| | 7 ᠴᠠᠭ 30 ᠮᠢᠨᠦ᠋ᠲ ᠳᠤ᠂ ᠬᠤᠪᠢᠯᠭᠠᠨ ᠣᠩᠭᠤᠴᠠ ᠠᠷᠪᠠᠨ ᠨᠢᠭᠡᠳᠦᠭᠡᠷ ᠬᠥᠮᠦᠨ ᠰᠠᠭᠤᠯᠭᠠᠭᠰᠠᠨ ᠨᠢᠰᠬᠦ | ᠣᠩᠭᠤᠴᠠ ᠶᠢ ᠠᠴᠢᠶᠠᠯᠠᠭᠰᠠᠨ ᠴᠠᠩ ᠵᠧᠩ ᠬᠤᠶᠠᠳᠤᠭᠠᠷ F ᠠᠯᠤᠰ ᠡᠵᠡᠮᠰᠢᠯᠲᠦ ᠠᠷᠪᠠᠨ ᠨᠢᠭᠡᠳᠦᠭᠡᠷ ᠲᠡᠶᠢᠷᠦᠯᠳᠦ | ᠰᠤᠮᠤ ᠶᠢ ᠵᠢᠦᠴᠢᠦᠸᠠᠨ ᠤ ᠳᠠᠭᠠᠭᠤᠯᠢ ᠣᠳᠣ ᠬᠠᠷᠪᠤᠬᠤ ᠲᠥᠪ ᠠᠴᠠ ᠬᠠᠷᠪᠤᠪᠠ᠂ ᠪᠠᠷᠤᠭ 575 ᠰᠧᠺᠦ᠋ᠨ᠋ᠳ᠋ ᠤᠨ | ᠳᠠᠷᠠᠭ᠎ᠠ᠂ ᠬᠤᠪᠢᠯᠭᠠᠨ ᠣᠩᠭᠤᠴᠠ ᠠᠷᠪᠠᠨ ᠨᠢᠭᠡᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠬᠢᠭᠡᠳ | ᠲᠡᠶᠢᠷᠦᠯᠳᠦ ᠰᠤᠮᠤ ᠨᠢ ᠠᠮᠵᠢᠯᠲᠠ ᠲᠠᠢ ᠰᠠᠯᠵᠤ᠂ ᠵᠢᠱᠢᠭᠰᠡᠨ ᠲᠣᠭᠤᠷᠢᠯᠲᠠ ᠶᠢᠨ ᠵᠠᠮ ᠳᠠᠭᠠᠨ ᠤᠷᠤᠵᠤ᠂ ᠵᠢᠩ ᠬᠠᠶ | ᠫᠧᠩ᠂ ᠴᠧᠨ ᠳ᠋ᠦᠩ ᠬᠤᠶᠠᠷ ᠰᠠᠨᠰᠠᠷᠴᠢᠨ ᠢ ᠰᠠᠨᠰᠠᠷ ᠲᠤ ᠭᠠᠷᠭᠠᠪᠠ᠂ ᠨᠢᠰᠦᠯᠲᠡ ᠶᠢᠨ ᠪᠠᠶᠢᠳᠠᠯ ᠨᠡᠯᠢᠶᠡᠳ ᠰᠠᠶᠢᠨ | ᠪᠠᠶᠢᠵᠤ᠂ ᠬᠠᠷᠪᠤᠯᠲᠠ ᠶᠢᠨ ᠠᠵᠢᠯ ᠲᠡᠭᠦᠰ ᠠᠮᠵᠢᠯᠲᠠ ᠣᠯᠵᠠᠢ᠃ | ᠡᠨᠡ ᠨᠢ ᠮᠠᠨ ᠤ ᠤᠯᠤᠰ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠵᠢᠷᠭᠤᠭᠠᠳᠡᠬᠢ ᠤᠳᠠᠭ᠎ᠠ ᠶᠢᠨ | ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠪᠣᠯᠣᠨ᠎ᠠ᠂ ᠪᠠᠰᠠ ᠴᠤ ᠰᠠᠶᠢᠵᠢᠷᠠᠭᠤᠯᠤᠭᠰᠠᠨ ᠬᠡᠯᠪᠡᠷᠢ ᠶᠢᠨ ᠬᠥᠮᠦᠨ | ᠰᠠᠭᠤᠯᠭᠠᠭᠰᠠᠨ ᠬᠤᠪᠢᠯᠭᠠᠨ ᠨᠢᠰᠬᠦ ᠣᠩᠭᠤᠴᠠ ᠪᠣᠯᠣᠨ ᠴᠠᠩ ᠵᠧᠩ ᠬᠤᠶᠠᠳᠤᠭᠠᠷ F ᠬᠥᠯᠭᠡ ᠲᠡᠶᠢᠷᠦᠯᠲᠦ | ᠰᠤᠮᠤ ᠪᠠᠷ ᠪᠦᠷᠢᠯᠳᠦᠭᠰᠡᠨ ᠬᠥᠮᠦᠨ ᠰᠠᠭᠤᠯᠭᠠᠬᠤ ᠰᠠᠨᠰᠠᠷ ᠲᠤ ᠭᠠᠷᠴᠤ ᠪᠤᠴᠠᠵᠤ ᠢᠷᠡᠬᠦ ᠰᠢᠰᠲ᠋ᠧᠮ ᠤᠨ ᠬᠤᠶᠠᠳᠡᠬᠢ | ᠤᠳᠠᠭᠠᠨ ᠤ ᠬᠡᠷᠡᠭᠯᠡᠯᠲᠡ ᠶᠢᠨ ᠴᠢᠨᠠᠷᠲᠠᠶ ᠨᠢᠰᠦᠯᠲᠡ ᠪᠣᠯᠣᠨ᠎ᠠ᠃ ᠨᠢᠰᠬᠡ ᠣᠩᠭᠤᠴᠠ ᠲᠣᠭᠤᠷᠢᠯᠲᠠ ᠶᠢᠨ ᠵᠠᠮ ᠳᠠᠭᠠᠨ | ᠤᠷᠤᠭᠰᠠᠨ ᠤ ᠲᠠᠷᠠᠭ᠎ᠠ᠂ ᠤᠷᠢᠳᠴᠢᠯᠠᠨ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ᠂ ᠤᠷᠢᠳᠠᠪᠠᠷ ᠪᠠᠷᠤᠭ 2 | ᠡᠳᠦᠷ ᠪᠡᠶ᠎ᠡ ᠪᠠᠨ ᠳᠠᠭᠠᠭᠠᠨ ᠨᠢᠰᠴᠦ᠂ ᠳᠠᠷᠠᠭ᠎ᠠ ᠨᠢ ᠲᠩᠷᠢ ᠶᠢᠨ ᠣᠷᠳᠣᠨ ᠬᠤᠶᠠᠳᠤᠭᠠᠷ ᠯᠤᠭ᠎ᠠ ᠠᠦ᠋ᠲ᠋ᠣ᠋ ᠵᠣᠯᠭᠠᠯᠲᠠ | ᠬᠢᠬᠦ ᠪᠣᠯᠤᠨ᠎ᠠ᠃ ᠨᠡᠶᠢᠯᠡᠮᠡᠯ ᠴᠣᠭᠴᠠ ᠶᠢᠨ ᠨᠢᠰᠦᠯᠲᠡ ᠶᠢᠨ ᠬᠤᠭᠤᠴᠠᠭᠠᠨ ᠳᠤ᠂ ᠰᠠᠨᠰᠠᠷᠴᠢᠨ ᠲᠩᠷᠢ ᠶᠢᠨ ᠣᠷᠳᠣᠨ | ᠬᠤᠶᠠᠳᠤᠭᠠᠷ ᠲᠤ ᠤᠷᠤᠨ ᠰᠠᠭᠤᠵᠤ᠂ 30 ᠬᠤᠨᠤᠭ ᠠᠵᠢᠯᠯᠠᠵᠤ ᠠᠮᠢᠳᠤᠷᠠᠬᠤ ᠪᠦᠭᠡᠳ ᠣᠭᠲᠠᠷᠭᠤᠶ ᠶᠢᠨ | ᠰᠢᠨᠵᠢᠯᠡᠬᠦ ᠤᠬᠠᠭᠠᠨ ᠤ ᠲᠤᠷᠰᠢᠯᠲᠠ ᠪᠣᠯᠣᠨ ᠬᠡᠷᠡᠭᠯᠡᠭᠡᠨ ᠤ ᠮᠡᠷᠭᠡᠵᠢᠯ ᠤᠨ ᠲᠤᠷᠰᠢᠯᠲᠠ ᠵᠢᠴᠢ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠬᠦ ᠪᠣᠯᠣᠨ᠎ᠠ᠃ ᠨᠡᠶᠢᠯᠡᠮᠡᠯ ᠴᠣᠭᠴᠠ ᠶᠢᠨ ᠨᠢᠰᠦᠯᠲᠡ ᠪᠠᠨ | ᠳᠠᠭᠤᠰᠤᠭᠰᠠᠨ ᠤ ᠳᠠᠷᠠᠭ᠎ᠠ᠂ ᠬᠤᠪᠢᠯᠭᠠᠨ ᠣᠩᠭᠤᠴᠠ ᠠᠷᠪᠠᠨ ᠨᠢᠭᠡᠳᠦᠭᠡᠷ ᠨᠢᠰᠬᠦ ᠣᠩᠭᠤᠴᠠ ᠨᠢ ᠲᠩᠷᠢ ᠶᠢᠨ | ᠣᠷᠳᠣᠨ ᠬᠤᠶᠠᠳᠤᠭᠠᠷ ᠣᠭᠲᠠᠷᠭᠤᠢ ᠶᠢᠨ ᠲᠤᠷᠰᠢᠯᠲᠠ ᠶᠢᠨ ᠲᠠᠰᠤᠭ ᠠᠴᠠ ᠰᠠᠯᠤᠨ ᠭᠠᠷᠴᠤ᠂ 1 ᠡᠳᠦᠷ ᠪᠡᠶ᠎ᠡ ᠪᠠᠨ | ᠳᠠᠭᠠᠭᠠᠨ ᠨᠢᠰᠦᠭᠰᠡᠨ ᠤ ᠳᠠᠷᠠᠭ᠎ᠠ ᠭᠠᠵᠠᠷᠳᠠᠬᠤ ᠲᠠᠯᠠᠪᠠᠢ ᠳᠠᠭᠠᠨ ᠪᠠᠭᠤᠵᠤ᠂ ᠲᠩᠷᠢ ᠶᠢᠨ ᠣᠷᠳᠣᠨ ᠬᠤᠶᠠᠳᠤᠭᠠᠷ ᠨᠢ | ᠪᠡᠶ᠎ᠡ ᠪᠠᠨ ᠳᠠᠭᠠᠭᠠᠨ ᠨᠢᠰᠬᠦ ᠵᠠᠮ ᠳᠠᠭᠠᠨ ᠰᠢᠯᠵᠢᠵᠦ᠂ ᠦᠷᠭᠦᠯᠵᠢᠯᠡᠨ ᠣᠭᠲᠠᠷᠭᠤᠶ ᠶᠢᠨ ᠰᠢᠨᠵᠢᠯᠡᠬᠦ ᠤᠬᠠᠭᠠᠨ ᠤ | ᠲᠤᠷᠰᠢᠯᠲᠠ ᠪᠣᠯᠣᠨ ᠬᠡᠷᠡᠭᠯᠡᠭᠡᠨ ᠤ ᠮᠡᠷᠭᠡᠵᠢᠯ ᠤᠨ ᠲᠤᠷᠰᠢᠯᠲᠠ ᠦᠷᠨᠢᠭᠦᠯᠬᠦ ᠪᠦᠭᠡᠳ ᠲᠩᠷᠢ ᠶᠢᠨ ᠣᠩᠭᠤᠴᠠ | ᠨᠢᠭᠡᠳᠦᠭᠡᠷ ᠤᠨ ᠨᠢᠰᠦᠯᠲᠡ ᠶᠢᠨ ᠡᠭᠦᠷᠭᠡ ᠳᠤ ᠣᠷᠣᠯᠴᠠᠬᠤ ᠪᠠᠷ ᠬᠦᠯᠢᠶᠡᠨ᠎ᠡ᠃ | ᠣᠳᠣᠬᠠᠨ ᠳᠤ᠂ ᠲᠩᠷᠢ ᠶᠢᠨ ᠣᠷᠳᠣᠨ ᠬᠤᠶᠠᠳᠤᠭᠠᠷ ᠨᠢ ᠭᠠᠵᠠᠷ ᠤᠨ ᠭᠠᠳᠠᠷᠭᠤ ᠠᠴᠠ 393 ᠺᠢᠯᠣᠮᠧᠲᠷ | ᠦᠨᠳᠦᠷ ᠲᠠᠬᠢ ᠤᠶᠢᠷ᠎ᠠ ᠲᠣᠭᠤᠷᠢᠭ ᠤᠨ ᠵᠣᠯᠭᠠᠯᠲᠠ ᠶᠢᠨ ᠵᠠᠮ ᠢᠶᠠᠷ ᠠᠶᠠᠯᠠᠵᠤ᠂ ᠲᠥᠬᠦᠭᠡᠷᠦᠮᠵᠢ ᠶᠢᠨ ᠠᠵᠢᠯᠯᠠᠭ᠎ᠠ | ᠪᠣᠯᠣᠨ ᠪᠠᠶᠢᠳᠠᠯ ᠨᠢ ᠮᠠᠰᠢ ᠰᠠᠶᠢᠨ ᠬᠡᠪ ᠤᠨ ᠪᠠᠶᠢᠳᠠᠯ ᠲᠠᠢ ᠪᠠᠶᠢᠵᠤ᠂ ᠵᠣᠯᠭᠠᠯᠲᠠ ᠶᠢᠨ ᠡᠭᠦᠷᠭᠡ ᠶᠢᠨ ᠱᠠᠭᠠᠷᠳᠠᠯᠭ᠎ᠠ | ᠪᠣᠯᠣᠨ ᠰᠠᠨᠰᠠᠷᠴᠢᠨ ᠤ ᠣᠷᠣᠵᠤ ᠰᠠᠭᠤᠬᠤ ᠨᠥᠬᠦᠴᠡᠯ ᠢ ᠪᠦᠷᠢᠮᠦᠰᠦᠨ ᠬᠠᠩᠭᠠᠵᠤ ᠴᠢᠳᠠᠬᠤ ᠪᠠᠶᠢᠨ᠎ᠠ᠃ | ᠴᠠᠩ ᠵᠧᠩ ᠬᠤᠶᠠᠳᠤᠭᠠᠷ F ᠠᠯᠤᠰ ᠡᠵᠡᠮᠰᠢᠯᠲᠦ ᠠᠷᠪᠠᠨ ᠨᠢᠭᠡᠳᠦᠭᠡᠷ ᠲᠡᠶᠢᠷᠦᠯᠳᠦ ᠰᠤᠮᠤ ᠨᠢ ᠬᠤᠪᠢᠯᠭᠠᠨ | ᠣᠩᠭᠤᠴᠠ ᠠᠷᠪᠠᠳᠤᠭᠠᠷ ᠢ ᠬᠠᠷᠪᠤᠭᠰᠠᠨ ᠴᠠᠩ ᠵᠧᠩ ᠬᠤᠶᠠᠳᠤᠭᠠᠷ F ᠠᠯᠤᠰ ᠡᠵᠡᠮᠰᠢᠯᠲᠦ ᠠᠷᠪᠠᠳᠤᠭᠠᠷ | ᠲᠡᠶᠢᠷᠦᠯᠲᠦ ᠰᠤᠮᠤ ᠶᠢᠨ ᠮᠡᠷᠭᠡᠵᠢᠯ ᠤᠨ ᠪᠠᠶᠢᠳᠠᠯᠲ᠋ᠠᠢ ᠦᠨᠳᠦᠰᠦᠨ ᠳᠡᠭᠡᠨ ᠠᠳᠠᠯᠢ ᠪᠠᠶᠢᠵᠤ᠂ ᠠᠶᠤᠯ ᠦᠭᠡᠢ ᠴᠢᠨᠠᠷ | ᠪᠠ ᠨᠠᠶᠢᠳᠠᠪᠤᠷᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠵᠠᠷᠢᠮ ᠮᠡᠷᠭᠡᠵᠢᠯ ᠤᠨ | ᠪᠠᠶᠢᠳᠠᠯ ᠢ ᠨᠢ ᠥᠭᠡᠷᠡᠴᠢᠯᠡᠨ ᠵᠠᠰᠠᠵᠠᠶ᠃ ᠡᠨᠡ ᠨᠢ ᠴᠠᠩ ᠵᠧᠩ ᠰᠢᠷᠢᠰ ᠬᠥᠯᠭᠡ ᠲᠡᠶᠢᠷᠦᠯᠳᠦ ᠰᠤᠮᠤ ᠶᠢᠨ 237 | ᠳ᠋ᠤᠭᠠᠷ ᠤᠳᠠᠭ᠎ᠠ ᠶᠢᠨ ᠨᠢᠰᠦᠯᠲᠡ ᠪᠣᠯᠣᠨ᠎ᠠ᠃ |