ᠷᠧᠨ ᠶᠠ ᠫᠢᠩ᠄ ᠠᠮᠢ ᠠᠬᠤᠢ ᠶᠢᠨ ᠠᠩᠬ᠎ᠠ ᠠᠯᠬᠤᠮ ᠤᠨ ᠰᠠᠶᠢᠵᠢᠷᠠᠯᠳᠠ ᠶᠢ ᠪᠦᠬᠦ ᠲᠠᠯ᠎ᠡ ᠪᠠᠷ ᠰᠠᠶᠢᠵᠢᠷᠠᠯᠳᠠ ᠲᠠᠢ ᠪᠤᠯᠭᠠᠨ ᠲᠤᠬᠲᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2016/10/14
     10 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠎ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠦᠬᠡᠬᠤᠲᠠ ᠳᠤ ᠲᠠᠬᠦᠰᠪᠠ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠬᠡᠨ ᠵᠠᠰᠠᠬᠤ ᠤᠷᠤᠨ ᠎ ᠤ ᠳᠡᠳ᠋ ᠲᠡᠷᠢᠬᠦᠯᠡᠭᠴᠢ ᠹᠦ᠋ ᠲᠠᠢ ᠽᠸᠡᠭ ᠲᠠᠬᠦᠰᠬᠦ ᠬᠤᠷᠠᠯ ᠳᠤ ᠤᠷᠤᠯᠴᠠᠵᠦ ᠶᠠᠷᠢᠶ᠎ᠠ ᠲᠠᠯᠪᠢᠪᠠ᠃      ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠳ᠋ᠦᠩ ᠡᠾᠧᠩ ᠢᠥᠢ ᠬᠤᠷᠠᠯ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠵᠧᠩ ᠹᠦ᠋ ᠲᠢᠶᠠᠨ᠂ ᠴᠠᠩ ᠬᠠᠢ᠂ ᠯᠢᠶᠠᠩ ᠲᠢᠶᠧ ᠴᠧᠩ᠂ ᠯᠦᠸᠧ ᡁᠢ ᠬᠤ᠋ ᠬᠤᠷᠠᠯ ᠳᠤ ᠤᠷᠤᠯᠴᠠᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠤᠤᠯ ᠤᠨ ᠳᠡᠳ᠋ ᠺᠤᠮᠢᠰᠰᠠᠷ ᠵᠠᠩ ᠶᠢᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ ᠯᠢᠤ ᠪᠢᠨ ᠬᠤᠷᠠᠯ ᠳᠤ ᠤᠷᠤᠯᠴᠠᠵᠠᠢ᠃      ᠬᠤᠷᠠᠯ ᠳᠤ ᠤᠯᠤᠰ ᠲᠦᠷᠦ ᠶᠢᠨ ᠵᠦᠪᠯᠡᠯᠬᠡᠨ ᠤ ᠠᠵᠢᠯᠳᠠᠨ ᠢ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠬᠢᠨᠡᠨ ᠵᠦᠪᠯᠡᠨ ᠪᠠᠲᠤᠯᠠᠵᠠᠢ᠃ ᠬᠤᠷᠠᠯ ᠲᠠᠬᠡᠷ᠎ᠠ ᠳᠤᠮᠳᠠᠳᠦ ᠤᠯᠤᠰ ᠎ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ᠂ ᠬᠠᠮᠢᠶ᠎ᠠ ᠪᠦᠬᠦᠢ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠲᠠᠨ ᠨᠦᠬᠦᠳ ᠮᠠᠨ ᠤ ᠤᠷᠤᠨ ᠤ ᠪᠤᠬᠢᠷᠳᠤᠯ ᠦᠭᠡᠢ ᠬᠦᠭᠵᠢᠯᠲᠡ ᠶᠢᠨ ᠭᠤᠤᠯ ᠰᠡᠳᠦᠪ ᠤᠨ ᠲᠤᠭᠤᠷᠢᠨ ᠳᠤ ᠦᠭᠡ ᠭᠡᠯᠡᠪᠠ᠃      ᠤᠯᠠᠨ ᠤ ᠭᠡᠯᠡᠬᠦ ᠶᠢ ᠰᠤᠨᠤᠰᠤᠬᠰᠠᠨ ᠤ ᠳᠠᠷᠠᠭ᠎ᠠ ᠷᠧᠨ ᠶᠠ ᠫᠢᠩ ᠵᠢᠭᠠᠵᠦ ᠭᠠᠷᠭᠠᠬᠰᠠᠨ ᠨᠢ᠂ ᠲᠤᠰᠬᠠᠢ ᠰᠡᠳᠦᠪ ᠢᠶᠠᠷ ᠵᠦᠪᠯᠡᠬᠦ ᠠᠵᠢᠯᠯᠠᠭ᠎ᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠳᠡᠭᠡᠳᠦ ᠬᠡᠮᠵᠢᠶᠡᠨ ᠤ ᠬᠦᠨᠳᠦᠳᠭᠡᠯ ᠢ ᠤᠯᠵᠤ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠳᠡᠳ᠋ ᠲᠡᠷᠢᠬᠦᠯᠡᠭᠴᠢ ᠤᠷᠢᠳ ᠬᠤᠵᠢᠳ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠬᠤᠷᠠᠯ ᠳᠤ ᠤᠷᠤᠯᠴᠠᠬᠰᠠᠳ ᠯᠤᠭ᠎ᠠ ᠬᠠᠮᠲᠤᠪᠡᠷ ᠵᠦᠪᠯᠡᠯᠭᠡ ᠬᠢᠵᠤ ᠲᠦᠷᠦ ᠶᠢᠨ ᠶᠠᠪᠤᠳᠠᠯ ᠢ ᠵᠦᠪᠯᠡᠪᠡ᠃ ᠪᠤᠬᠢᠷᠳᠤᠯ ᠦᠬᠡᠢ ᠬᠦᠭᠵᠢᠯᠲᠡ ᠪᠤᠯ ᠪᠦᠬᠦ ᠤᠷᠤᠨ ᠤ ᠠᠵᠢᠯ ᠤᠨ ᠲᠤᠮᠤ ᠰᠡᠳᠦᠪ᠂ ᠴᠢᠬᠤᠯᠠ ᠰᠡᠳᠦᠪ ᠪᠤᠯᠬᠤ ᠪᠦᠭᠡᠳ ᠬᠦᠴᠢᠷ ᠰᠡᠳᠦᠪ ᠪᠤᠯᠤᠨ᠎ᠠ᠃ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠤᠯᠤᠨ ᠪᠤᠬᠢᠷᠳᠤᠯ ᠦᠬᠡᠢ ᠬᠦᠭᠵᠢᠯᠲᠡ ᠨᠢ ᠪᠦᠬᠦ ᠲᠠᠯ᠎ᠠ ᠪᠠ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠬᠳᠠᠵᠤ ᠪᠠᠶᠢᠳᠠᠭ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠡᠯᠪᠡᠷᠢ ᠪᠠᠷ ᠳᠠᠮᠵᠢᠭᠤᠯᠤᠨ ᠲᠤᠰᠬᠠᠢ ᠰᠡᠳᠦᠪ ᠢᠶᠠᠷ ᠵᠦᠪᠯᠡᠵᠤ᠂ ᠤᠨᠢᠨ ᠲᠡᠭᠡᠷ᠎ᠠ ᠨᠢ ᠠᠷᠭ᠎ᠠ ᠤᠬᠠᠭᠠᠨ ᠭᠠᠷᠭᠠᠨ ᠠᠷᠭ᠎ᠠ ᠪᠤᠳᠤᠯᠭ᠎ᠠ ᠳᠡᠪᠰᠢᠬᠦᠯᠵᠦ᠂ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠳᠤ ᠵᠠᠩᠭᠢᠯᠠᠭ᠎ᠠ ᠶᠢ ᠨᠢ ᠠᠳᠬᠤᠵᠦ ᠴᠢᠳᠠᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠬᠤᠷᠠᠯ ᠤᠨ ᠪᠡᠯᠡᠳᠭᠡᠯ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠬᠦᠨᠵᠡᠬᠡᠢ ᠪᠠᠶᠢᠴᠠᠭᠠᠨ ᠰᠤᠳᠤᠯᠤᠯᠲᠠ ᠬᠢᠵᠤ᠂ ᠤᠯᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠤᠨᠤᠰᠴᠠᠢ᠃ ᠬᠤᠷᠠᠯ ᠤᠨ ᠬᠤᠭᠤᠴᠠᠭᠠᠨ ᠳᠤ ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠶᠠᠷ ᠲᠤᠰᠬᠠᠢ ᠮᠡᠷᠭᠡᠵᠢᠯᠲᠡᠨ ᠬᠦᠨ ᠬᠦᠨᠵᠡᠬᠡᠢ ᠲᠠᠶᠢᠯᠪᠤᠷᠢᠯᠠᠯᠲᠠ ᠬᠢᠵᠦ ᠂ ᠭᠡᠰᠢᠬᠦᠳ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠠᠷᠭ᠎ᠠ ᠪᠤᠳᠤᠯᠭ᠎ᠠ ᠪᠠᠨ ᠳᠡᠪᠰᠢᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠷᠢᠯᠴᠠᠨ ᠪᠤᠳᠤᠯ ᠰᠠᠨᠠᠯ ᠢᠶᠠᠨ ᠰᠤᠯᠢᠯᠴᠠᠨ᠂ ᠬᠤᠷᠠᠯ ᠲᠡᠭᠡᠷᠡᠬᠢ ᠰᠤᠳᠤᠯᠤᠨ ᠶᠠᠷᠢᠯᠴᠠᠭ᠎ᠠ ᠶᠢ ᠨᠠᠩ ᠬᠦᠨᠵᠡᠬᠡᠶᠢᠷᠡᠬᠦᠯᠤᠨ ᠰᠡᠳᠬᠢᠬᠦᠢ ᠶᠢ ᠨᠡᠩ ᠦᠷᠭᠡᠵᠢᠬᠦᠯᠵᠤ᠂ ᠲᠦᠷᠦ ᠶᠢᠨ ᠶᠠᠪᠤᠳᠠᠯ ᠢ ᠵᠦᠪᠯᠡᠬᠦ ᠠᠵᠢᠯ ᠢ ᠨᠠᠩ ᠡᠯᠪᠡᠭ ᠲᠠᠯᠪᠡᠭ ᠠᠮᠵᠢᠯᠳᠠ ᠲᠠᠢ ᠪᠤᠯᠭᠠᠪᠠ ᠭᠡᠪᠠ᠃      ᠷᠧᠨ ᠶᠠ ᠫᠢᠩ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠡ ᠪᠠᠷ ᠤᠯᠤᠬᠰᠠᠨ ᠠᠮᠵᠢᠯᠲᠠ ᠶᠢ ᠤᠯᠠᠨ ᠢᠶᠠᠷ ᠢᠶᠠᠨ ᠮᠡᠳᠡᠷᠡᠵᠤ ᠪᠠᠶᠢᠭ᠎ᠠ ᠶᠤᠮ᠃ ᠠᠮᠢ ᠠᠬᠤᠢ ᠶᠢᠨ ᠤᠷᠴᠢᠨ ᠲᠤᠭᠤᠷᠢᠨ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ︽ᠪᠦᠬᠦᠯᠢ ᠴᠤᠬᠴᠠ ᠪᠠᠷ ᠬᠢᠵᠠᠭᠠᠷᠯᠠᠨ ᠬᠡᠰᠡᠭ ᠲᠠᠯ᠎ᠠ ᠪᠠᠷ ᠰᠠᠶᠢᠵᠢᠷᠠᠪᠠ︾᠃ ᠡᠨᠡ ᠨᠢ ᠭᠤᠤᠯᠳᠠᠭᠤ ᠳᠤᠤᠷᠠᠬᠢ ᠭᠡᠳᠦᠨ ᠲᠠᠯ᠎ᠡ ᠪᠠᠷ ᠢᠯᠡᠷᠡᠵᠦ ᠪᠤᠢ᠃ ᠪᠤᠬᠢᠷᠳᠤᠯ ᠦᠬᠡᠢ ᠬᠦᠭᠵᠢᠯᠲᠡ ᠶᠢᠨ ᠦᠵᠡᠯᠲᠡ ᠶᠢ ᠪᠤᠢ ᠪᠤᠯᠭᠠᠬᠤ ᠲᠠᠯ᠎ᠡ ᠪᠠᠷ᠂ ᠤᠬᠠᠮᠰᠠᠷ ᠦᠭᠡᠢ ᠪᠠᠶᠢᠬᠰᠠᠨ ᠠᠴᠠ ᠪᠠᠨ ᠤᠬᠠᠮᠰᠠᠷ ᠲᠠᠢ ᠪᠤᠯᠵᠠᠢ︔ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ ᠲᠠᠯ᠎ᠡ ᠪᠠᠷ᠂ ᠢᠳᠡᠪᠬᠢ ᠪᠤᠰᠤ ᠪᠠᠷ ᠰᠡᠷᠭᠡᠶᠢᠯᠡᠨ ᠬᠤᠷᠢᠬᠯᠠᠵᠤ ᠪᠠᠶᠢᠭᠰᠠᠨ ᠠᠴᠠ ᠪᠠᠨ ᠢᠳᠡᠪᠬᠢᠳᠠᠢ ᠪᠠᠷ ᠵᠠᠰᠠᠬᠤ ᠪᠤᠯᠵᠠᠢ︔ ᠠᠮᠢ ᠠᠬᠤᠢ ᠶᠢ ᠵᠠᠰᠠᠬᠤ ᠪᠡᠯᠡ ᠤᠷᠤᠭᠤᠯᠤᠯᠲᠠ ᠶᠢᠨ ᠲᠠᠯ᠎ᠠ ᠪᠠᠷ᠂ ᠨᠡᠯᠢᠶᠡᠳ ᠪᠠᠭ᠎ᠠ ᠪᠡᠯᠡ ᠤᠷᠤᠭᠤᠯᠵᠤ ᠪᠠᠶᠢᠭᠰᠠᠨ ᠠᠴᠠ ᠪᠠᠨ ᠨᠡᠯᠢᠶᠡᠳ ᠶᠡᠭᠡ ᠪᠡᠯᠡ ᠤᠷᠤᠭᠤᠯᠬᠤ ᠪᠤᠯᠵᠠᠢ᠃ ᠬᠡᠪᠡᠴᠦ ᠡᠳᠡᠭᠡᠷ ᠨᠢ ᠮᠦᠨᠬᠦ ᠲᠤᠭᠲᠠᠭᠤᠨ ᠪᠤᠰᠤ ᠪᠠᠶᠢᠵᠤ᠂ ᠠᠩᠬ᠎ᠠ ᠠᠯᠬᠤᠮ ᠤᠨ ᠱᠠᠲᠦᠨ ᠳᠠᠭᠠᠨ ᠪᠠᠶᠢᠬᠰᠠᠭᠠᠷ ᠪᠤᠯᠬᠤᠷ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠠᠮᠢ ᠠᠬᠤᠢ ᠎ ᠶᠢᠨ ᠠᠩᠬ᠎ᠠ ᠠᠯᠬᠤᠮ ᠤᠨ ᠰᠠᠶᠢᠵᠢᠷᠠᠯᠳᠠ ᠶᠢ ᠪᠦᠬᠦ ᠲᠠᠯ᠎ᠠ ᠪᠠᠷ ᠰᠠᠶᠢᠵᠢᠷᠠᠯᠳᠠ ᠲᠠᠢ ᠪᠤᠯᠭᠠᠨ ᠲᠤᠬᠲᠠᠪᠤᠷᠢᠵᠢᠭᠤᠯᠬᠤ ᠭᠡᠷᠡᠭᠳᠡᠢ ᠭᠡᠪᠠ᠃      ᠷᠧᠨ ᠶᠠ ᠫᠢᠩ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠬᠦᠭᠵᠢᠯᠳᠠ ᠶᠢᠨ ᠪᠠᠶᠢᠷᠢ ᠲᠤᠬᠲᠠᠭᠠᠯᠲᠠ ᠳᠤᠮᠳᠠᠬᠢ ᠠᠮᠢ ᠠᠬᠤᠢ ᠶᠢᠨ ᠬᠠᠯᠬᠠᠪᠴᠢ ᠪᠤᠯᠤᠨ ᠴᠡᠪᠡᠷ ᠡᠨᠧᠷᠬᠢ ᠶᠢᠨ ᠰᠠᠭᠤᠷᠢᠨ ᠤ ᠬᠠᠷᠢᠴᠠᠭ᠎ᠠ ᠶᠢ ᠵᠦᠪ ᠤᠨᠤᠪᠴᠢᠲᠠᠢ ᠰᠢᠢᠳᠪᠦᠷᠢᠯᠡᠬᠦ ᠬᠡᠷᠡᠭᠲᠡᠢ᠃ ᠤᠢᠢᠷ᠎ᠠ ᠶᠢᠨ ᠵᠢᠯ ᠠᠴᠠ ᠨᠠᠰᠢ᠂ ᠮᠠᠨ ᠤ ᠤᠷᠤᠨ ᠪᠤᠬᠢᠷᠳᠤᠯ ᠦᠬᠡᠢ ᠬᠦᠭᠵᠢᠯᠳᠡ ᠪᠤᠯᠤᠨ ᠤᠨᠴᠠᠯᠢᠬᠲᠦ ᠲᠦᠷᠦᠯ ᠳᠡᠮᠳᠡᠭ ᠢ ᠢᠮᠠᠬᠳᠠ ᠪᠠᠷᠢᠮᠳᠠᠯᠠᠵᠦ᠂ ᠡᠬᠡ ᠤᠷᠤᠨ ᠤ ᠤᠮᠠᠷᠠᠲᠦ ᠎ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠴᠢᠷᠮᠠᠶᠢᠨ ᠪᠦᠳᠤᠭᠡᠨ ᠪᠠᠶᠢᠭᠤᠯᠵᠦ᠂ ᠴᠡᠪᠡᠷ ᠡᠨᠧᠷᠬᠢ ᠶᠢᠨ ᠰᠠᠭᠤᠷᠢᠨ ᠢ ᠶᠡᠭᠡᠪᠠᠷ ᠪᠦᠲᠦᠭᠡᠨ ᠪᠠᠶᠢᠭᠤᠯᠵᠠᠢ᠃ ᠡᠨᠡ ᠬᠤᠶᠠᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠳᠤ ᠪᠤᠬᠢᠷᠳᠤᠯ ᠦᠭᠡᠢ ᠪᠠᠷ ᠲᠦᠰᠢᠭ ᠪᠤᠯᠭᠠᠨ ᠬᠦᠭᠵᠢᠯᠲᠡ ᠪᠠᠷ ᠬᠠᠷᠠᠯᠲᠠ ᠪᠤᠯᠭᠠᠵᠦ᠂ ᠪᠤᠬᠢᠷᠳᠤᠯ ᠦᠭᠡᠢ ᠶᠢᠨ ᠰᠠᠭᠤᠷᠢᠨ ᠳᠡᠭᠡᠷ᠎ᠡ ᠬᠦᠭᠵᠢᠯᠲᠡ ᠶᠢ ᠡᠷᠢᠯᠬᠢᠯᠡᠨ᠂ ᠬᠦᠭᠵᠢᠯᠲᠡ ᠶᠢᠨ ᠶᠠᠪᠤᠴᠠ ᠳᠤᠮᠳᠠ ᠪᠤᠬᠢᠷᠳᠤᠯ ᠦᠭᠡᠢ ᠶᠢ ᠬᠠᠮᠠᠭᠠᠯᠠᠵᠦ᠂ ᠤᠯᠠᠮᠵᠢᠯᠠᠯᠲᠦ ᠦᠢᠯᠡᠳᠪᠦᠷᠢᠯᠡᠯ ᠤᠨ ᠪᠤᠬᠢᠷᠳᠤᠯ ᠦᠬᠡᠢ ᠪᠠ ᠪᠤᠬᠢᠷᠳᠤᠯ ᠦᠬᠡᠢ ᠦᠢᠯᠡᠳᠪᠦᠷᠢᠯᠡᠯ ᠢ ᠬᠡᠪᠴᠢᠶᠡᠵᠢᠬᠦᠯᠬᠦ ᠶᠢ ᠠᠬᠢᠭᠤᠯᠵᠦ᠂ ᠠᠵᠦ ᠦᠢᠯᠡᠰ ᠤᠨ ᠪᠠᠶᠢᠷᠢᠯᠠᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢ ᠪᠡᠶᠡᠯᠡᠬᠦᠯᠬᠦ ᠬᠡᠷᠡᠭᠲᠡᠢ᠃ ᠴᠡᠪᠡᠷ ᠡᠨᠧᠷᠬᠢ ᠶᠢᠨ ᠰᠠᠭᠤᠷᠢᠨ ᠪᠤᠯᠤᠨ ᠠᠮᠢ ᠠᠬᠤᠢ ᠶᠢᠨ ᠬᠠᠯᠬᠠᠪᠴᠢ ᠶᠢ ᠬᠠᠷᠢᠯᠴᠠᠨ ᠤᠶᠠᠯᠳᠤᠭᠤᠯᠤᠨ ᠬᠠᠷᠢᠯᠴᠠᠨ ᠠᠬᠢᠭᠤᠯᠵᠤ᠂ ᠬᠠᠷᠢᠯᠴᠠᠨ ᠬᠤᠯᠪᠤᠭᠳᠠᠭᠤᠯᠤᠨ ᠬᠠᠷᠢᠯᠴᠠᠨ ᠨᠦᠬᠦᠴᠡᠯᠳᠤᠬᠦᠯᠵᠤ᠂ ᠦᠪᠡᠷᠲᠡᠭᠡᠨ ᠵᠠᠰᠠᠬᠤ ᠤᠷᠤᠨ ᠤ ᠪᠤᠬᠢᠷᠳᠦᠯ ᠦᠬᠡᠢ ᠬᠦᠭᠵᠢᠯᠳᠠ ᠶᠢᠨ ᠬᠤᠶᠠᠷ ᠶᠡᠭᠡ ᠬᠦᠳᠡᠯᠭᠡᠬᠦᠷ ᠪᠤᠯᠭᠠᠬᠤ ᠭᠡᠷᠡᠭᠳᠡᠢ᠃ ᠪᠦᠬᠦ ᠤᠷᠤᠨ ᠤ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠬᠡᠨ ᠪᠤᠯᠤᠨ ᠤᠯᠤᠰ ᠲᠦᠷᠦ ᠶᠢᠨ ᠵᠦᠪᠯᠡᠯᠬᠡᠨ ᠤ ᠭᠡᠰᠢᠬᠦᠳ ᠢᠳᠡᠪᠬᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠠᠷᠭ᠎ᠠ ᠤᠬᠠᠭᠠᠨ ᠢᠶᠠᠨ ᠳᠡᠪᠰᠢᠬᠦᠯᠤᠨ ᠬᠦᠴᠦᠨ ᠴᠢᠳᠠᠯ ᠢᠶᠠᠨ ᠨᠡᠮᠡᠷᠢᠯᠡᠵᠦ᠂ ᠡᠬᠡ ᠤᠯᠤᠰ ᠤᠨ ᠤᠮᠠᠷᠠᠲᠦ ᠶᠢᠨ ᠦᠵᠡᠮᠵᠢ ᠎ ᠶᠢᠨ ᠤᠷᠤᠨ ᠢᠶᠠᠨ  ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠳᠤᠭᠡᠨ ᠪᠠᠶᠢᠭᠤᠯᠬᠤ ᠬᠡᠷᠡᠭᠲᠡᠢ ᠭᠡᠪᠠ᠃      ᠹᠦ᠋ ᠲᠠᠢ ᠽᠧᠩ ᠵᠢᠭᠠᠵᠦ ᠭᠠᠷᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠤᠬᠢᠷᠳᠦᠯ ᠦᠬᠡᠢ ᠬᠦᠭᠵᠢᠯᠲᠡ ᠶᠢ ᠠᠬᠢᠭᠤᠯᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠨᠤᠭᠤᠳ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠪᠤᠬᠢᠷᠳᠤᠯ ᠦᠬᠡᠢ ᠬᠦᠭᠵᠢᠯᠲᠡ ᠶᠢᠨ ᠣᠨᠣᠯᠵᠢᠬᠤᠨ ᠢ ᠬᠦᠮᠦᠰ ᠤᠨ ᠰᠡᠳᠬᠢᠯ ᠳᠤ ᠬᠠᠳᠠᠩᠰᠢᠭᠤᠯᠵᠦ᠂ ᠪᠤᠬᠢᠷᠳᠤᠯ ᠦᠬᠡᠢ ᠬᠦᠭᠵᠢᠯᠲᠡ ᠶᠢ ᠠᠬᠢᠭᠤᠯᠬᠤ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠮᠵᠢ ᠤᠯᠪᠠ᠃ ᠬᠡᠪᠡᠴᠦ ᠮᠠᠨ ᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠮᠦᠨᠬᠦ ᠮᠠᠰᠢ ᠬᠡᠪᠡᠷᠡᠭ ᠪᠠᠶᠢᠵᠦ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠬᠦᠷᠭᠡ ᠬᠠᠳᠠᠭᠤ ᠪᠡᠷᠭᠡᠰᠢᠶᠠᠯᠳᠠᠢ ᠪᠠᠶᠢᠬᠰᠠᠭᠠᠷ᠃ ᠤᠳᠤᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠠᠨ ᠤ ᠤᠷᠤᠨ ᠤ ᠪᠤᠬᠢᠷᠳᠤᠯ ᠦᠬᠡᠢ ᠬᠦᠭᠵᠢᠯᠲᠡ ᠶᠢ ᠠᠬᠢᠭᠤᠯᠬᠤ ᠳᠤ ᠵᠠᠪᠠᠯ ᠡᠬᠢ ᠪᠠᠶᠠᠯᠢᠭ ᠤᠨ ᠬᠤᠷᠤᠭᠳᠠᠭᠤᠯᠤᠯ ᠤᠨ ᠬᠢᠵᠠᠭᠠᠷᠯᠠᠯ ᠢ ᠲᠤᠭᠲᠠᠭᠠᠵᠦ᠂ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠬᠤᠷᠢᠭ᠎ᠠ ᠱᠤᠭᠤᠮ ᠢ ᠴᠢᠩᠳᠠᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠲᠤᠭᠲᠠᠭᠠᠬᠤ ᠬᠡᠷᠡᠭᠲᠡᠢ᠃ ᠲᠤᠰ ᠤᠳᠠᠭ᠎ᠠ ᠶᠢᠨ ᠲᠤᠰᠬᠠᠢ ᠰᠡᠳᠦᠪᠳᠤ ᠵᠦᠪᠯᠡᠬᠦ ᠬᠤᠷᠠᠯ ᠳᠤ ᠳᠤᠷᠠᠳᠤᠬᠰᠠᠨ ᠮᠠᠰᠢ ᠤᠯᠠᠨ ᠦᠨ᠎ᠡ ᠦᠷᠳᠡᠭ ᠪᠦᠬᠦᠢ ᠰᠠᠨᠠᠯ ᠰᠠᠨᠠᠭᠤᠯᠭ᠎ᠠ ᠶᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠠᠷᠢᠨ ᠬᠢᠨᠠᠮᠠᠭᠠᠢ ᠰᠤᠳᠤᠯᠤᠨ ᠰᠢᠩᠭᠡᠭᠡᠨ ᠠᠪᠴᠦ᠂ ᠮᠠᠨ ᠤ ᠤᠷᠤᠨ ᠤ ᠪᠤᠬᠢᠷᠳᠦᠯ ᠦᠬᠡᠢ ᠬᠦᠭᠵᠢᠯᠲᠡ ᠶᠢ ᠠᠬᠢᠭᠤᠯᠬᠤ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠎ ᠶᠢᠨ ᠵᠦᠪ ᠤᠨᠤᠪᠴᠢᠲᠡᠢ ᠤᠳᠤᠷᠢᠳᠤᠯᠭ᠎ᠠ ᠳᠤᠤᠷ᠎ᠠ᠂ ᠪᠦᠬᠦ ᠤᠷᠤᠨ ᠤ ᠡᠯ᠎ᠠ ᠱᠠᠳᠤᠨ ᠤ ᠬᠠᠮᠳᠦ ᠶᠢᠨ ᠴᠢᠷᠮᠠᠶᠢᠯᠭ᠎ᠠ ᠪᠠᠷ ᠳᠠᠮᠵᠢᠨ ᠦᠪᠦᠷ ᠮᠤᠩᠭᠤᠯ ᠤᠨ ︽ᠦᠵᠡᠰᠬᠦᠯᠡᠩᠲᠦ ᠰᠠᠶᠢᠬᠠᠨ ᠬᠢᠭᠡᠳ ᠦᠷᠨᠢᠩᠬᠦᠢ ᠬᠦᠭᠵᠢᠯᠲᠡ ᠎ ᠶᠢᠨ ᠬᠤᠤᠰ ᠠᠮᠵᠢᠯᠳᠠ︾᠎ ᠶᠢᠨ ᠬᠠᠷᠠᠯᠲᠠ ᠶᠢ ᠯᠠᠪᠲᠠᠢ ᠪᠡᠶᠡᠯᠡᠬᠦᠯᠵᠦ ᠴᠢᠳᠠᠨ᠎ᠠ ᠭᠡᠳᠡᠭ ᠲᠤ ᠪᠠᠳᠤ ᠢᠳᠡᠭᠡᠯ ᠲᠠᠢ ᠪᠠᠶᠢᠨ᠎ᠠ ᠭᠡᠵᠡᠢ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠠᠳ ᠮᠠᠨ ᠤ ᠤᠷᠤᠨ ᠤ ᠪᠤᠬᠢᠷᠳᠤᠯ ᠦᠬᠡᠢ ᠬᠦᠭᠵᠢᠯᠲᠡ ᠶᠢᠨ ᠠᠰᠠᠭᠤᠳᠠᠯ ᠪᠤᠯᠤᠨ ᠤᠯᠤᠰ ᠲᠦᠷᠦ ᠶᠢᠨ ᠵᠦᠪᠯᠡᠯᠬᠡᠨ ᠤ ᠠᠵᠢᠯᠳᠠᠨ ᠢ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠤᠨ ᠲᠤᠭᠤᠷᠢᠨ ᠳᠤ ᠳᠤᠭᠤᠢᠢᠯᠠᠩ ᠬᠤᠪᠢᠶᠠᠨ ᠶᠠᠷᠢᠯᠴᠠᠵᠤ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ 57 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠢ ᠬᠤᠷᠠᠯᠳᠤᠭᠤᠯᠵᠦ᠂ ᠳᠤᠭᠤᠢᠢᠯᠠᠩ ᠬᠤᠪᠢᠶᠠᠨ ᠶᠠᠷᠢᠯᠴᠠᠬᠰᠠᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠠᠢ᠃      ᠬᠦᠬᠡᠬᠤᠲᠠ ᠳᠤ ᠰᠠᠭᠤᠭ᠎ᠠ ᠭᠡᠰᠡᠭ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠦᠬᠦᠳ᠂ ᠡᠯ᠎ᠡ ᠠᠶᠢᠮᠠᠭ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ︽ᠭᠤᠷᠪᠠᠨ ᠴᠦᠭᠡᠨ ᠲᠤᠭᠠᠲᠦ︾ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号