ᠯᠢ ᠵᠢᠢ ᠾᠧᠩ ᠪᠦ᠋ ᠰᠢᠶᠤᠤ ᠯᠢᠨ ᠳ᠋ᠠ ᠲᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠶᠢᠨ ᠰᠢᠩ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2016/10/14
     10 ᠳ᠋ᠤᠭᠠᠷ ᠰᠠᠷ᠎ᠠ ᠶᠢᠨ 12᠎ ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠶᠢᠨ ᠰᠢᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠡᠨᠧᠷᠭᠢ ᠶᠢᠨ ᠬᠦᠷᠢᠶᠠᠨ ᠤ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠵᠠᠢ᠃      ᠯᠢ ᠵᠢᠢ ᠾᠧᠩ ᠡᠩ ᠲᠠᠷᠢᠬᠦᠨ ᠳᠤ ᠴᠧᠨ ᠶᠢᠨ ᠰᠢᠩ ᠨᠠᠷ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠤ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠺᠤᠮᠫᠠᠨᠢ ᠶᠢᠨ ᠬᠢᠨ ᠤᠷᠲᠦ ᠬᠤᠭᠤᠴᠠᠭᠠᠨ ᠤ ᠲᠤᠷᠰᠢ ᠦᠪᠦᠷ ᠮᠤᠩᠭᠤᠯ ᠤᠨ ᠠᠵᠤ ᠠᠬᠤᠢ ᠶᠢᠨ ᠬᠦᠭᠵᠢᠯᠲᠠ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠠᠢ᠃ ᠲᠡᠷᠡ ᠬᠡᠯᠡᠭᠰᠡᠨ ᠨᠢ᠂ ᠦᠪᠦᠷ ᠮᠤᠩᠭᠤᠯ ᠤᠨ ᠨᠤᠲᠤᠭ ᠲᠡᠪᠢᠰᠬᠡᠷ ᠦᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠤᠷᠤᠨ ᠪᠠᠶᠢᠷᠢ ᠶᠢᠨ ᠳᠠᠪᠠᠭᠤᠯᠢᠭ ᠢᠯᠡᠳᠳᠡ᠂ ᠬᠦᠭᠵᠢᠯᠲᠠ ᠶᠢᠨ ᠳᠠᠯᠳᠠ ᠬᠦᠴᠦᠨ ᠯᠤᠳᠦ ᠶᠡᠭᠡ ᠪᠠᠶᠢᠵᠤ᠂ ᠤᠷᠲᠦ ᠬᠤᠭᠤᠴᠠᠭᠠᠨ᠎ᠠ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠪᠠᠷᠢᠮᠲᠠᠯᠠᠵᠤ᠂ ᠡᠯ᠎ᠠ ᠱᠠᠳᠤᠨ ᠤ ᠺᠠᠳ᠋ᠷᠴᠤᠳ ᠤᠨ ᠠᠵᠢᠯ ᠬᠢᠵᠤ ᠠᠳᠠᠯ ᠦᠢᠯᠡᠰ ᠴᠤᠭᠴᠠᠯᠠᠬᠤ ᠤᠷᠮ᠎ᠠ ᠵᠤᠷᠢᠭ ᠮᠠᠰᠢ ᠲᠡᠭᠦᠯᠳᠡᠷ ᠪᠠᠶᠢᠵᠤ᠂ ᠪᠡᠯᠡ ᠤᠷᠤᠭᠤᠯᠤᠨ ᠦᠢᠯᠡᠰ ᠮᠠᠨᠳᠤᠭᠤᠯᠬᠤ ᠬᠠᠯᠠᠭᠤᠨ ᠦᠯᠦᠭᠡᠢ ᠮᠦᠨ᠃ ᠳ᠋ᠠ ᠲᠠᠩ ᠪᠦᠯᠦᠭᠯᠡᠯ ᠤᠨ ᠬᠢᠨ ᠦᠷᠭᠦᠯᠵᠢᠯᠡᠨ ᠦᠪᠦᠷ ᠮᠤᠩᠭᠤᠯ ᠢ ᠪᠡᠯᠡ ᠤᠷᠤᠭᠤᠯᠤᠨ ᠬᠦᠭᠵᠢᠭᠦᠯᠬᠦ ᠴᠢᠬᠤᠯᠠ ᠰᠠᠭᠤᠷᠢᠨ ᠢᠶᠠᠨ ᠪᠤᠯᠭᠠᠵᠤ᠂ ᠪᠡᠯᠡ ᠤᠷᠤᠭᠤᠯᠬᠤ ᠬᠦᠷᠢᠶ᠎ᠠ ᠬᠡᠪᠴᠢᠶ᠎ᠠ ᠪᠠᠨ ᠲᠠᠰᠤᠷᠠᠯᠲᠠ ᠦᠭᠡᠢ ᠦᠷᠭᠡᠳᠭᠡᠨ ᠬᠠᠮᠲᠤᠷᠠᠯᠴᠠᠭᠠᠨ ᠤ ᠳᠡᠰ ᠳᠠᠪᠬᠤᠷᠭ᠎ᠠ ᠪᠠᠨ ᠳᠡᠭᠡᠭᠰᠢᠯᠡᠭᠦᠯᠵᠤ᠂ ᠪᠡᠯᠡ ᠮᠦᠩᠭᠦ᠂ ᠮᠡᠷᠭᠡᠵᠢᠯ ᠪᠤᠯᠤᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠪᠦᠷ ᠮᠤᠩᠭᠤᠯ ᠤᠨ ᠡᠨᠧᠷᠭᠢ ᠶᠢᠨ ᠪᠠᠶᠢᠭᠤᠯᠤᠯᠲᠠ ᠳᠤ ᠦᠵᠡᠭᠦᠯᠬᠦ ᠳᠡᠮᠵᠢᠯᠭᠡ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠮᠠᠨ ᠤ ᠤᠷᠤᠨ ᠤ ᠴᠡᠪᠡᠷ ᠡᠨᠧᠷᠭᠢ ᠭᠠᠷᠭᠠᠬᠤ ᠰᠠᠭᠤᠷᠢᠨ ᠢ ᠲᠦᠷᠭᠡᠳᠭᠡᠨ ᠪᠦᠳᠦᠬᠡᠨ ᠪᠠᠶᠢᠭᠤᠯᠬᠤ ᠳᠤ ᠳᠡᠮᠵᠢᠯᠭᠡ ᠬᠠᠩᠭᠠᠬᠤ ᠶᠢ ᠬᠦᠰᠡᠵᠤ ᠪᠠᠶᠢᠨ᠎ᠠ᠃ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠳ᠋ᠠ ᠲᠠᠩ ᠪᠦᠯᠦᠭᠯᠡᠯ ᠳᠤ ᠤᠯᠠᠮ ᠰᠠᠶᠢᠨ ᠦᠢᠯᠡᠴᠢᠯᠡᠭᠡ ᠬᠠᠨᠭ᠍ᠭᠠᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ ᠦᠭᠴᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠦ᠂ ᠬᠠᠷᠢᠯᠴᠠᠨ ᠠᠰᠢᠬᠲᠠᠢ ᠬᠠᠮᠲᠦᠪᠡᠷ ᠠᠰᠢᠭ ᠬᠦᠷᠲᠡᠨ ᠬᠠᠮᠲᠦᠪᠡᠷ ᠬᠦᠭᠵᠢᠬᠦ ᠶᠢ ᠪᠡᠶᠡᠯᠡᠭᠦᠯᠦᠨ᠎ᠡ ᠭᠡᠵᠠᠢ᠃      ᠪᠦ᠋ ᠰᠢᠶᠤᠤ ᠯᠢᠨ ᠬᠡᠯᠡᠭᠰᠡᠨ ᠨᠢ᠂ ᠥᠪᠤᠷ ᠮᠤᠩᠭᠤᠯ ᠬᠢᠬᠡᠳ ᠳ᠋ᠠ ᠲᠠᠩ ᠪᠦᠯᠦᠭᠯᠡᠯ ᠤᠨ ᠬᠠᠮᠲᠤᠷᠠᠯᠴᠠᠭᠠᠨ ᠤ ᠰᠠᠭᠤᠷᠢ ᠰᠠᠶᠢᠨ᠂ ᠨᠦᠭᠡᠴᠡ ᠬᠦᠴᠦᠨ ᠯᠤᠳᠦ ᠶᠡᠭᠡ᠂ ᠢᠷᠡᠭᠡᠳᠦᠢ ᠦᠷᠭᠡᠨ ᠠᠭᠤᠳᠠᠮ ᠪᠠᠶᠢᠭ᠎ᠠ ᠶᠤᠮ᠃ ᠳ᠋ᠠ ᠲᠠᠩ ᠪᠦᠯᠦᠭᠯᠡᠯ ᠤᠨ ᠬᠢᠨ ᠥᠪᠤᠷ ᠮᠤᠩᠭᠤᠯ ᠳᠤ ᠪᠡᠯᠡ ᠤᠷᠤᠭᠤᠯᠬᠤ ᠡᠷᠴᠢᠮ ᠢᠶᠠᠨ ᠤᠯᠠᠮ ᠴᠢᠩᠭᠠᠷᠠᠭᠤᠯᠵᠦ᠂ ᠲᠠᠶᠢᠴᠢᠯᠠᠨ ᠲᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠲᠠᠢ ᠨᠡᠩ ᠤᠯᠠᠨ ᠲᠦᠷᠦᠯ ᠵᠦᠢᠯ ᠢ ᠪᠦᠳᠦᠬᠡᠨ ᠪᠠᠶᠢᠭᠤᠯᠬᠤ ᠶᠢ ᠪᠢᠳᠡ ᠬᠦᠰᠡᠵᠦ ᠪᠠᠶᠢᠨ᠎ᠠ᠃ ᠥᠪᠡᠷᠳᠡᠭᠡᠨ ᠵᠠᠰᠠᠬᠤ ᠤᠷᠤᠨ ᠠᠴᠠ ᠬᠦᠭᠵᠢᠯᠲᠡ ᠶᠢᠨ ᠤᠷᠴᠢᠨ ᠲᠤᠭᠤᠷᠢᠨ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠦ᠂  ᠳ᠋ᠠ ᠲᠠᠩ ᠪᠦᠯᠦᠭᠯᠡᠯ ᠤᠨ ᠦᠪᠦᠷ ᠮᠤᠩᠭᠤᠯ ᠳᠠᠬᠢ ᠬᠦᠭᠵᠢᠯᠲᠡ ᠶᠢ ᠲᠡᠮᠵᠢᠨ᠎ᠡ ᠭᠡᠪᠡ᠃      ᠴᠧᠨ ᠶᠢᠨ ᠰᠢᠩ ᠥᠪᠤᠷ ᠮᠤᠩᠭᠤᠯ ᠤᠨ ᠤᠯᠠᠨ ᠵᠢᠯ ᠤᠨ ᠲᠤᠷᠰᠢ ᠳ᠋ᠠ ᠲᠠᠩ ᠪᠦᠯᠦᠭᠯᠡᠯ ᠳᠤ ᠲᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠭᠰᠡᠨ ᠪᠦᠭᠡᠳ ᠳ᠋ᠠ ᠲᠠᠩ ᠪᠦᠯᠦᠭᠯᠡᠯ ᠤᠨ ᠥᠪᠤᠷ ᠮᠤᠩᠭᠤᠯ ᠳᠤ ᠪᠡᠯᠡ ᠤᠷᠤᠭᠤᠯᠵᠦ ᠪᠦᠲᠦᠭᠡᠨ ᠪᠠᠶᠢᠭᠤᠯᠤᠯᠲᠠ ᠬᠢᠵᠦ ᠪᠠᠶᠢᠬᠤ ᠠᠬᠢᠴᠠ ᠶᠢᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠥᠪᠤᠷ ᠮᠤᠩᠭᠤᠯ ᠪᠤᠯ ᠳ᠋ᠠ ᠲᠠᠩ ᠪᠦᠯᠦᠭᠯᠡᠯ ᠤᠨ ᠪᠦᠬᠦ ᠤᠯᠤᠰ ᠤᠨ ᠬᠡᠪᠴᠢᠶᠡᠨ ᠳᠠᠬᠢ ᠬᠠᠮᠤᠭ ᠤᠨ ᠶᠡᠭᠡ ᠪᠡᠯᠡ ᠤᠷᠤᠭᠤᠯᠵᠦ ᠪᠠᠶᠢᠭ᠎ᠠ ᠭᠠᠵᠠᠷ ᠤᠷᠤᠨ ᠪᠠᠶᠢᠵᠤ᠂  ᠳ᠋ᠠ ᠲᠠᠩ ᠪᠦᠯᠦᠭᠯᠡᠯ ᠤᠨ ᠬᠦᠭᠵᠢᠯᠲᠡ ᠳᠤ ᠶᠡᠭᠡ ᠠᠷᠪᠢᠨ ᠡᠬᠢ ᠪᠠᠶᠠᠯᠢᠭ ᠤᠨ ᠲᠤᠯᠭᠠᠭᠤᠷᠢᠯᠠᠯ ᠪᠠ ᠬᠦᠭᠵᠢᠯᠲᠡ ᠶᠢᠨ ᠰᠠᠶᠢᠨ ᠰᠠᠶᠢᠬᠠᠨ ᠤᠷᠴᠢᠨ ᠲᠤᠭᠤᠷᠢᠨ ᠢ ᠬᠠᠨᠭ᠍ᠭᠠᠵᠦ ᠦᠭᠴᠠᠢ᠃ ᠳ᠋ᠠ ᠲᠠᠩ ᠪᠦᠯᠦᠭᠯᠡᠯ ᠦᠷᠭᠦᠯᠵᠢᠯᠡᠨ ᠥᠪᠤᠷ ᠮᠤᠩᠭᠤᠯ ᠢ ᠪᠡᠯᠡ ᠤᠷᠤᠭᠤᠯᠤᠨ ᠬᠦᠭᠵᠢᠭᠦᠯᠬᠦ ᠭᠤᠤᠯᠳᠠᠯᠭ᠎ᠠ ᠪᠠᠨ ᠪᠤᠯᠭᠠᠵᠦ᠂ ᠨᠡᠭᠦᠷᠡᠰᠦ ᠬᠢᠮᠢ ᠶᠢᠨ ᠠᠵᠦ ᠦᠢᠯᠡᠳᠪᠤᠷᠢ ᠪᠤᠯᠤᠨ ᠴᠠᠬᠢᠯᠭᠠᠨ ᠭᠠᠷᠭᠠᠬᠤ᠂ ᠨᠡᠭᠦᠷᠡᠰᠦ ᠭᠠᠷᠭᠠᠬᠤ ᠵᠡᠷᠭᠡ ᠬᠦᠷᠢᠶ᠎ᠠ ᠬᠡᠪᠴᠢᠶᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠲᠦᠷᠭᠡᠨ ᠠᠬᠢᠭᠤᠯᠵᠦ᠂ ᠥᠪᠤᠷ ᠮᠤᠩᠭᠤᠯ ᠤᠨ ᠠᠵᠦ ᠠᠬᠤᠢ ᠨᠡᠶᠢᠭᠡᠮ ᠤᠨ ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠬᠦᠯᠦᠨ᠎ᠡ ᠬᠡᠵᠠᠢ᠃      ᠥᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠵᠠᠩ ᠶᠤᠸᠠᠨ ᠵᠦᠩ᠂ ᠸᠠᠩ ᠪᠦᠸᠧ ᠠᠭᠤᠯᠵᠠᠯᠲᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号