ᠡᠨᠡ ᠵᠢᠯ᠂ ᠲᠦᠩᠯᠢᠶᠣᠤ ᠬᠤᠲᠠ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠪᠠ᠃ ᠲᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠣᠨᠴᠠ ᠬᠦᠴᠢᠷᠳᠡᠯᠲᠠᠢ ᠡᠷᠦᠬᠡ ᠳᠤ ︽ᠬᠤᠶᠠᠷ ᠢ ᠬᠡᠯᠲᠦᠷᠢᠭᠦᠯᠬᠦ ᠬᠤᠶᠠᠷ ᠢ ᠰᠠᠭᠠᠳ ᠦᠭᠡᠢ | ᠨᠡᠪᠲᠡᠷᠡᠭᠦᠯᠬᠦ︾ ᠵᠢᠭᠡᠯᠡᠯᠭᠡ ᠲᠠᠯᠪᠢᠬᠤ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠂ ᠲᠤᠬᠠᠶᠢᠯᠠᠪᠠᠯ ᠳᠠᠭᠠᠭᠠᠯᠲᠠ ᠠᠴᠠ | ᠬᠡᠯᠲᠦᠷᠢᠭᠦᠯᠬᠦ᠂ ᠬᠦᠦ ᠮᠥᠩᠭᠦ ᠬᠡᠯᠲᠦᠷᠢᠭᠦᠯᠬᠦ᠂ ᠡᠷᠤᠭᠡ ᠶᠢᠨ ᠲᠤᠭ᠎ᠠ ᠨᠢ ᠨᠡᠯᠢᠶᠡᠳ ᠴᠥᠭᠡᠨ᠂ ᠠᠯᠤᠰ ᠬᠤᠯᠠ | ᠪᠤᠶᠢᠳᠠ ᠭᠠᠵᠠᠷ ᠲᠤ ᠰᠠᠭᠤᠷᠢᠰᠢᠵᠤ ᠪᠠᠶᠢᠭ᠎ᠠ ᠣᠨᠴᠠ ᠬᠦᠴᠢᠷᠳᠡᠯᠲᠠᠢ ᠡᠷᠦᠭᠡ ᠳᠤ ︽ᠵᠢᠭᠡᠯᠡᠯᠭᠡ ᠶᠢᠨ ᠰᠠᠭᠠᠳ | ᠦᠭᠡᠢ ᠨᠡᠪᠲᠡᠷᠡᠬᠦ ᠲᠡᠷᠭᠡ︾ ᠪᠤᠯᠤᠨ ︽ᠰᠠᠭᠠᠳ ᠥᠭᠡᠢ ᠨᠡᠪᠲᠡᠷᠡᠬᠦ ᠵᠠᠮ︾ ᠢᠶᠠᠷ ᠰᠢᠭᠤᠳ ᠵᠢᠭᠡᠯᠡᠯᠭᠡ ᠲᠠᠯᠪᠢᠵᠤ᠂ | ᠵᠢᠭᠡᠯᠡᠯᠭᠡ ᠶᠢ ᠲᠣᠰᠬᠤᠨ ᠪᠤᠯᠤᠨ ᠡᠷᠦᠬᠡ ᠳᠤ ᠬᠦᠷᠲᠡᠯ᠎ᠡ ᠬᠦᠷᠭᠡᠵᠤ᠂ ᠮᠥᠩᠭᠦᠨ ᠬᠦᠢᠯᠭᠡᠭᠡ ᠪᠠᠷ ᠶᠠᠳᠠᠭᠤ ᠶᠢ | ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ | ᠠᠷᠠᠳ ᠢ ᠪᠠᠶᠠᠵᠢᠭᠤᠯᠬᠤ ᠢᠨᠵᠧᠨᠧᠷᠢᠩ︾ ᠢ ᠥᠷᠨᠢᠭᠦᠯᠦᠭᠰᠡᠨ ᠠᠴᠠ 9 ᠳ᠋ᠤᠭᠡᠷ ᠰᠠᠷ᠎ᠠ ᠶᠢᠨ ᠡᠴᠦᠰ ᠪᠤᠯᠬᠤ ᠳᠤ᠂ | ᠪᠦᠬᠦ ᠬᠤᠲᠠ ᠶᠢᠨ 6.4 ᠲᠦᠮᠡᠨ ᠡᠷᠦᠬᠡ ᠳᠤ ︽ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ | ᠪᠠᠶᠠᠵᠢᠭᠤᠯᠬᠤ ᠢᠨᠵᠧᠨᠧᠷᠢᠩ︾ ᠤᠨ ᠵᠢᠭᠡᠯᠡᠯᠭᠡ ᠲᠠᠯᠪᠢᠵᠤ᠂ ᠣᠳᠣᠬᠠᠨ ᠳᠤ ᠨᠢᠭᠡᠨᠲᠡ ᠨᠡᠶᠢᠲᠡ 35.98 | ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ |