠶᠢ ᠬᠦᠡᠵᠡᠭᠡᠢ ᠠᠭᠤᠰᠤᠯᠴᠠᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢᠵᠢᠯᠳᠡ ᠶᠢᠨ ᠠᠵᠤ ᠦᠢᠯᠡᠰ ᠢ ᠲᠦᠷᠭᠡᠨ ᠬᠦᠭᠵᠢᠬᠦᠯᠵᠤ᠂ ᠮᠡᠳᠡᠭᠡ ᠵᠠᠩᠬᠢ ᠶᠢᠨ ᠭᠡᠷᠡᠭᠯᠡᠭᠡᠨ ᠤ ᠲᠦᠪᠰᠢᠨ ᠢ ᠮᠡᠳᠡᠭᠳᠡᠮ᠎ᠡ ᠲᠡᠭᠡᠭᠰᠢᠯᠡᠬᠦᠯᠬᠦ ᠬᠠᠷᠠᠯᠳᠡ ᠪᠠᠨ ᠪᠡᠶᠡᠯᠡᠬᠦᠯᠬᠦ ᠪᠠᠷ ᠪᠤᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号