| | | 10 ᠳ᠋ᠤᠭᠠᠷ ᠰᠠᠷ᠎ᠠ ᠶᠢᠨ 13 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠪᠠᠶᠢᠩᠭᠤ ᠶᠢᠨ ᠬᠤᠷᠢᠶ᠎ᠠ ︵ᠦᠷᠭᠡᠳᠭᠡᠭᠰᠡᠨ︶ ᠶᠢᠨ ᠬᠤᠷᠠᠯ ᠬᠤᠷᠠᠯᠳᠤᠭᠤᠯᠵᠤ᠂ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠰᠬᠠᠭᠰᠠᠨ ᠶᠠᠳᠠᠭᠤ ᠶᠢ ᠲᠡᠳᠭᠦᠭᠦ ᠬᠦᠷᠢᠶᠡᠨ ᠳᠠᠬᠢ ᠰᠠᠬᠢᠯᠭ᠎ᠠ | ᠪᠠᠳᠤ ᠠᠴᠠ ᠵᠦᠷᠢᠴᠡᠭᠰᠡᠨ ᠠᠰᠠᠭᠤᠳᠠᠯ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠤᠨ ᠢᠯᠡᠴᠢᠯᠡᠨ | ᠮᠡᠳᠡᠭᠦᠯᠦᠯᠳᠡ ᠶᠢ ᠱᠠᠯᠠᠪᠳᠠᠭᠤᠯᠤᠨ ᠰᠢᠢᠳᠪᠤᠷᠢᠯᠡᠬᠦᠯᠬᠦ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ | ᠰᠠᠨᠠᠭ᠎ᠠ ᠶᠢ ᠤᠯᠠᠮᠵᠢᠯᠠᠵᠤ᠂ ᠦᠪᠡᠷᠳᠡᠭᠡᠨ ᠵᠠᠰᠠᠬᠤ ᠤᠷᠤᠨ ᠤ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ | ᠮᠠᠨ ᠤ ᠤᠷᠤᠨ ᠤ ᠶᠠᠳᠠᠭᠤ ᠶᠢ ᠲᠡᠳᠭᠦᠭᠦ ᠬᠦᠷᠢᠶᠡᠨ ᠳᠠᠬᠢ ᠰᠠᠬᠢᠯᠭ᠎ᠠ ᠪᠠᠳᠤ ᠠᠴᠠ ᠵᠦᠷᠢᠴᠡᠭᠰᠡᠨ ᠠᠰᠠᠭᠤᠳᠠᠯ ᠳᠤ | ᠬᠤᠯᠪᠤᠭᠳᠠᠭᠰᠠᠨ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠯᠳᠡ ᠶᠢ ᠱᠠᠯᠠᠪᠳᠠᠭᠤᠯᠤᠨ ᠰᠢᠢᠳᠪᠤᠷᠢᠯᠡᠬᠦᠯᠬᠦ ᠠᠵᠢᠯ | ᠢ ᠰᠤᠳᠤᠯᠤᠨ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠡᠷᠬᠢᠯᠡᠨ ᠶᠠᠷᠢᠶ᠎ᠠ ᠲᠠᠯᠪᠢᠪᠠ᠃ | ᠬᠤᠷᠠᠯ ᠳᠤ ᠤᠷᠤᠯᠴᠠᠬᠰᠠᠳ ᠤᠨ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠭᠰᠠᠨ ᠤ ᠲᠠᠷᠠᠭ᠎ᠠ᠂ ᠵᠠᠩ ᠯᠢ | ᠵᠢᠭᠠᠵᠤ ᠭᠠᠷᠭᠠᠬᠰᠠᠨ ᠨᠢ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠶᠠᠳᠠᠭᠤ ᠶᠢ ᠲᠡᠳᠭᠦᠭᠦ ᠬᠦᠷᠢᠶᠡᠨ ᠳᠤ ᠤᠷᠤᠰᠢᠵᠤ ᠪᠦᠬᠦᠢ ᠰᠠᠬᠢᠯᠭ᠎ᠠ ᠪᠠᠳᠤ ᠠᠴᠠ ᠵᠦᠷᠢᠴᠡᠭᠰᠡᠨ ᠢᠯᠵᠢᠷᠠᠯ ᠤᠨ | ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠦ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠠᠨ ᠤᠳᠠᠭ᠎ᠠ ᠬᠤᠷᠠᠯ | ᠬᠤᠷᠠᠯᠳᠤᠭᠤᠯᠵᠤ᠂ ᠶᠠᠳᠠᠭᠤ ᠶᠢ ᠲᠡᠳᠭᠦᠭᠦ ᠬᠦᠷᠢᠶᠠᠨ ᠳᠠᠬᠢ ᠬᠢᠨᠠᠯᠳᠠ ᠲᠠᠯᠪᠢᠬᠤ ᠰᠠᠬᠢᠯᠭ᠎ᠠ ᠪᠠᠳᠤ ᠶᠢ ᠬᠡᠷᠡᠭᠵᠢᠭᠦᠯᠤᠨ | ᠬᠠᠷᠢᠭᠤᠴᠠᠯᠭ᠎ᠠ ᠨᠡᠭᠡᠮᠵᠢᠯᠡᠭᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠭᠦ ᠬᠡᠷᠡᠭᠳᠡᠢ ᠬᠡᠵᠤ ᠱᠠᠭᠠᠷᠳᠠᠪᠠ᠃ | ᠤᠢᠢᠷ᠎ᠠ ᠶᠢᠨ ᠵᠢᠯ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠠᠮ ᠤᠨ | ᠲᠦᠪ ᠬᠤᠷᠢᠶ᠎ᠠ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠤᠯᠠᠨ ᠲᠦᠮᠡᠨ ᠤ ᠲᠡᠷᠭᠡᠳᠡ ᠡᠭᠦᠰᠦᠭᠰᠡᠨ | ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠶᠠᠳᠠᠭᠤ ᠶᠢ ᠲᠡᠳᠭᠦᠭᠦ ᠪᠠ | ᠮᠠᠯ ᠠᠵᠤ ᠠᠬᠤᠢ ᠲᠠᠷᠢᠶᠠᠯᠠᠩ ᠳᠤ ᠬᠤᠯᠪᠤᠬᠳᠠᠬᠰᠠᠨ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠤᠨ | ᠲᠠᠯ᠎ᠠ ᠪᠠᠷ ᠬᠢ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ | ᠠᠰᠤᠷᠤ ᠰᠠᠶᠢᠨ ᠦᠷ᠎ᠡ ᠪᠦᠳᠦᠮᠵᠢ ᠤᠯᠪᠠ᠃ ᠬᠡᠪᠡᠴᠤ ᠪᠤᠳᠠᠳᠠᠢ ᠪᠠᠶᠢᠳᠠᠯ ᠠᠴᠠ ᠦᠵᠡᠪᠠᠯ᠂ ᠤᠳᠤᠬᠠᠨ ᠳᠤ | ᠶᠠᠳᠠᠭᠤ ᠶᠢ ᠲᠡᠳᠭᠦᠭᠦ ᠪᠠ ᠮᠠᠯ ᠠᠵᠤ ᠠᠬᠤᠢ ᠲᠠᠷᠢᠶᠠᠯᠠᠩ ᠳᠤ ᠬᠤᠯᠪᠤᠬᠳᠠᠬᠰᠠᠨ ᠰᠠᠬᠢᠯᠭ᠎ᠠ ᠪᠠᠳᠤ ᠶᠢ ᠵᠦᠷᠢᠴᠡᠭᠰᠡᠨ | ᠠᠰᠠᠭᠤᠳᠠᠯ ᠮᠦᠨᠭᠦ ᠤᠯᠠᠨ ᠡᠭᠦᠰᠴᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠬᠰᠠᠨ ᠲᠦᠪ ᠪᠤᠰᠤ | ᠰᠤᠷᠳᠠᠯ ᠪᠠ ᠢᠯᠵᠢᠷᠠᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠦ ᠡᠭᠦᠷᠭᠡ ᠮᠦᠨᠭᠦ ᠬᠠᠳᠠᠭᠤ ᠪᠡᠷᠭᠡᠰᠢᠶᠠᠯᠳᠠᠢ | ᠪᠠᠶᠢᠭᠰᠠᠭᠠᠷ ᠪᠠᠶᠢᠨ᠎ᠠ ᠭᠡᠪᠠ᠃ | ᠵᠠᠩ ᠯᠢ ᠱᠠᠭᠠᠷᠳᠠᠬᠰᠠᠨ ᠨᠢ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠪᠠ ᠬᠠᠮᠢᠶ᠎ᠠ ᠪᠦᠬᠦᠢ ᠡᠬᠦᠷᠭᠡ ᠴᠢᠳᠠᠪᠬᠢᠳᠤ ᠰᠠᠯᠠᠭ᠎ᠠ ᠮᠦᠴᠢᠷ ᠤᠨ ᠬᠢᠨ᠂ ᠲᠤᠰ ᠬᠤᠷᠠᠯ ᠢᠶᠠᠷ ᠠᠵᠠ | ᠲᠤᠬᠢᠶᠠᠯ ᠪᠤᠯᠭᠠᠨ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠶᠠᠳᠠᠭᠤ ᠶᠢ | ᠲᠡᠳᠭᠦᠭᠦ ᠪᠠ ᠮᠠᠯ ᠠᠵᠤ ᠠᠬᠤᠢ ᠲᠠᠷᠢᠶᠠᠯᠠᠩ ᠳᠤ ᠬᠤᠯᠪᠤᠬᠳᠠᠬᠰᠠᠨ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ | ᠤᠨ ᠵᠠᠬᠢᠳᠠᠯ ᠰᠤᠷᠪᠤᠯᠵᠢᠯᠠᠯ ᠢᠯᠡᠴᠢᠯᠡᠡ ᠮᠡᠳᠡᠭᠦᠯᠦᠯᠳᠡ ᠶᠢ ᠱᠠᠯᠠᠪᠳᠠᠭᠤᠯᠤᠨ ᠰᠢᠢᠳᠪᠤᠷᠢᠯᠡᠬᠦᠯᠬᠦ ᠠᠵᠢᠯ ᠢ | ᠦᠷᠭᠦᠯᠵᠢᠯᠡᠨ ᠴᠢᠩᠭᠠᠳᠬᠠᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠠ ᠲᠦᠷᠦᠯ ᠤᠨ ᠶᠠᠳᠠᠭᠤ ᠶᠢ | ᠲᠡᠳᠭᠦᠭᠦ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠡᠶᠢᠳᠡᠪᠦᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ | ᠰᠠᠶᠢᠳᠤᠷ ᠪᠠᠳᠤᠯᠠᠬᠤ ᠬᠡᠷᠡᠭᠳᠡᠢ᠃ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠡᠳᠡᠭᠡᠳ᠂ ᠭᠤᠤᠯᠳᠠᠯᠭ᠎ᠠ ᠲᠠᠢ | ᠬᠡᠷᠡᠭ ᠢ ᠴᠢᠩᠭ᠎ᠠ ᠠᠳᠬᠤᠵᠤ᠂ ᠲᠤᠰᠢᠶᠠᠨ ᠬᠦᠢᠴᠡᠳᠭᠡᠯᠭᠡᠬᠦ ᠪᠠ ᠱᠠᠯᠠᠪᠳᠠᠭᠤᠯᠤᠨ ᠰᠢᠢᠳᠪᠤᠷᠢᠯᠡᠬᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠲᠡᠳᠭᠦᠭᠦ ᠪᠠ ᠮᠠᠯ ᠠᠵᠤ ᠠᠬᠤᠢ ᠲᠠᠷᠢᠶᠠᠯᠠᠩ ᠳᠤ ᠬᠤᠯᠪᠤᠬᠳᠠᠬᠰᠠᠨ | ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠭᠦ ᠬᠡᠷᠡᠭᠳᠡᠢ᠃ ᠵᠤᠬᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠤᠳᠤᠷᠢᠳᠤᠯᠭ᠎ᠠ ᠠᠴᠠ ᠱᠠᠯᠠᠪᠳᠠᠭᠤᠯᠤᠨ | ᠰᠢᠢᠳᠪᠤᠷᠢᠯᠡᠬᠦᠯᠬᠦ ᠠᠵᠢᠯ ᠢ ᠪᠡᠶᠡᠴᠢᠯᠡᠨ ᠪᠠᠶᠢᠷᠢᠯᠠᠭᠤᠯᠵᠤ᠂ ᠴᠢᠬᠤᠯᠠ ᠰᠦᠪᠡᠭᠴᠢ ᠶᠢ ᠪᠡᠶᠡᠴᠢᠯᠡᠨ ᠦᠢᠯᠠᠭᠠᠵᠤ᠂ | ᠲᠦᠪᠡᠭ ᠪᠤᠳᠤᠯᠢᠶᠠᠨᠳᠠᠢ ᠠᠰᠠᠭᠤᠳᠠᠯ ᠢ ᠪᠡᠶᠡᠴᠢᠯᠡᠨ ᠵᠤᠬᠢᠴᠠᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠤᠳᠠᠳᠠᠢ ᠠᠳᠬᠤᠬᠤ ᠬᠡᠷᠡᠭᠳᠡᠢ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ | ᠲᠤᠳᠤᠭᠠᠳᠤᠬᠢ ᠬᠠᠮᠵᠢᠯᠴᠠᠭ᠎ᠠ ᠪᠠᠨ ᠴᠢᠩᠭᠠᠳᠬᠠᠵᠤ᠂ ᠴᠤᠬᠭᠠᠷ ᠠᠳᠬᠤᠵᠤ ᠬᠠᠮᠳᠤᠪᠡᠷ ᠬᠠᠮᠢᠶᠠᠷᠬᠤ ᠪᠠᠶᠢᠷᠢᠰᠢᠯ ᠢ | ᠪᠠᠶᠢᠭᠤᠯᠬᠤ ᠬᠡᠷᠡᠭᠳᠡᠢ᠃ ᠪᠠᠶᠢᠴᠠᠭᠠᠵᠤ ᠢᠯᠡᠷᠡᠭᠦᠯᠦᠭᠰᠡᠨ ᠢᠯᠵᠢᠷᠠᠯ ᠤᠨ ᠠᠰᠠᠭᠤᠳᠠᠯ ᠤᠨ ᠲᠤᠬᠠᠢ ᠶᠢᠨ ᠬᠦᠮᠦᠨ ᠤ | ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠭᠦ ᠮᠦᠷᠳᠡᠭᠡᠨ ᠬᠠᠮᠢᠶ᠎ᠠ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠨᠡᠭᠡᠮᠵᠢᠯᠡᠵᠤ᠂ ᠨᠠᠩ ᠡᠷᠡᠰ ᠴᠢᠩᠭ᠎ᠠ ᠤᠪᠤᠷ ᠪᠠ ᠬᠦᠴᠤᠨ ᠪᠦᠬᠦᠢ ᠠᠷᠭ᠎ᠠ ᠠᠪᠴᠠᠯ ᠢᠶᠠᠷ ᠶᠠᠳᠠᠭᠤ ᠶᠢ ᠲᠡᠳᠭᠦᠭᠦ ᠪᠠ | ᠮᠠᠯ ᠠᠵᠤ ᠠᠬᠤᠢ ᠲᠠᠷᠢᠶᠠᠯᠠᠩ ᠤᠨ ᠬᠦᠷᠢᠶᠠᠨ ᠳᠠᠬᠢ ᠰᠠᠬᠢᠯᠭ᠎ᠠ ᠪᠠᠳᠤ ᠠᠴᠠ ᠵᠦᠷᠢᠴᠡᠭᠰᠡᠨ ᠠᠰᠠᠭᠤᠳᠠᠯ ᠳᠤ ᠬᠢᠨᠠᠯᠳᠠ | ᠲᠠᠯᠪᠢᠬᠤ ᠰᠠᠬᠢᠯᠭ᠎ᠠ ᠪᠠᠳᠤ ᠶᠢ ᠬᠡᠷᠡᠭᠵᠢᠭᠦᠯᠤᠨ ᠬᠠᠷᠢᠭᠤᠴᠠᠯᠭ᠎ᠠ ᠨᠡᠭᠡᠮᠵᠢᠯᠡᠭᠦ ᠠᠵᠢᠯ ᠢ ᠦᠨᠨᠡᠭᠦ ᠬᠦᠨᠵᠡᠭᠡᠢ ᠨᠠᠷᠢᠯᠢᠭ | ᠪᠤᠳᠠᠳᠠᠢ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠭᠦ ᠠᠤᠭ᠎ᠠ ᠬᠠᠷᠠᠯᠳᠠ ᠶᠢ ᠪᠡᠶᠡᠯᠡᠭᠦᠯᠭᠦ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠭᠦ | ᠬᠡᠷᠡᠭᠳᠡᠢ ᠬᠡᠵᠡᠢ᠃ | |