ᠮᠠᠨᠵᠤᠤᠷ ᠬᠤᠲᠠ ᠶᠢᠨ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠩᠬᠢᠨᠢ ᠪᠠᠷ | ᠨᠡᠭᠡᠭᠡᠨ ᠡᠵᠡᠩᠨᠡᠭᠰᠡᠨ ᠠᠴᠠ ᠨᠠᠰᠢ᠂ ᠮᠠᠨᠵᠤᠤᠷ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠵᠠᠬ᠎ᠠ ᠶᠢᠨ ᠠᠷᠠᠯᠵᠢᠶᠠᠨ ᠤ | ᠲᠣᠭᠤᠷᠢᠭ ᠢ ᠭᠦᠨᠵᠡᠭᠡᠢ ᠴᠢᠯᠦᠭᠡᠲᠡᠢ ᠲᠠᠯᠪᠢᠬᠤ ᠪᠠᠷ ᠳᠡᠮᠵᠢᠵᠦ᠂ ᠢᠯᠡᠳᠲᠡ ᠠᠮᠵᠢᠯᠲᠠ ᠪᠦᠲᠦᠮᠵᠢ ᠣᠯᠵᠠᠶ᠃ ᠡᠨᠡ | ᠬᠦ ᠰᠠᠭᠤᠷᠢᠨ ᠳᠡᠭᠡᠷ᠎ᠡ᠂ ᠮᠠᠨᠵᠤᠤᠷ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠡᠯ᠎ᠡ ᠵᠦᠢᠯ ᠤᠨ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠵᠠᠬ᠎ᠠ ᠶᠢᠨ | ᠠᠷᠠᠯᠵᠢᠶᠠᠨ ᠤ ᠲᠣᠭᠤᠷᠢᠭ ᠤᠨ ᠡᠷᠡᠭᠦᠯ ᠢᠶᠠᠷ ᠬᠥᠭᠵᠢᠬᠦ ᠳᠤ ᠬᠠᠮᠠᠭᠠᠯᠠᠭᠴᠢ ᠪᠣᠯᠵᠤ ᠥᠭᠪᠡ᠃ | ᠣᠷᠴᠢᠮᠬᠠᠨ᠂ ᠮᠠᠨᠵᠤᠤᠷ ᠤᠨ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ ᠵᠢᠭᠤᠯᠴᠢᠯᠠᠯ ᠤᠨ | ᠬᠢᠵᠠᠭᠠᠷᠲᠤ ᠺᠣᠮᠫᠠᠨᠢ ᠨᠢ ᠮᠠᠨᠵᠤᠤᠷ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠳᠤ ︽ | ᠮᠠᠨᠵᠤᠤᠷ ᠤᠨ ᠳᠤᠮᠳᠠᠳᠤ ᠣᠷᠣᠰ ᠤᠨ ᠵᠠᠬ᠎ᠠ ᠶᠢᠨ ᠠᠷᠠᠯᠵᠢᠶᠠᠨ ᠤ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ | ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠢᠩᠬᠢᠮ ᠳᠤ ᠭᠠᠳᠠᠭᠠᠳᠤ ᠠᠴᠠ ᠣᠷᠣᠭᠤᠯᠬᠤ ᠲᠠᠸᠠᠷ ᠤᠨ ᠡᠵᠡᠩᠨᠡᠯᠲᠡ ᠶᠢᠨ | ᠲᠥᠷᠥᠯ ᠵᠦᠢᠯ ᠢ ᠨᠡᠮᠡᠭᠳᠡᠭᠦᠯᠬᠦ ᠭᠤᠶᠤᠴᠢᠯᠠᠯ︾ ᠳᠡᠪᠰᠢᠭᠦᠯᠪᠡ᠂ ᠮᠠᠨᠵᠤᠤᠷ ᠲᠣᠪᠴᠢᠶ᠎ᠠ ︽ᠳᠤᠮᠳᠠᠳᠤ ᠣᠷᠣᠰ ᠤᠨ | ᠵᠠᠬ᠎ᠠ ᠶᠢᠨ ᠠᠷᠠᠯᠵᠢᠶᠠᠨ ᠤ ᠲᠠᠸᠠᠷ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢ | ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠳᠤᠮᠳᠠᠳᠤ ᠣᠷᠣᠰ ᠤᠨ ᠵᠠᠬ᠎ᠠ ᠶᠢᠨ | ᠠᠷᠠᠯᠵᠢᠶᠠᠨ ᠤ ᠲᠣᠭᠤᠷᠢᠭ ᠤᠨ ᠴᠡᠴᠡᠭᠯᠡᠨ ᠬᠥᠭᠵᠢᠬᠦ ᠢ ᠶᠡᠬᠡᠪᠡᠷ ᠳᠡᠮᠵᠢᠬᠦ︾ ᠵᠠᠷᠴᠢᠮ ᠢᠶᠠᠷ ᠮᠡᠷᠭᠡᠵᠢᠯᠲᠡᠳ ᠤᠨ | ᠳᠤᠭᠤᠶᠢᠯᠠᠩ ᠢ ᠵᠣᠬᠢᠶᠠᠨ ᠪᠠᠶᠢᠭᠤᠯᠤᠨ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠵᠠᠷᠢᠮ ᠢᠳᠡᠭᠡᠨ᠂ ᠣ | ᠡᠩᠭᠡᠰᠬᠡ ᠶᠢᠨ ᠵᠦᠢᠯ ᠵᠡᠷᠭᠡ ᠭᠠᠳᠠᠭᠠᠳᠤ ᠠᠴᠠ ᠣᠷᠣᠭᠤᠯᠬᠤ ᠲᠠᠸᠠᠷ ᠤᠨ ᠲᠦᠷᠦᠯ ᠵᠦᠢᠯ ᠢ ᠤᠯᠠᠮ ᠠᠭᠤᠵᠢᠭᠤ | ᠲᠠᠯᠪᠢᠵᠤ᠂ ᠭᠠᠶᠢᠯᠢ ᠬᠡᠯᠲᠦᠷᠢᠭᠦᠯᠬᠦ ᠠᠷᠠᠯᠵᠢᠶᠠᠨ ᠤ ᠲᠠᠸᠠᠷ ᠢ ᠬᠥᠭᠵᠢᠭᠡᠪᠡ᠃ | ᠡᠭᠦᠨ ᠤ ᠬᠠᠮᠲᠤ᠂ ᠮᠠᠨᠵᠤᠤᠷ ᠲᠣᠪᠴᠢᠶ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠳᠠᠭᠠᠳᠤ ᠠᠴᠠ | ᠣᠷᠣᠭᠤᠯᠬᠤ ᠢᠳᠡᠭᠡᠨ ᠤ ᠶᠠᠰᠤ ᠴᠢᠨᠠᠷ ᠢ ᠴᠢᠩᠭ᠎ᠠ ᠠᠳᠬᠤᠪᠠ᠃ 2015 ᠣᠨ ᠠᠴᠠ ᠡᠬᠢᠯᠡᠨ᠂ ᠣᠷᠣᠰ ᠤᠨ | ᠵᠥᠭᠡᠬᠡᠢ ᠲᠠᠢ ᠥᠨᠳᠡᠭᠡᠨ ᠪᠣᠭᠤᠷᠰᠤᠭ ᠤᠨ ᠮᠠᠨ ᠤ ᠤᠯᠤᠰ ᠤᠨ ᠵᠠᠬ᠎ᠠ ᠳᠡᠯᠭᠡᠭᠦᠷ ᠳᠠᠬᠢ ᠪᠣᠷᠣᠯᠠᠭᠤᠯᠭ᠎ᠠ ᠨᠢ | ᠠᠭᠠᠵᠢᠮ ᠢᠶᠠᠷ ᠰᠠᠶᠢᠵᠢᠷᠠᠪᠠ᠃ ᠣᠷᠣᠰ ᠤᠨ ᠵᠥᠭᠡᠬᠡᠢ ᠲᠠᠢ ᠥᠨᠳᠡᠭᠡᠨ ᠪᠣᠭᠤᠷᠰᠤᠭ ᠤᠨ ᠴᠢᠨᠠᠷ ᠢ ᠪᠠᠲᠤᠯᠠᠬᠤ | ᠬᠤᠭᠤᠴᠠᠭ᠎ᠠ ᠨᠢ ᠣᠬᠤᠷ᠂ ᠵᠥᠪᠬᠡᠨ 30 ᠡᠳᠦᠷ ᠯᠠ ᠪᠠᠶᠢᠵᠤ᠂ ᠰᠡᠷᠢᠭᠦᠨ ᠬᠠᠳᠠᠭᠠᠯᠠᠬᠤ ᠴᠢᠬᠤᠯᠠᠲᠠᠢ ᠪᠠᠶᠢᠳᠠᠭ᠃ | ᠵᠠᠷᠢᠮ ᠬᠠᠤᠯᠢ ᠪᠤᠰᠤ ᠬᠤᠳᠠᠯᠳᠤᠭᠠᠴᠢᠨ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠴᠢᠨᠠᠷ ᠢ ᠪᠠᠲᠤᠯᠠᠬᠤ | ᠬᠤᠭᠤᠴᠠᠭ᠎ᠠ ᠶᠢ ᠬᠤᠭᠤᠴᠠᠭ᠎ᠠ ᠦᠭᠡᠢ ᠪᠠᠷ ᠤᠷᠲᠤᠳᠬᠠᠬᠤ ᠶᠢᠨ ᠲᠥᠯᠥᠭᠡ᠂ ᠵᠣᠷᠢᠭᠤᠳᠠ ᠦᠢᠯᠡᠳᠪᠦᠷᠢᠯᠡᠭᠰᠡᠨ | ᠡᠳᠦᠷ ᠬᠤᠭᠤᠴᠠᠭ᠎ᠠ ᠦᠭᠡᠢ ᠦᠭᠡᠢ ᠣᠷᠣᠰ ᠤᠨ ᠵᠥᠭᠡᠬᠡᠢ ᠲᠠᠢ ᠥᠨᠳᠡᠭᠡᠨ ᠪᠣᠭᠤᠷᠰᠤᠭ ᠢ ᠭᠠᠳᠠᠭᠠᠳᠤ ᠠᠴᠠ | ᠣᠷᠣᠭᠤᠯᠵᠤ ᠪᠠᠶᠢᠪᠠ᠃ ᠡᠨᠡ ᠬᠦ ᠪᠠᠶᠢᠳᠠᠯ ᠳᠤ ᠴᠢᠭᠯᠡᠭᠦᠯᠦᠨ᠂ ᠮᠠᠨᠵᠤᠤᠷ ᠲᠣᠪᠴᠢᠶ᠎ᠠ ᠢᠳᠡᠪᠬᠢᠲᠡᠶ ᠪᠠᠷ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ ᠠᠴᠠ ᠨᠢ ᠵᠠᠰᠠᠵᠤ᠂ ᠲᠡᠭᠦᠨ ᠢ ᠭᠠᠳᠠᠭᠠᠳᠤ ᠠᠴᠠ | ᠣᠷᠣᠭᠤᠯᠤᠭᠰᠠᠨ ᠬᠤᠳᠠᠯᠳᠤᠭᠠᠴᠢᠨ ᠲᠠᠢ ᠨᠢ ᠪᠣᠯᠵᠣᠨ ᠶᠠᠷᠢᠯᠴᠠᠵᠤ᠂ ᠲᠡᠭᠦᠨ ᠢᠶᠠᠷ ᠣᠷᠣᠰ ᠤᠨ ᠵᠥᠭᠡᠬᠡᠢ ᠲᠠᠢ | ᠥᠨᠳᠡᠭᠡᠨ ᠪᠣᠭᠤᠷᠰᠤᠭ ᠤᠨ ᠦᠢᠯᠡᠳᠪᠦᠷᠢ ᠳᠤ ᠮᠡᠳᠡᠭᠦᠯᠵᠦ᠂ ᠡᠷᠬᠡᠪᠰᠢ ᠦᠢᠯᠡᠳᠬᠦᠨ ᠤ ᠪᠣᠭᠤᠳᠠᠯ ᠳᠡᠭᠡᠷ᠎ᠡ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠳᠠᠷᠤᠮᠠᠯᠯᠠᠬᠤ ᠬᠡᠷᠡᠭᠲᠡᠢ ᠭᠡᠵᠦ ᠱᠠᠭᠠᠷᠳᠠᠵᠦ᠂ ᠦᠢᠯᠡᠳᠪᠦᠷᠢᠯᠡᠭᠰᠡᠨ ᠡᠳᠦᠷ | ᠬᠤᠭᠤᠴᠠᠭ᠎ᠠ ᠦᠭᠡᠢ ᠤᠷᠤᠰ ᠤᠨ ᠵᠥᠭᠡᠬᠡᠢ ᠲᠠᠢ ᠥᠨᠳᠡᠭᠡᠨ ᠪᠣᠭᠤᠷᠰᠤᠭ ᠤᠨ ᠳᠤᠮᠳᠠᠳᠤ ᠣᠷᠣᠰ ᠤᠨ ᠵᠠᠬ᠎ᠠ ᠶᠢᠨ | ᠠᠷᠠᠯᠵᠢᠶᠠᠨ ᠤ ᠲᠣᠭᠤᠷᠢᠭ ᠢᠶᠠᠷ ᠳᠠᠮᠵᠢᠨ ᠤᠯᠤᠰ ᠤᠨ ᠲᠣᠲᠣᠭᠠᠳᠤ ᠶᠢᠨ ᠵᠠᠬ᠎ᠠ ᠳᠡᠯᠭᠡᠭᠦᠷ ᠲᠤ ᠣᠷᠣᠵᠤ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠡᠷᠡᠰ ᠲᠠᠰᠤ ᠬᠤᠷᠢᠭᠯᠠᠪᠠ᠃ |