2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠨᠤᠳᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠲᠣᠬᠢᠷᠠᠭᠤᠯᠬᠤ ᠲᠦᠯᠦᠪᠯᠡᠭᠡ ᠶᠢᠨ ᠤᠷᠢᠵᠤ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2016/10/17
ᠡᠯ᠎ᠡ ᠠᠶᠢᠮᠠᠭ ᠬᠤᠳᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠣᠯᠤᠨ ᠪᠡᠶ᠎ᠡ ᠶᠢᠨ ᠲᠠᠮᠢᠷ︶᠎ ᠤᠨ ᠲᠣᠪᠴᠢᠶ᠎ᠠ ᠳᠤ᠄        ︽2016 ᠣᠨ ᠤ ᠤᠷᠤᠨ ᠨᠤᠳᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠲᠣᠬᠢᠷᠠᠭᠤᠯᠬᠤ ᠲᠦᠯᠦᠪᠯᠡᠭᠡ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠰᠤᠷᠭᠠᠨ ᠪᠠᠭᠰᠢ ᠵᠠᠬᠢᠳᠠᠯ  ﹇2016 ᠣᠨ﹈ 57 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠮᠠᠨ ᠤ ᠤᠷᠤᠨ ᠤ 2016 ᠣᠨ ᠤ ᠤᠷᠤᠨ ᠨᠤᠳᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠎ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠲᠣᠬᠢᠷᠠᠭᠤᠯᠬᠤ ᠲᠦᠯᠦᠪᠯᠡᠭᠡ ︵ᠳᠣᠷᠣᠭᠰᠢ ︽ᠣᠷᠣᠨ ᠨᠤᠲᠤᠭ ᠤᠨ ᠣᠨᠴᠠ ᠠᠵᠢᠯ ᠤᠨ ᠪᠠᠶᠢᠷᠢ ᠶᠢᠨ ᠲᠥᠯᠥᠪᠯᠡᠭᠡ︾ ᠭᠡᠵᠦ ᠲᠣᠪᠴᠢᠯᠠᠨ᠎ᠠ︶᠎ ᠶᠢᠨ ᠪᠠᠭᠰᠢ ᠤᠷᠢᠵᠤ ᠡᠯᠰᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠪᠠᠷ ᠮᠡᠳᠡᠭᠳᠡᠪᠡ᠄      ᠨᠢᠭᠡ᠂ ᠤᠷᠢᠭᠳᠠᠬᠤ ᠬᠥᠮᠥᠰ      5 ᠳ᠋ᠤᠭᠠᠷ ᠰᠠᠷ᠎ᠠ ᠶᠢᠨ 28᠎ ᠤ ᠡᠳᠦᠷ ᠨᠢᠭᠡᠲᠦᠯᠲᠡᠢ ᠵᠣᠬᠢᠶᠠᠨ ᠪᠠᠶᠢᠭᠤᠯᠤᠭᠰᠠᠨ ᠤᠯᠤᠰ ᠤᠨ ︽ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ ᠲᠦᠯᠦᠪᠯᠡᠭᠡ︾᠎ ︵ᠳᠣᠷᠣᠭᠰᠢ ︽ᠣᠨᠴᠠ ᠠᠵᠢᠯ ᠤᠨ ᠪᠠᠶᠢᠷᠢ ᠶᠢᠨ ᠲᠥᠯᠥᠪᠯᠡᠭᠡ︾ ᠭᠡᠵᠦ ᠲᠣᠪᠴᠢᠯᠠᠨ᠎ᠠ︶᠎ ᠶᠢᠨ ᠤᠷᠢᠵᠤ ᠡᠯᠰᠡᠬᠦ ᠰᠢᠯᠭᠠᠯᠳᠠ ᠶᠢᠨ ᠪᠢᠷ ᠤᠨ ᠰᠢᠯᠭᠠᠯᠳᠠ ᠳᠤ ᠤᠷᠤᠯᠴᠠᠭᠠᠳ᠂ ᠤᠯᠤᠰ ᠤᠨ ︽ᠤᠨᠴᠠ ᠠᠵᠢᠯ ᠤᠨ ᠪᠠᠶᠢᠷᠢ ᠶᠢᠨ ᠲᠦᠯᠦᠪᠯᠡᠭᠡ︾᠎ ᠳᠤ ᠡᠯᠰᠡᠭᠳᠡᠭᠰᠡᠨ ᠦᠬᠡᠢ ᠪᠦᠭᠡᠳ ᠬᠦᠴᠦᠨ ᠪᠦᠬᠦᠢ ᠬᠢᠷᠢ ᠪᠦᠳᠦᠮᠵᠢ ᠲᠠᠢ ᠰᠤᠷᠤᠭᠴᠢ ᠠᠴᠠ ᠡᠯᠰᠡᠨ᠎ᠡ᠃      ᠬᠤᠶᠠᠷ᠂ ᠤᠷᠢᠵᠤ ᠡᠯᠰᠡᠬᠦ ᠲᠥᠯᠥᠪᠯᠡᠭᠡ      ᠪᠦᠬᠦ ᠣᠷᠣᠨ ᠣᠷᠣᠨ ᠨᠤᠲᠤᠭ ᠤᠨ ︽ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠶᠢᠨ ᠪᠠᠭᠰᠢ  ︾ ︵ᠳᠣᠷᠣᠭᠰᠢ ︽ᠣᠷᠣᠨ ᠨᠤᠲᠤᠭ ᠤᠨ ᠣᠨᠴᠠ ᠠᠵᠢᠯ ᠤᠨ ᠪᠠᠶᠢᠷᠢ ᠪᠠᠭᠰᠢ︾ ᠭᠡᠵᠦ ᠲᠣᠪᠴᠢᠯᠠᠨ᠎ᠠ︶᠎ ᠶᠢ 400 ᠨᠡᠷ᠎ᠡ ᠡᠯᠰᠡᠬᠦ ᠪᠠᠷ ᠲᠦᠯᠦᠪᠯᠡᠵᠦ ᠪᠠᠶᠢᠨ᠎ᠠ᠃ ᠪᠤᠳᠠᠲᠠᠢ ᠣᠷᠢᠨ ᠡᠯᠰᠡᠬᠦ ᠲᠥᠯᠥᠪᠯᠡᠭᠡ ᠶᠢ ᠳᠠᠭᠠᠯᠳᠤᠭᠤᠯᠤᠯ ᠬᠦᠰᠦᠨᠦᠭᠲᠦ ᠎ ᠳᠤ ᠦᠵᠡ᠃      ᠭᠤᠷᠪᠠ᠂ ᠤᠷᠢᠵᠤ ᠡᠯᠰᠡᠬᠦ ᠰᠢᠯᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ 2016 ᠣᠨ ᠤ 10 ᠳ᠋ᠤᠭᠠᠷ ᠰᠠᠷ᠎ᠠ ᠶᠢᠨ 17᠎ ᠤ ᠡᠳᠦᠷ ᠤᠨ 8᠄ 00 ᠴᠠᠭ ᠠᠴᠠ 18᠎ ᠤ ᠡᠳᠦᠷ ᠤᠨ 18᠄ 00 ᠴᠠᠭ ᠪᠤᠯᠳᠠᠯ᠎ᠠ ᠨᠡᠷ᠎ᠡ ᠮᠡᠳᠡᠭᠦᠯᠦᠨ᠎ᠡ᠂ ᠰᠢᠯᠭᠠᠭᠤᠯᠤᠭᠴᠢ ᠦᠪᠡᠷ ᠤᠨ ᠨᠡᠷ᠎ᠡ ᠮᠡᠳᠡᠭᠦᠯᠬᠦ ᠨᠤᠮᠧᠷ ᠪᠠ ᠪᠡᠶ᠎ᠠ ᠶᠢᠨ ᠦᠨᠡᠮᠯᠡᠯ ᠤᠨ ᠨᠤᠮᠧᠷ ᠢᠶᠠᠷ ᠢᠶᠠᠨ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶᠡᠨ ᠳᠤ ᠭᠠᠷᠴᠤ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠳᠠᠭᠯᠠᠨ᠎ᠠ᠃      2016 ᠣᠨ ᠳᠤ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠲᠦᠯᠦᠪᠯᠡᠭᠡ︾᠎ ᠳᠤ ᠠᠰᠲᠠᠭᠠᠨ ᠪᠢᠷ ᠤᠨ ᠰᠢᠯᠭᠠᠯᠳᠠ ᠬᠢᠬᠦ ᠦᠬᠡᠢ᠂ 2016 ᠣᠨ ᠤ ᠦᠪᠡᠷᠳᠡᠬᠡᠨ ᠵᠠᠰᠠᠬᠤ ᠤᠷᠤᠨ ᠤ ᠨᠢᠭᠡᠲᠦᠯᠲᠡᠢ ᠵᠤᠬᠢᠶᠠᠨ ᠪᠠᠶᠢᠭᠤᠯᠤᠭᠰᠠᠨ ᠤᠯᠤᠰ ᠤᠨ ︽ᠤᠨᠴᠠ ᠠᠵᠢᠯ ᠤᠨ ᠪᠠᠶᠢᠷᠢ ᠶᠢᠨ ᠲᠦᠯᠦᠪᠯᠡᠭᠡ︾᠎ ᠶᠢᠨ ᠰᠢᠯᠭᠠᠯᠳᠠ ᠶᠢᠨ ᠬᠢᠷᠢ ᠪᠦᠳᠦᠮᠵᠢ ᠶᠢ ᠬᠡᠷᠡᠭᠯᠡᠨ᠎ᠡ᠃ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾᠎ ᠳᠤ ᠨᠡᠷ᠎ᠡ ᠮᠡᠳᠡᠬᠦᠯᠦᠭᠰᠡᠳ ᠲᠤ ᠪᠢᠷ ᠤᠨ ᠰᠢᠯᠭᠠᠯᠳᠠ ᠳᠤᠨᠢ 10 ᠬᠤᠪᠢ ᠨᠡᠮᠡᠵᠦ ᠦᠭᠬᠦᠨ᠎ᠡ᠃ ᠮᠤᠩᠭᠤᠯ᠂ ᠳᠠᠭᠤᠷ᠂ ᠡᠧᠡᠩᠬᠢ᠂ ᠤᠷᠴᠤᠨ ᠵᠡᠷᠬᠡ ᠦᠨᠳᠦᠰᠦᠳᠡᠨ ᠤ ᠰᠢᠯᠭᠠᠭᠤᠯᠤᠭᠴᠢ ᠶᠢᠨ ᠪᠢᠷ ᠤᠨ ᠰᠢᠯᠭᠠᠯᠳᠠ ᠳᠤ 5 ᠬᠤᠪᠢ ᠨᠡᠮᠡᠵᠦ ᠦᠭᠬᠦᠨ᠎ᠡ᠃ ᠬᠤᠶᠠᠷ ᠬᠤᠪᠢ ᠶᠢ ᠨᠡᠶᠢᠯᠡᠭᠦᠯᠦᠨ ᠪᠣᠳᠣᠵᠤ ᠪᠣᠯᠣᠨ᠎ᠠ᠃ ᠳᠡᠬᠡᠷᠡᠬᠢ ᠬᠤᠶᠠᠷ ᠵᠦᠢᠯ ᠤᠨ ᠪᠠᠶᠢᠳᠠᠯ ᠳᠤ ᠬᠤᠪᠢ ᠶᠢ ᠨᠢ ᠨᠡᠶᠢᠯᠡᠬᠦᠯᠵᠦ ᠨᠡᠮᠡᠵᠦ ᠦᠭᠬᠦᠨ᠎ᠡ᠃ ᠥᠪᠡᠷᠲᠡᠭᠡᠨ ᠵᠠᠰᠠᠬᠤ ᠣᠷᠣᠨ ᠡᠯ᠎ᠡ ᠭᠠᠵᠠᠷ ᠣᠷᠣᠨ ᠤ ᠤᠷᠢᠵᠤ ᠡᠯᠰᠡᠬᠦ ᠬᠡᠷᠡᠭᠴᠡᠭᠡ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠵᠢᠴᠢ ᠰᠢᠯᠭᠠᠭᠤᠯᠤᠭᠴᠢ ᠶᠢᠨ ᠡᠷᠡᠮᠡᠯᠵᠡᠯᠡᠯ ᠲᠠᠭᠯᠠᠭᠰᠠᠨ ᠪᠠᠶᠢᠳᠠᠯ ᠢ ᠨᠢ ᠦᠨᠳᠦᠰᠦᠯᠡᠨ᠂ l᠄ 3 ᠎ ᠶᠢᠨ ᠬᠠᠷᠢᠴᠠᠯ ᠢᠶᠠᠷ ᠥᠨᠳᠥᠷ ᠬᠤᠪᠢ ᠠᠴᠠ ᠨᠢ ᠰᠢᠪᠲᠤᠷᠠᠨ ᠰᠢᠯᠢᠨ ᠰᠣᠩᠭᠤᠵᠤ ᠨᠢᠭᠤᠷᠲᠠᠨ  ᠰᠢᠯᠭᠠᠬᠤ ᠳᠤ ᠣᠷᠣᠭᠤᠯᠤᠨ᠎ᠠ᠃ ᠪᠦᠬᠦ ᠣᠷᠣᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠲᠡᠷᠡᠴᠢᠯᠡᠨ ᠮᠠᠨ ᠤ ᠣᠷᠣᠨ ᠨᠢ ᠪᠦᠬᠦ ᠤᠯᠤᠰ ᠤᠨ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠮᠤᠵᠢ ᠣᠷᠣᠨ ᠪᠠ ᠬᠦᠯ ᠪᠥᠮᠪᠦᠭᠡ ᠶᠢᠨ ᠲᠤᠰᠬᠠᠶ ᠮᠡᠷᠭᠡᠵᠢᠯ ᠤᠨ ᠪᠠᠭᠰᠢ ᠳᠤᠲᠠᠭᠳᠠᠵᠤ ᠪᠠᠶᠢᠭ᠎ᠠ ᠪᠠᠶᠢᠳᠠᠯ ᠢ ᠪᠣᠳᠣᠯᠬᠢᠯᠠᠵᠤ᠂ ︽ᠤᠷᠤᠨ ᠨᠤᠳᠤᠭ ᠤᠨ ᠤᠨᠴᠠ ᠠᠵᠢᠯ ᠎ ᠤᠨ ᠪᠠᠶᠢᠷᠢ ᠶᠢᠨ ᠪᠠᠭᠰᠢ︾ ᠣᠷᠢᠨ ᠡᠯᠰᠡᠬᠦ ᠰᠢᠯᠭᠠᠯᠲᠠ ᠶᠢᠨ ᠬᠥᠯ ᠪᠥᠮᠪᠥᠭᠡᠨ ᠤ ᠲᠤᠰᠬᠠᠶ ᠮᠡᠷᠭᠡᠵᠢᠯ ᠠᠴᠠ 1᠄ 2 ᠎ ᠤᠨ ᠬᠠᠷᠢᠴᠠᠯ ᠢᠶᠠᠷ ᠥᠨᠳᠥᠷ ᠬᠤᠪᠢ ᠠᠴᠠ ᠨᠢ ᠰᠢᠪᠲᠤᠷᠠᠨ ᠰᠢᠯᠢᠨ ᠰᠣᠩᠭᠤᠵᠤ ᠨᠢᠭᠤᠷᠲᠠᠨ ᠰᠢᠯᠭᠠᠬᠤ ᠳᠤ ᠣᠷᠣᠭᠤᠯᠤᠨ᠎ᠠ᠃       ︵ᠬᠤᠶᠠᠷ︶ ᠨᠢᠭᠤᠷᠲᠠᠨ ᠰᠢᠯᠭᠠᠬᠤ ︵ᠲᠤᠷᠰᠢᠨ ᠬᠢᠴᠢᠶᠡᠯᠯᠡᠬᠦ︶᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠣᠯᠭ᠎ᠠ ᠶᠢᠨ ᠲᠥᠪ ᠨᠢ ᠪᠢᠷ ᠤᠨ ᠰᠢᠯᠭᠠᠯᠲᠠ ᠳᠤ ᠬᠢᠷᠢ ᠲᠡᠩᠴᠡᠭᠰᠡᠳ ᠨᠢᠭᠤᠷᠲᠠᠨ ᠰᠢᠯᠭᠠᠬᠤ ᠳᠤ ᠣᠷᠣᠯᠴᠠᠬᠤ ᠬᠥᠮᠥᠰ ᠤᠨ ᠬᠢᠷᠢ ᠬᠡᠮ ᠢ ᠨᠢ ᠲᠠᠬᠢᠨᠲᠠ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠦᠭᠡᠢ ᠶᠢᠨ ᠬᠢᠨᠢ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃ ᠨᠢᠭᠤᠷᠳᠠᠨ ᠰᠢᠯᠭᠠᠬᠤ ︵ᠲᠤᠷᠰᠢᠨ ᠬᠢᠴᠢᠶᠡᠯᠯᠡᠬᠦ︶ ᠠᠵᠢᠯ ᠢ ᠠᠶᠢᠮᠠᠭ ᠬᠤᠳᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠨ ᠵᠣᠬᠢᠶᠠᠨ ᠪᠠᠶᠢᠭᠤᠯᠵᠤ᠂ ᠠᠵᠢᠯ ᠤᠨ ᠪᠠᠶᠢᠷᠢ ᠲᠣᠬᠢᠷᠠᠭᠤᠯᠤᠭᠰᠠᠨ ᠡᠯ᠎ᠡ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢᠭᠤᠷᠲᠠᠨ ᠰᠢᠯᠭᠠᠬᠤ ᠠᠵᠢᠯ ᠳᠤ ᠣᠷᠣᠯᠴᠠᠨ᠎ᠠ᠃ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠠᠯᠠᠭ᠎ᠠ ᠮᠥᠴᠢᠷ ᠨᠢᠭᠤᠷᠳᠠᠨ ᠰᠢᠯᠭᠠᠬᠤ ᠳᠤ ᠣᠷᠣᠯᠴᠠᠨ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃ ᠨᠢᠭᠤᠷᠳᠠᠨ ᠰᠢᠯᠭᠠᠬᠤ ᠎ ᠳᠤ ᠤᠷᠢᠵᠤ ᠡᠯᠰᠡᠬᠦ ᠬᠥᠮᠥᠰ ᠤᠨ ᠶᠡᠷᠦᠩᠬᠡᠶ ᠬᠡᠪ ᠴᠢᠨᠠᠷ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢ ᠭᠤᠣᠯᠳᠠᠯᠭ᠎ᠠ ᠲᠠᠢ ᠪᠠᠷ ᠬᠢᠨᠠᠨ ᠪᠠᠶᠢᠴᠠᠭᠠᠬᠤ ᠶᠢᠨ ᠬᠠᠮᠲᠤ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠥᠰ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠬᠢᠨ᠎ᠡ᠃      ᠨᠢᠭᠤᠷᠳᠠᠨ ᠰᠢᠯᠭᠠᠬᠤ ︵ᠲᠤᠷᠰᠢᠨ ᠬᠢᠴᠢᠶᠡᠯᠯᠡᠬᠦ︶ ᠴᠠᠭ᠄ 2016 ᠣᠨ ᠤ 10 ᠳ᠋ᠤᠭᠠᠷ ᠰᠠᠷ᠎ᠠ ᠶᠢᠨ 23᠎ ᠤ ᠡᠳᠦᠷ ᠠᠴᠠ 31᠎ ᠤ ᠡᠳᠦᠷ ᠪᠤᠯᠳᠠᠯ᠎ᠠ ᠶᠠᠪᠤᠭᠳᠠᠨ᠎ᠠ᠂ ᠪᠣᠳᠠᠲᠠᠶ ᠴᠠᠭ᠂ ᠭᠠᠵᠠᠷ ᠢ ᠬᠠᠮᠢᠶ᠎ᠠ ᠪᠦᠬᠦᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠵᠤ ᠰᠢᠯᠭᠠᠭᠤᠯᠬᠤ ᠲᠤᠰ ᠬᠥᠮᠦᠨ ᠳᠤᠨᠢ ᠮᠡᠳᠡᠭᠳᠡᠨ᠎ᠠ᠃ ᠨᠢᠭᠤᠷᠲᠠᠨ ᠰᠢᠯᠭᠠᠬᠤ ᠬᠥᠮᠦᠰ ᠡᠷᠬᠡᠪᠰᠢ ᠲᠤᠰ ᠬᠥᠮᠦᠨ ᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠤᠷᠭᠠᠭᠤᠯᠢ ᠲᠡᠭᠦᠰᠦᠭᠰᠡᠨ ᠦᠨᠡᠮᠯᠡᠯ᠂ ᠪᠠᠭᠰᠢ ᠶᠢᠨ ᠬᠢᠷᠢ ᠬᠡᠮ ᠤᠨ ᠦᠨᠡᠮᠯᠡᠯ᠂ ︽ᠰᠢᠯᠭᠠᠬᠤ ᠶᠢ ᠵᠥᠪᠰᠢᠶᠡᠷᠡᠭᠰᠡᠨ ᠦᠨᠡᠮᠯᠡᠯ︾ ᠵᠡᠷᠭᠡ ᠶᠢᠨ ᠤᠤᠯ ᠮᠠᠲ᠋ᠧᠷᠢᠶᠠᠯ ᠢ ᠠᠪᠴᠤ ᠵᠢᠭᠠᠨ ᠲᠣᠭᠲᠠᠭᠠᠭᠰᠠᠨ ᠭᠠᠵᠠᠷ ᠲᠤ ᠣᠴᠢᠵᠤ ᠨᠢᠭᠤᠷᠲᠠᠨ ᠰᠢᠯᠭᠠᠬᠤ ᠳᠤ ᠣᠷᠣᠯᠴᠠᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠭᠡᠷᠡᠴᠢ ᠦᠨᠡᠮᠯᠡᠯ ᠨᠢ ᠨᠢᠭᠤᠷᠲᠠᠨ ᠰᠢᠯᠭᠠᠬᠤ ᠳᠤ ᠣᠷᠣᠯᠴᠠᠬᠤ ᠨᠡᠷᠡᠰ ᠤᠨ ᠮᠡᠳᠡᠭᠡ ᠵᠠᠩᠭᠢ ᠪᠤᠶᠤ ᠰᠦᠯᠵᠢᠶᠡᠨ ᠳᠡᠭᠡᠷᠡᠬᠢ ᠮᠡᠳᠡᠭᠡ ᠵᠠᠩᠭᠢ ᠲᠠᠢ ᠨᠢ ᠠᠳᠠᠯᠢ ᠦᠭᠡᠢ ᠪᠤᠶᠤ ᠭᠡᠷᠡᠴᠢ ᠦᠨᠡᠮᠯᠡᠯ ᠢ ᠬᠤᠳᠠᠯ ᠬᠠᠭᠤᠷᠮᠠᠭ ᠵᠣᠬᠢᠶᠠᠭᠰᠠᠨ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃      ︵ᠭᠤᠷᠪᠠ︶ ᠬᠢᠷᠢ ᠪᠦᠲᠦᠮᠵᠢ ᠶᠢ ᠦᠨᠡᠮᠰᠢᠬᠦ᠄ ᠲᠤᠰ ᠤᠳᠠᠭᠠᠨ ᠤ ᠤᠷᠢᠵᠤ ᠡᠯᠰᠡᠬᠦ ᠰᠢᠯᠭᠠᠯᠲᠠ ᠶᠢᠨ ᠡᠴᠦᠰ ᠤᠨ ᠬᠢᠷᠢ ᠪᠦᠲᠦᠮᠵᠢ ᠶᠢ ᠰᠢᠯᠭᠠᠭᠤᠯᠤᠭᠴᠢ ᠶᠢᠨ ᠪᠢᠷ ᠤᠨ ᠰᠢᠯᠭᠠᠯᠳᠠ ᠪᠠ ᠨᠢᠭᠤᠷᠳᠠᠯ ᠰᠢᠯᠭᠠᠯᠳᠠ ᠶᠢᠨ ᠬᠢᠷᠢ ᠪᠦᠲᠦᠮᠵᠢ ᠶᠢᠨ 4᠄ 6᠎ ᠶᠢᠨ ᠬᠠᠷᠢᠴᠠᠯ ᠢᠶᠠᠷ ᠪᠤᠳᠤᠨ᠎ᠠ᠃      ︵ᠲᠦᠷᠪᠡ︶ ᠬᠢᠷᠢ ᠬᠡᠮ ᠤᠨ ᠬᠢᠨᠠᠨ ᠪᠠᠶᠢᠴᠠᠭᠠᠬᠤ᠃ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾᠎ ᠶᠢ ᠤᠷᠢᠵᠤ ᠬᠡᠷᠡᠭᠯᠡᠬᠦ ᠪᠠ ᠦᠢᠯᠡᠴᠢᠯᠡᠭᠡᠨ ᠤ ᠬᠤᠭᠤᠴᠠᠭᠠᠨ ᠤ ᠪᠦᠬᠦ ᠶᠠᠪᠤᠴᠠ ᠳᠠᠬᠢ ᠬᠢᠷᠢ ᠬᠡᠮ ᠢ ᠨᠢ ᠬᠢᠨᠠᠨ ᠪᠠᠶᠢᠴᠠᠭᠠᠵᠤ᠂ ᠨᠡᠷ᠎ᠡ ᠮᠡᠳᠡᠭᠦᠯᠬᠦ᠂ ᠰᠢᠯᠭᠠᠬᠤ᠂ ᠵᠠᠷᠯᠠᠨ ᠨᠡᠶᠢᠲᠡᠯᠡᠬᠦ ᠬᠤᠭᠤᠴᠠᠭ᠎ᠠ ᠪᠠ 3 ᠵᠢᠯ ᠤᠨ ᠦᠢᠯᠡᠴᠢᠯᠡᠭᠡᠨ ᠤ ᠬᠤᠭᠤᠴᠠᠭᠠᠨ ᠳᠤ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠤᠶᠤ ᠬᠤᠯᠪᠣᠭᠳᠠᠯ ᠪᠦᠬᠦᠢ ᠠᠰᠠᠭᠤᠳᠠᠯ ᠢ ᠨᠢᠭᠤᠨ ᠳᠠᠯᠳᠠᠯᠠᠭᠰᠠᠨ᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠮᠡᠳᠡᠭᠡ ᠵᠠᠩᠭᠢ ᠪᠣᠯᠤᠨ ᠬᠠᠮᠢᠶ᠎ᠠ ᠪᠦᠬᠦᠢ ᠦᠨᠡᠮᠯᠡᠯ ᠵᠡᠷᠭᠡ ᠮᠠᠲ᠋ᠧᠷᠢᠶᠠᠯ ᠢ ᠬᠠᠩᠭᠠᠭᠰᠠᠨ ᠶᠠᠪᠤᠳᠠᠯ ᠢ ᠣᠯᠵᠤ ᠮᠡᠳᠡᠬᠦ ᠳᠤ ᠬᠦᠷᠪᠡᠯ ᠲᠡᠷᠡ ᠳᠠᠷᠤᠢ ᠳᠤᠨᠢ᠂ ᠲᠡᠭᠦᠨ ᠤ ᠰᠢᠯᠭᠠᠯᠲᠠ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠤᠶᠤ ᠤᠷᠢᠨ ᠡᠯᠰᠡᠬᠦ ᠭᠡᠷ᠎ᠡ ᠪᠠᠨ ᠲᠠᠰᠤᠯᠤᠨ᠎ᠠ᠂ ᠲᠡᠭᠦᠨ ᠠᠴᠠ ᠪᠣᠯᠤᠭᠰᠠᠨ ᠬᠤᠬᠢᠷᠠᠯ ᠪᠠ ᠬᠠᠷᠢᠭᠤᠴᠠᠯᠭ᠎ᠠ ᠶᠢ ᠲᠤᠰ ᠬᠥᠮᠦᠨ ᠥᠪᠡᠷ ᠢᠶᠠᠨ ᠡᠭᠦᠷᠭᠡᠯᠡᠨ᠎ᠡ᠃ ᠬᠢᠷᠢ ᠬᠡᠮ ᠤᠨ ᠳᠠᠬᠢᠨ ᠬᠢᠨᠠᠨ ᠪᠠᠶᠢᠴᠠᠭᠠᠬᠤ ᠠᠵᠢᠯ ᠢ ᠠᠶᠢᠮᠠᠭ ᠬᠤᠲᠠ ᠪᠣᠯᠤᠨ ᠠᠵᠢᠯ ᠤᠨ ᠪᠠᠶᠢᠷᠢ ᠲᠣᠬᠢᠷᠠᠭᠤᠯᠤᠭᠰᠠᠨ ᠡᠯ᠎ᠡ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠮᠲᠤ ᠪᠠᠷ ᠵᠣᠬᠢᠶᠠᠨ ᠪᠠᠶᠢᠭᠤᠯᠤᠨ᠎ᠠ᠃      ︵ᠲᠠᠪᠤ︶ ᠨᠡᠷᠡᠰ ᠢ ᠢᠯᠡ ᠵᠠᠷᠯᠠᠬᠤ᠃ ᠠᠵᠢᠯ ᠤᠨ ᠪᠠᠶᠢᠷᠢ ᠲᠣᠬᠢᠷᠠᠭᠤᠯᠤᠭᠰᠠᠨ ᠡᠯ᠎ᠡ ᠬᠤᠰᠢᠭᠤ ᠰᠢᠶᠠᠨ ᠲᠥᠯᠥᠪᠯᠡᠭᠡᠨ ᠤ ᠲᠤᠭ᠎ᠠ ᠪᠠ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠤᠷᠢᠵᠤ ᠡᠯᠰᠡᠬᠦ ᠲᠥᠯᠥᠪᠯᠡᠭᠡ ᠶᠢᠨ ᠠᠵᠢᠯ ᠤᠨ ᠪᠠᠶᠢᠷᠢ ᠶᠢᠨ 1:1᠎ ᠶᠢᠨ ᠬᠠᠷᠢᠴᠠᠯ ᠢᠶᠠᠷ ᠲᠤᠰ ᠭᠠᠵᠠᠷ ᠣᠷᠣᠨ ᠤ ᠪᠠᠨ ︽ᠤᠨᠴᠠ ᠠᠵᠢᠯ ᠤᠨ ᠪᠠᠶᠢᠷᠢ ᠶᠢᠨ ᠪᠠᠭᠰᠢ︾᠎ ᠪᠠᠷ ᠡᠯᠰᠡᠭᠳᠡᠭᠴᠢ ᠶᠢ ᠲᠣᠭᠲᠠᠭᠠᠵᠤ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠳᠠᠷᠤᠭᠰᠠᠨ ᠤ ᠲᠠᠷᠠᠭ᠎ᠠ ᠠᠶᠢᠮᠠᠭ ᠬᠤᠳᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ᠃ ᠡᠯ᠎ᠡ ᠠᠶᠢᠮᠠᠭ ᠬᠤᠲᠠ ᠬᠠᠷᠢᠶ᠎ᠠ ᠬᠤᠰᠢᠭᠤ ᠰᠢᠶᠠᠨ ᠤ ᠤᠷᠢᠵᠤ ᠡᠯᠰᠡᠬᠦ ᠪᠠᠷ ᠲᠥᠯᠥᠪᠯᠡᠵᠦ ᠪᠠᠶᠢᠭ᠎ᠠ ᠪᠠᠶᠢᠳᠠᠯ ᠢ ᠬᠤᠷᠢᠶᠠᠩᠭᠤᠶᠢᠯᠠᠭᠰᠠᠨ ᠤ ᠪᠠᠨ ᠳᠠᠷᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠨᠤᠳᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠶᠢᠨ ᠤᠨᠴᠠ ᠠᠵᠢᠯ ᠤᠨ ᠪᠠᠶᠢᠷᠢ ᠶᠢᠨ ᠪᠠᠭᠰᠢ ᠪᠠᠷ ᠤᠷᠢᠨ ᠡᠯᠰᠡᠬᠦ  ᠬᠥᠮᠥᠰ ᠤᠨ ᠪᠦᠷᠢᠳᠬᠡᠯ ᠤᠨ ᠬᠦᠰᠦᠨᠦᠭᠲᠦ︾ ︵ᠬᠦᠰᠦᠨᠦᠭᠲᠦ ᠶᠢ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾ ᠡᠯᠰᠡᠬᠦ ᠰᠢᠰᠲ᠋ᠧᠮ ᠠᠴᠠ ᠪᠠᠭᠤᠯᠭᠠᠨ᠎ᠠ︶᠎ ᠶᠢ ᠲᠠᠭᠯᠠᠵᠤ᠂ ᠠᠶᠢᠮᠠᠭ ᠬᠤᠳᠠ ᠶᠢᠨ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠣᠷᠣᠨ ᠲᠤᠭ᠎ᠠ ᠵᠡᠷᠭᠡ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠡᠷᠬᠡᠪᠰᠢ 11 ᠳ᠋ᠦ᠋ᠭᠡᠷ ᠰᠠᠷ᠎ᠠ ᠶᠢᠨ 6᠎ ᠤ ᠡᠳᠦᠷ ᠠᠴᠠ ᠡᠮᠦᠨ᠎ᠡ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠪᠠᠷ ᠳᠠᠮᠵᠢᠭᠤᠯᠤᠨ ᠡᠯ᠎ᠡ ᠭᠠᠵᠠᠷ ᠤᠨ ᠡᠯᠰᠡᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠵᠡᠷᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 11 ᠳ᠋ᠦ᠋ᠭᠡᠷ ᠰᠠᠷ᠎ᠠ ᠶᠢᠨ 8᠎ ᠤ ᠡᠳᠦᠷ ᠠᠴᠠ 11 ᠳ᠋ᠦ᠋ᠭᠡᠷ ᠰᠠᠷ᠎ᠠ ᠶᠢᠨ 12᠎ ᠤ ᠡᠳᠦᠷ ᠪᠣᠯᠲᠠᠯ᠎ᠠ ᠶᠠᠪᠤᠭᠳᠠᠨ᠎ᠠ᠃      ︵ᠵᠢᠷᠭᠤᠭ᠎ᠠ︶ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠣᠯᠪᠠᠰᠤᠷᠠᠬᠤ᠃ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢᠭᠡᠳᠦᠯᠲᠡᠶ ᠵᠣᠬᠢᠶᠠᠨ ᠪᠠᠶᠢᠭᠤᠯᠤᠨ᠎ᠠ᠂ ᠪᠣᠯᠪᠠᠰᠤᠷᠠᠭᠤᠯᠤᠯ ᠤᠨ ᠬᠤᠭᠤᠴᠠᠭ᠎ᠠ ᠨᠢ 7 ᠡᠳᠦᠷ᠂ ᠪᠣᠯᠪᠠᠰᠤᠷᠠᠭᠤᠯᠤᠯ ᠢ 11 