| | 10 ᠳ᠋ᠤᠭᠠᠷ ᠰᠠᠷ᠎ᠠ ᠶᠢᠨ 14 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ | ᠯᠢ ᠵᠢᠢ ᠡᡁᠧᠩ ᠬᠦᠬᠡᠬᠤᠳᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠪᠦᠬᠦ | ᠤᠯᠤᠰ ᠤᠨ ᠲᠠᠷᠢᠶᠠᠯᠠᠩ ᠤᠨ ᠨᠠᠶᠢᠳᠡᠮ ᠪᠠᠶᠢᠴᠠᠭᠠᠯᠳᠠ ᠶᠢᠨ ᠠᠵᠢᠯ ᠤᠨ ᠰᠢᠮᠳᠠᠭᠤᠯᠤᠨ ᠪᠠᠶᠢᠴᠠᠭᠠᠬᠤ | ᠲᠤᠭᠤᠢᠢᠯᠠᠩ ᠤᠨ ᠳᠠᠷᠤᠭ᠎ᠠ ᠲᠢᠶᠠᠨ ᠰᠢᠤᠸᠠᠢ ᠪᠢᠨ ᠨᠠᠷ ᠲᠠᠢ ᠠᠭᠤᠯᠵᠠᠪᠠ᠃ | 10 ᠳ᠋ᠤᠭᠠᠷ ᠰᠠᠷ᠎ᠠ ᠶᠢᠨ 14 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ | ᠯᠢ ᠵᠢᠢ ᠡᡁᠧᠩ ᠬᠦᠬᠡᠬᠤᠳᠠ ᠳᠤ ᠤᠰᠤᠨ ᠠᠰᠢᠭᠯᠠᠯᠲᠠ ᠶᠢᠨ ᠶᠠᠮᠤᠨ ᠤ ᠳᠡᠳ᠋ ᠳᠠᠷᠤᠭ᠎ᠠ ᠲᠢᠶᠠᠨ ᠰᠢᠤᠸᠠᠢ ᠪᠢᠨ ᠢᠶᠠᠷ | ᠳᠤᠭᠤᠶᠢᠯᠠᠩ ᠤᠨ ᠳᠠᠷᠤᠭ᠎ᠠ ᠪᠤᠯᠭᠠᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ | ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ | ᠬᠢᠨ ᠲᠠᠢ ᠠᠭᠤᠯᠵᠠᠪᠠ᠃ | ᠯᠢ ᠵᠢᠢ ᠡᡁᠧᠩ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠦᠪᠤᠷ ᠮᠤᠩᠭᠤᠯ ᠳᠤ ᠢᠷᠡᠵᠥ | ᠰᠢᠮᠳᠠᠭᠤᠯᠤᠨ ᠪᠠᠶᠢᠴᠠᠭᠠᠬᠤ ᠠᠵᠢᠯ ᠦᠷᠨᠢᠬᠦᠯᠵᠥ ᠪᠠᠶᠢᠬᠤ ᠶᠢ ᠤᠬᠳᠤᠵᠥ ᠪᠠᠶᠢᠬᠤ ᠪᠠᠨ ᠢᠯᠡᠳᠬᠡᠭᠰᠡᠡ ᠪᠦᠭᠡᠳ | ᠦᠪᠡᠷᠳᠡᠭᠡᠨ ᠵᠠᠰᠠᠬᠤ ᠤᠷᠤᠨ ᠤ ᠠᠵᠥ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ | ᠬᠡᠯᠡᠭᠰᠡᠨ ᠨᠢ᠂ ᠦᠪᠤᠷ ᠮᠤᠩᠭᠤᠯ ᠪᠤᠯ ᠮᠠᠯ ᠠᠵᠥ ᠠᠬᠤᠢ ᠶᠢᠨ ᠬᠦᠴᠦᠷᠭᠡᠭ ᠤᠷᠤᠨ ᠪᠦᠬᠡᠳ ᠪᠦᠬᠦ ᠤᠯᠤᠰ ᠤᠨ | ᠠᠮᠤ ᠪᠤᠳᠠᠭᠠᠨ ᠤ ᠭᠠᠷᠭᠠᠯᠳᠠ ᠶᠢᠨ ᠤᠷᠤᠨ ᠪᠠᠶᠢᠵᠤ᠂ ᠤᠢᠢᠷ᠎ᠠ ᠶᠢᠨ ᠵᠢᠯ ᠳᠤ ᠠᠵᠥ ᠠᠬᠤᠢ ᠨᠡᠶᠢᠭᠡᠮ ᠤᠨ | ᠬᠦᠭᠵᠢᠯᠳᠡ ᠲᠤᠩ ᠰᠠᠶᠢᠨ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ | ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ | ᠦᠵᠡᠵᠦ᠂ ᠡᠯ᠎ᠠ ᠭᠠᠵᠠᠷ ᠤᠨ ᠡᠯ᠎ᠠ ᠰᠠᠯᠠᠭ᠎ᠠ ᠮᠦᠴᠢᠷ ᠤᠨ ᠬᠢᠨ ᠮᠠᠯ ᠠᠵᠦ ᠠᠬᠤᠢ ᠳᠠᠷᠢᠶᠠᠯᠠᠩ ᠤᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠭᠤᠤᠯ ᠠᠵᠢᠯ ᠤᠨ ᠬᠦᠷᠢᠶ᠎ᠠ ᠬᠡᠪᠴᠢᠶᠡᠨ ᠳᠡᠭᠡᠨ ᠤᠷᠤᠭᠤᠯᠵᠦ᠂ ᠵᠤᠬᠢᠴᠠᠭᠤᠯᠤᠨ | ᠳᠤᠬᠢᠷᠠᠭᠤᠯᠬᠤ ᠶᠢ ᠴᠢᠩᠭᠠᠳᠬᠠᠵᠦ᠂ ᠴᠤᠬ ᠲᠤᠨᠢ ᠠᠳᠬᠤᠨ ᠬᠠᠮᠳᠤ ᠳᠤᠨᠢ ᠬᠠᠮᠢᠶᠠᠷᠬᠤ ᠶᠢ ᠬᠦᠢᠴᠡᠳᠬᠡᠵᠦ᠂ ᠮᠠᠯ | ᠠᠵᠦ ᠠᠬᠤᠢ ᠳᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠦᠨᠳᠦᠷ ᠪᠠᠷᠢᠮᠵᠢᠶ᠎ᠠ ᠲᠠᠢ ᠴᠢᠨᠠᠷ ᠰᠠᠶᠢᠳᠠᠢ | ᠰᠠᠶᠢᠳᠤᠷ ᠬᠢᠬᠦ ᠶᠢ ᠦᠨᠡᠨᠬᠦ ᠪᠠᠲᠤᠯᠠᠨ᠎ᠠ᠃ ᠤᠳᠤᠬᠠᠨ ᠳᠤ᠂ ᠪᠦᠬᠦ ᠤᠷᠤᠨ ᠤ ᠮᠠᠯ ᠠᠵᠦ ᠠᠬᠤᠢ ᠳᠠᠷᠢᠶᠠᠯᠠᠩ ᠤᠨ | ᠨᠡᠶᠢᠳᠡᠮ ᠪᠠᠶᠢᠴᠠᠭᠠᠯᠳᠠ ᠶᠢᠨ ᠠᠵᠢᠯ ᠶᠠᠬ ᠯᠠᠪᠳᠠᠭᠤᠨ ᠪᠠᠳᠤᠳᠠᠢ ᠡᠮᠬᠢ ᠳᠠᠷᠠᠭ᠎ᠠ ᠲᠠᠢ ᠶᠡᠪᠤᠬᠳᠠᠵᠦ ᠪᠠᠶᠢᠨ᠎ᠠ᠃ ᠪᠢᠳᠡ | ᠲᠤᠰ ᠤᠳᠠᠭ᠎ᠠ ᠶᠢᠨ ᠰᠢᠮᠳᠠᠭᠤᠯᠤᠨ ᠪᠠᠶᠢᠴᠠᠭᠠᠯᠳᠠ ᠪᠠᠷ ᠠᠵᠠ ᠳᠤᠬᠢᠶᠠᠯ ᠪᠤᠯᠭᠠᠨ ᠰᠢᠮᠳᠠᠭᠤᠯᠤᠨ ᠪᠠᠶᠢᠴᠠᠭᠠᠬᠤ | ᠳᠤᠭᠤᠢᠢᠯᠠᠩ ᠤᠨ ᠡᠯ᠎ᠠ ᠳᠦᠷᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠠᠶᠢᠳᠤᠷ ᠨᠠᠶᠢᠳᠠᠪᠤᠷᠢᠵᠢᠭᠤᠯᠵᠦ᠂ | ᠨᠡᠶᠢᠳᠡᠮ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠ ᠤᠬᠠᠭᠤᠯᠤᠨ ᠳᠠᠶᠢᠴᠢᠯᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠳᠤᠮᠳᠠ ᠳᠤᠯᠭᠠᠷᠠᠬᠤ ᠬᠦᠴᠢᠷᠳᠡᠯ ᠪᠤᠯᠤᠨ | ᠠᠰᠠᠭᠤᠳᠠᠯ ᠢ ᠴᠠᠬ ᠳᠤᠬᠠᠢ ᠳᠤᠨᠢ ᠰᠠᠶᠢᠳᠤᠷ ᠰᠢᠢᠳᠪᠤᠷᠢᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ | ᠤᠷᠤᠬᠰᠢᠳᠠᠢ ᠶᠠᠪᠤᠬᠳᠠᠬᠤ ᠳᠤ ᠰᠠᠶᠢᠨ ᠰᠠᠶᠢᠬᠠᠨ ᠨᠦᠭᠦᠴᠡᠯ ᠢ ᠡᠬᠦᠳᠴᠤ᠂ ᠬᠦᠴᠦᠳᠡᠢ ᠪᠠᠳᠤᠯᠠᠭ᠎ᠠ ᠬᠠᠩᠭᠠᠨ᠎ᠠ᠃ | ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠦᠪᠦᠷ ᠮᠤᠩᠭᠤᠯ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠲᠤᠷ | ᠬᠢᠬᠦ ᠳᠤ ᠨᠡᠩ ᠤᠯᠠᠨ ᠵᠢᠯᠤᠭᠤᠳᠤᠯᠭ᠎ᠠ ᠬᠠᠩᠭᠠᠵᠤ᠂ ᠤᠰᠤᠨ ᠠᠰᠢᠬᠯᠠᠯᠳᠠ ᠶᠢᠨ ᠶᠠᠮᠤᠨ ᠠᠴᠠ ᠴᠢᠬᠤᠯᠠ ᠶᠡᠭᠡ | ᠤᠰᠤᠨ ᠠᠰᠢᠬᠯᠠᠯᠳᠠ ᠶᠢᠨ ᠢᠨᠵᠧᠨᠧᠷᠢᠩ᠂ ᠬᠦᠮᠦᠨ ᠮᠠᠯ ᠤᠨ ᠤᠰᠤ ᠤᠮᠳᠠ ᠶᠢᠨ ᠠᠮᠤᠷ ᠳᠦᠪᠰᠢᠨ ᠵᠡᠷᠬᠡ | ᠳᠠᠯ᠎ᠠ ᠪᠠᠷ ᠦᠪᠦᠷ ᠮᠤᠩᠭᠤᠯ ᠳᠤ ᠨᠡᠩ ᠶᠡᠭᠡ ᠳᠡᠮᠵᠢᠯᠬᠡ ᠦᠵᠡᠬᠦᠯᠬᠦ ᠶᠢ ᠬᠦᠰᠡᠵᠦ ᠪᠠᠶᠢᠨ᠎ᠠ ᠬᠡᠪᠡ᠃ | ᠲᠢᠶᠠᠨ ᠰᠢᠤᠸᠠᠢ ᠪᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠴᠠ ᠲᠤᠰ ᠤᠳᠠᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠴᠢᠬᠤᠯᠠᠴᠢᠯᠠᠨ ᠦᠵᠡᠭᠰᠡᠨ | ᠪᠠ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠲᠤᠭᠤᠷᠢᠨ ᠦᠵᠡᠵᠤ ᠪᠠᠶᠢᠴᠠᠭᠠᠨ ᠰᠤᠳᠤᠯᠤᠯᠳᠡ ᠬᠢᠭᠰᠡᠡ | ᠪᠠᠶᠢᠳᠠᠯ ᠲᠠᠢ ᠪᠠᠨ ᠤᠶᠠᠯᠳᠤᠭᠤᠯᠤᠨ ᠦᠪᠦᠷ ᠮᠤᠩᠭᠤᠯ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠡᠮᠤᠨᠡᠬᠢ | ᠬᠤᠭᠤᠴᠠᠭᠠᠨ ᠤ ᠠᠵᠢᠯ ᠢ ᠭᠦᠢᠴᠡᠳ ᠨᠤᠳᠠᠯᠠᠵᠠᠢ᠃ ᠲᠡᠷᠡ ᠬᠡᠯᠡᠭᠰᠡᠨ ᠨᠢ᠂ ᠦᠪᠦᠷ ᠮᠤᠩᠭᠤᠯ ᠲᠠᠷᠢᠶᠠᠯᠠᠩ ᠤᠨ | ᠨᠡᠶᠢᠳᠡᠮ ᠪᠠᠶᠢᠴᠠᠭᠠᠯᠳᠠ ᠶᠢᠨ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠨᠡᠶᠢᠳᠡᠮ ᠪᠠᠶᠢᠴᠠᠭᠠᠬᠤ | ᠪᠠᠶᠢᠭᠤᠯᠤᠮᠵᠢ ᠶᠢᠨ ᠵᠤᠬᠢᠶᠠᠨ ᠪᠠᠶᠢᠭᠤᠯᠤᠯᠲᠠ᠂ ᠠᠵᠢᠯᠳᠠᠨ ᠤ ᠲᠤᠬᠢᠷᠠᠭᠤᠯᠤᠯᠲᠠ᠂ ᠵᠠᠷᠤᠳᠠᠯ ᠡᠳ᠋ ᠪᠤᠳᠠᠰ ᠤᠨ | ᠪᠠᠲᠤᠯᠠᠭ᠎ᠠ ᠵᠡᠷᠭᠡ ᠲᠠᠯ᠎ᠠ ᠪᠠᠷ ᠬᠦᠴᠦᠳᠠᠢ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠪᠡᠯᠡᠳᠭᠡᠯ ᠠᠵᠢᠯ ᠢᠶᠠᠨ ᠡᠮᠬᠢ | ᠵᠢᠷᠤᠮ ᠲᠠᠢ ᠦᠷᠨᠢᠭᠦᠯᠵᠦ᠂ ᠱᠠᠳᠤᠴᠢ ᠴᠢᠨᠠᠷᠲᠠᠢ ᠠᠮᠵᠢᠯᠲᠠ ᠤᠯᠪᠠ᠃ ᠰᠢᠮᠳᠠᠭᠤᠯᠤᠨ ᠪᠠᠶᠢᠴᠠᠭᠠᠬᠤ | ᠳᠤᠭᠤᠢᠢᠯᠠᠩ ᠤᠨ ᠬᠢᠨ ᠦᠪᠦᠷ ᠮᠤᠩᠭᠤᠯ ᠲᠠᠢ ᠬᠠᠮᠲᠤᠷᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ | ᠰᠠᠶᠢᠲᠤᠷ ᠬᠢᠬᠦ ᠶᠢᠨ ᠬᠠᠮᠲᠤ ᠦᠪᠦᠷ ᠮᠤᠩᠭᠤᠯ ᠤᠨ ᠮᠠᠯ ᠠᠵᠥ ᠠᠬᠤᠢ ᠲᠠᠷᠢᠶᠠᠯᠠᠩ ᠤᠨ ᠬᠦᠭᠵᠢᠯᠲᠠ ᠶᠢ | ᠦᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠨ᠎ᠠ ᠬᠡᠵᠠᠢ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠸᠠᠩ ᠢᠤᠢ ᠮᠢᠩ ᠠᠭᠤᠯᠵᠠᠯᠲᠠ ᠳᠤ ᠤᠷᠤᠯᠴᠠᠪᠠ᠃ |