ᠳ᠋ᠦ᠋ᠭᠡᠷ ᠰᠠᠷ᠎ᠠ ᠶᠢᠨ 17᠎ ᠤ ᠡᠳᠦᠷ ᠠᠴᠠ 23᠎ ᠤ ᠡᠳᠦᠷ ᠪᠣᠯᠲᠠᠯ᠎ᠠ ᠬᠢᠬᠦ ᠪᠠᠷ ᠵᠢᠱᠢᠨ ᠲᠣᠭᠲᠠᠭᠠᠪᠠ᠂ ᠪᠣᠳᠠᠲᠠᠶ ᠴᠠᠭ ᠬᠤᠭᠤᠴᠠᠭ᠎ᠠ ᠶᠢ ᠠᠰ ᠲᠤᠨᠢ ᠮᠡᠳᠡᠭᠳᠡᠨ᠎ᠡ᠃      ︵ᠲᠤᠯᠤᠭ᠎ᠠ︶ ᠠᠵᠢᠯ ᠤᠨ ᠪᠠᠶᠢᠷᠢ ᠲᠣᠬᠢᠷᠠᠭᠤᠯᠤᠭᠰᠠᠨ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠷᠬᠡᠪᠰᠢ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠮᠦᠨ᠎ᠡ ᠣᠷᠢᠵᠤ ᠡᠯᠰᠡᠭᠰᠡᠨ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾᠎ ᠶᠢ ᠠᠵᠢᠯ ᠤᠨ ᠪᠠᠶᠢᠷᠢ ᠲᠣᠬᠢᠷᠠᠭᠤᠯᠤᠭᠰᠠᠨ ᠰᠤᠷᠭᠠᠭᠤᠯᠢ ᠳᠤᠨᠢ ᠲᠣᠮᠢᠯᠠᠨ ᠣᠴᠢᠭᠤᠯᠵᠤ᠂ ᠠᠵᠢᠯ ᠤᠨ ᠪᠠᠶᠢᠷᠢ ᠲᠣᠬᠢᠷᠠᠭᠤᠯᠤᠭᠰᠠᠨ ᠰᠤᠷᠭᠠᠭᠤᠯᠢ ᠨᠢ ᠵᠢᠭᠠᠨ ᠰᠤᠷᠭᠠᠬᠤ ᠠᠵᠢᠯ ᠲᠣᠬᠢᠷᠠᠭᠤᠯᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ ᠮᠡᠳᠡᠭᠳᠡᠯ ᠳᠤᠰᠤᠭᠰᠠᠨ ᠰᠢᠯᠭᠠᠭᠤᠯᠤᠭᠴᠢ ᠳᠤᠭᠳᠠᠭᠰᠠᠨ ᠬᠤᠭᠤᠴᠠᠭᠠᠨ ᠳᠤ ᠠᠵᠢᠯ ᠤᠨ ᠪᠠᠶᠢᠷᠢ ᠲᠣᠬᠢᠷᠠᠭᠤᠯᠤᠭᠰᠠᠨ ᠬᠤᠰᠢᠭᠤ ᠰᠢᠶᠠᠨ ᠳᠤ ᠬᠦᠷᠴᠦ ᠨᠡᠷ᠎ᠡ ᠮᠡᠳᠡᠬᠦᠯᠬᠦ ᠬᠡᠷᠡᠭᠳᠡᠢ᠂ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠡᠷ᠎ᠡ ᠪᠠᠨ ᠮᠡᠳᠡᠬᠦᠯᠬᠦ ᠦᠭᠡᠢ ᠪᠣᠯ ᠣᠷᠢᠵᠤ ᠡᠯᠰᠡᠬᠦ ᠬᠢᠷᠢ ᠬᠡᠮ ᠢ ᠨᠢ ᠬᠠᠰᠤᠨ᠎ᠠ᠃      ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ︵ᠨᠢᠭᠡ︶ ᠡᠯ᠎ᠡ ᠬᠤᠯᠪᠣᠭᠳᠠᠯ ᠪᠥᠬᠦᠢ ᠠᠶᠢᠮᠠᠭ ᠬᠤᠳᠠ᠂ ᠬᠤᠰᠢᠭᠤ ᠰᠢᠶᠠᠨ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠎ ᠤᠨ ᠣᠷᠳᠣᠨ ᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠲᠤᠭ᠎ᠠ ᠵᠡᠷᠭᠡ ᠰᠠᠯᠠᠭ᠎ᠠ ᠮᠥᠴᠢᠷ ᠤᠨ ᠤᠳᠤᠷᠢᠳᠬᠤ ᠤᠳᠤᠷᠢᠳᠤᠯᠭ᠎ᠠ ᠶᠢ ᠣᠷᠣᠯᠴᠠᠭᠤᠯᠤᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠨᠢ ᠲᠣᠰ ᠲᠣᠰ ᠪᠠᠶᠢᠭᠤᠯᠬᠤ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠮᠡᠳᠡᠭᠳᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠡᠭᠯᠡᠵᠦ᠂ ᠬᠠᠷᠢᠯᠴᠠᠨ ᠬᠠᠮᠵᠢᠯᠴᠠᠵᠤ᠂ ᠰᠠᠨᠠᠯ ᠢᠶᠠᠨ ᠴᠠᠭ ᠲᠤᠬᠠᠶ ᠳᠤᠨᠢ ᠰᠣᠯᠢᠯᠴᠠᠵᠤ᠂ ᠬᠠᠷᠢᠯᠴᠠᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃      ︵ᠬᠤᠶᠠᠷ︶ ᠡᠯ᠎ᠡ ᠬᠤᠯᠪᠣᠭᠳᠠᠯ ᠪᠥᠬᠦᠢ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾᠎ ᠶᠢᠨ ᠨᠢᠭᠤᠷᠲᠠᠨ ᠰᠢᠯᠭᠠᠬᠤ ᠵᠡᠷᠭᠡ ᠠᠵᠢᠯ ᠤᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠬᠤᠰᠢᠭᠤ ᠰᠢᠶᠠᠨ ᠨᠤᠭᠤᠳ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢ ᠨᠢ ᠰᠢᠮᠳᠠᠭᠤᠯᠤᠨ ᠵᠢᠯᠣᠭᠤᠳᠴᠤ᠃ ᠬᠤᠰᠢᠭᠤ ᠰᠢᠶᠠᠨ ᠨᠢ ᠠᠶᠢᠮᠠᠭ ᠬᠤᠳᠠ ᠲᠠᠢ ᠬᠠᠮᠲᠤᠷᠠᠨ ᠨᠢᠭᠤᠷᠲᠠᠨ ᠰᠢᠯᠭᠠᠬᠤ ᠠᠵᠢᠯ ᠢ ᠰᠠᠶᠢᠲᠤᠷ ᠬᠢᠵᠦ᠂ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ︾᠎ ᠶᠢᠨ ᠬᠠᠮᠢᠶᠠᠷᠤᠯᠲᠠ ᠶᠢᠨ ᠠᠷᠭ᠎ᠠ ᠂ ᠬᠢᠨᠠᠨ ᠰᠢᠯᠭᠠᠬᠤ ᠠᠷᠭ᠎ᠠ ᠪᠠ ᠦᠢᠯᠡᠴᠢᠯᠡᠬᠦ ᠬᠤᠭᠤᠴᠠᠭ᠎ᠠ ᠨᠢ ᠳᠠᠭᠤᠰᠤᠭᠰᠠᠠ ᠤ ᠳᠠᠷᠠᠭ᠎ᠠ ᠲᠥᠪᠬᠢᠨᠡᠭᠦᠯᠬᠦ ᠵᠡᠷᠭᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠬᠤ ᠬᠡᠷᠡᠭᠲᠡᠢ᠃      ︵ᠭᠤᠷᠪᠠ︶ ᠠᠶᠢᠮᠠᠭ ᠬᠤᠳᠠ ᠨᠤᠭᠤᠳ ᠳᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ︽ᠤᠷᠤᠨ ᠨᠤᠳᠤᠭ ᠤᠨ ᠤᠨᠴᠠ ᠠᠵᠢᠯ ᠤᠨ ᠪᠠᠶᠢᠷᠢ ᠶᠢᠨ ᠲᠦᠯᠦᠪᠯᠡᠭᠡ︾᠎ ᠶᠢᠨ ᠴᠢᠭᠯᠡᠯᠲᠡ ᠲᠦᠷᠦ ᠶᠢᠨ ᠪᠤᠳᠤᠯᠭ᠎ᠠ ᠪᠠ ᠤᠷᠢᠵᠤ ᠡᠯᠰᠡᠬᠦ ᠠᠵᠢᠯ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠷᠢᠭᠳᠠᠵᠤ ᠡᠯᠰᠡᠭᠳᠡᠭᠰᠡᠳ ᠤᠨ ᠳᠤᠷᠠᠳᠤᠭᠰᠠᠨ ᠲᠦᠷᠦ ᠶᠢᠨ ᠪᠤᠳᠤᠯᠭ᠎ᠠ ᠶᠢᠨ ᠯᠠᠪᠯᠠᠭ᠎ᠠ ᠶᠢ ᠲᠠᠶᠢᠯᠪᠤᠷᠢᠯᠠᠵᠤ ᠥᠭᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ         ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠵᠥᠪᠯᠡᠯ ᠤᠨ ᠠᠯᠪᠠᠨ ᠭᠡᠷ                                                                                        2016 ᠣᠨ ᠤ 10 ᠳ᠋ᠤᠭᠠᠷ ᠰᠠᠷ᠎ᠠ ᠶᠢᠨ 8᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号