ᠪᠦᠬᠦ ᠤᠷᠤᠨ ᠤ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠦᠨ ᠪᠠᠶᠢᠭᠤᠯᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/10/18
     10 ᠳ᠋ᠤᠭᠠᠷ ᠰᠠᠷ᠎ᠠ ᠶᠢᠨ14᠎ ᠤ ᠡᠳᠤᠷ᠂ ᠪᠦᠬᠦ ᠤᠷᠤᠨ ᠤ ᠪᠤᠯᠪᠠᠰᠤᠨ ᠰᠤᠷᠭᠠᠭᠤᠯᠢ ᠶᠢᠨ ᠬᠦᠷᠢᠶ᠎ᠡ  ᠎ ᠶᠢ ᠡᠬᠦᠳᠦᠨ ᠪᠠᠶᠢᠭᠤᠯᠬᠤ ᠠᠵᠢᠯ ᠤᠨ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠵᠥ᠂ ᠬᠤᠷᠠᠯ ᠳᠡᠭᠡᠷ᠎ᠡ ᠲᠦᠪ ᠤᠨ ︽ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠲᠤᠬᠠᠢ ᠬᠡᠷᠡᠭᠵᠢᠬᠦᠯᠬᠦ ᠰᠠᠨᠠᠯ︾᠎ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠪᠦᠬᠦ ᠤᠷᠤᠨ ᠤ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠦᠨ ᠪᠠᠶᠢᠭᠤᠯᠬᠤ ᠠᠵᠢᠯ ᠳᠤ ᠪᠠᠶᠢᠷᠢᠯᠠᠭᠤᠯᠤᠯᠳᠡ ᠬᠢᠪᠡ᠃     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠎ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠵᠠᠢ᠃      ᠤᠯᠠᠭᠠᠨ ᠵᠢᠭᠠᠵᠦ ᠭᠠᠷᠭᠠᠬᠰᠠᠨ ᠨᠢ᠂ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠦᠨ ᠪᠠᠶᠢᠭᠤᠯᠬᠤ ᠠᠵᠢᠯ ᠪᠤᠯ ᠤᠳᠤ ᠦᠶ᠎ᠡ ᠳᠤ ᠭᠠᠪᠢᠶ᠎ᠠ ᠲᠠᠢ᠂ ᠠᠯᠤᠰ ᠢᠷᠡᠬᠡᠳᠤᠢ ᠳᠤ ᠠᠰᠢᠬᠳᠠᠢ ᠰᠢᠰᠲ᠋ᠧᠮᠳᠤ ᠢᠨᠵᠧᠨᠧᠷᠢᠩ ᠪᠤᠯᠤᠨ᠎ᠠ᠂ ᠰᠤᠷᠭᠠᠭᠤᠯᠢ ᠶᠢᠨ ᠬᠦᠷᠢᠶ᠎ᠡ ᠶᠢᠨ ᠪᠦᠳᠦᠭᠡᠨ ᠪᠠᠶᠢᠭᠤᠯᠤᠯᠳᠠ ᠶᠢᠨ ᠲᠦᠷᠢ ᠲᠦᠷᠬᠦ᠂ ᠪᠢᠴᠢᠭ ᠵᠢᠭᠠᠵᠥ ᠬᠦᠮᠥᠨ ᠬᠦᠮᠥᠵᠢᠬᠦᠯᠬᠦ ᠲᠦᠪᠰᠢᠨ᠂ ᠪᠠᠭᠰᠢ ᠶᠢᠨ ᠶᠤᠰᠤ ᠮᠤᠷᠠᠯ ᠪᠠᠭᠰᠢ ᠶᠢᠨ ᠰᠤᠷᠳᠠᠯ᠂ ᠰᠤᠷᠤᠭᠴᠢ ᠶᠢᠨ ᠬᠡᠪ ᠪᠤᠯᠪᠠᠰᠤᠷᠠᠯ ᠵᠡᠷᠬᠡ ᠶᠡᠷᠤᠩᠬᠡᠶᠢᠯᠡᠭᠰᠡᠡ ᠪᠤᠳᠠᠳᠤ ᠬᠦᠴᠦᠨ ᠢ ᠲᠡᠭᠡᠭᠰᠢᠯᠡᠬᠦᠯᠬᠦ᠂ ᠰᠤᠷᠭᠠᠨ ᠬᠦᠮᠥᠵᠢᠯ ᠵᠢᠭᠠᠨ ᠰᠤᠷᠭᠠᠯᠳᠡ ᠶᠢ ᠠᠬᠢᠭᠤᠯᠤᠨ ᠬᠦᠴᠦᠷᠭᠡᠭᠵᠢᠬᠦᠯᠬᠦ ᠶᠢ ᠪᠡᠶᠡᠯᠡᠬᠦᠯᠬᠦ᠂ ᠰᠤᠷᠭᠠᠭᠤᠯᠢ ᠶᠢᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ᠂ ᠢᠷᠭᠡᠳ ᠤᠨ ᠪᠤᠯᠪᠠᠰᠤᠨ ᠬᠡᠪ ᠪᠤᠯᠪᠠᠰᠤᠷᠠᠯ ᠪᠤᠯᠤᠨ ᠭᠠᠵᠠᠷ ᠤᠷᠤᠨ ᠤ ᠪᠤᠯᠪᠠᠰᠤᠨ ᠤ ᠬᠡᠮᠵᠢᠶ᠎ᠡ ᠲᠡᠭᠡᠭᠰᠢᠯᠡᠬᠦᠯᠬᠦ ᠳᠤ ᠴᠢᠬᠤᠯᠠ ᠪᠤᠳᠠᠳᠤ ᠠᠴᠢ ᠬᠤᠯᠪᠤᠭᠳᠠᠯ ᠪᠤᠯᠤᠨ ᠠᠯᠤᠰ ᠬᠡᠳᠤ ᠶᠢᠨ ᠲᠡᠤᠬᠡᠳᠤ ᠠᠴᠢ ᠬᠤᠯᠪᠤᠭᠳᠠᠯ ᠲᠠᠢ ᠶᠤᠮ᠃ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠨ ᠪᠤᠯᠪᠠᠰᠤᠨ ᠨᠢᠬᠡᠴᠡ ᠶᠢ ᠡᠬᠦᠳᠦᠨ ᠪᠠᠶᠢᠭᠤᠯᠬᠤ ᠠᠵᠢᠯ  ᠎ ᠤᠨ ᠦᠢᠯᠡᠳᠦᠯᠬᠡ ᠲᠠᠢ ᠪᠠᠨ ᠬᠦᠢᠴᠡᠳ ᠤᠶᠠᠯᠳᠤᠭᠤᠯᠵᠥ᠂ ︽ᠵᠢᠷᠭᠤᠭᠠᠨ ᠰᠠᠶᠢᠨ︾᠎ ᠤ ᠪᠠᠷᠢᠮᠵᠢᠶ᠎ᠠ ᠶᠤᠰᠤᠭᠠᠷ᠂ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠬᠦᠳᠦᠨ ᠪᠠᠶᠢᠭᠤᠯᠬᠤ ᠠᠵᠢᠯ ᠢ ᠢᠳᠡᠪᠬᠢᠳᠡᠢ ᠠᠬᠢᠭᠤᠯᠵᠥ᠂ ᠲᠡᠭᠡᠷ᠎ᠡ ᠠᠴᠠ ᠲᠤᠷᠤᠭᠰᠢ᠂ ᠱᠠᠳᠤ ᠱᠠᠳᠤ ᠪᠠᠷ ᠠᠬᠢᠭᠤᠯᠤᠭᠰᠠᠠ ᠪᠠᠶᠢᠳᠠᠯ ᠢ ᠪᠦᠷᠢᠯᠳᠦᠬᠦᠯᠬᠦ ᠬᠡᠷᠡᠭᠳᠡᠢ ᠬᠡᠪᠠ᠃      ᠤᠯᠠᠭᠠᠨ ᠴᠢᠬᠤᠯᠠᠴᠢᠯᠠᠬᠰᠠᠨ ᠨᠢ᠂ ᠦᠵᠡᠯ ᠰᠠᠨᠠᠭ᠎ᠠ ᠲᠠᠨᠢᠯᠲᠡ ᠪᠠᠨ ᠤᠯᠠᠮ ᠴᠢᠨᠠᠭᠰᠢᠲᠠ ᠬᠦᠨᠵᠡᠭᠡᠶᠢᠷᠡᠭᠦᠯᠵᠦ᠂ ᠪᠤᠯᠪᠠᠰᠤᠨ ᠰᠤᠷᠭᠠᠭᠤᠯᠢ ᠶᠢᠨ ᠬᠦᠷᠢᠶ᠎ᠠ ᠶᠢ ᠡᠭᠦᠳᠦᠨ ᠪᠠᠶᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠡᠭᠡᠭᠰᠢᠯᠡᠬᠦᠯᠬᠦ ᠬᠡᠷᠡᠭᠲᠡᠢ᠃ ᠦᠵᠡᠯ ᠰᠠᠨᠠᠭ᠎ᠠ ᠶᠤᠰᠤ ᠮᠤᠷᠠᠯ ᠤᠨ ᠬᠦᠮᠦᠵᠢᠯ᠂ ᠰᠤᠷᠭᠠᠭᠤᠯᠢ ᠶᠢᠨ ᠬᠦᠷᠢᠶ᠎ᠡ ᠶᠢᠨ ᠰᠤᠶᠤᠯ ᠤᠨ ᠪᠠᠶᠢᠭᠤᠯᠤᠯᠲᠠ᠂ ᠠᠵᠢᠯᠯᠠᠭ᠎ᠠ ᠶᠢᠨ ᠪᠠᠬᠢᠯᠡᠯᠲᠡ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶ᠎ᠡ ᠶᠢᠨ ᠤᠷᠴᠢᠨ ᠲᠤᠭᠤᠷᠢᠨ  ᠎ ᠤ ᠪᠦᠲᠦᠭᠡᠨ ᠪᠠᠶᠢᠭᠤᠯᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ ᠤᠳᠤᠷᠢᠳᠬᠤ ᠪᠠᠭ ᠤᠨ ᠪᠠᠶᠢᠭᠤᠯᠤᠯᠲᠠ ᠵᠡᠷᠭᠡ ᠲᠠᠯ᠎ᠠ ᠳᠤ ᠡᠭᠦᠳᠦᠨ ᠪᠠᠶᠢᠭᠤᠯᠬᠤ ᠠᠭᠤᠯᠭ᠎ᠠ ᠪᠠᠨ ᠤᠯᠠᠮ ᠴᠢᠨᠠᠭᠰᠢᠲᠠ ᠨᠠᠷᠢᠯᠢᠭᠵᠢᠭᠤᠯᠵᠤ᠂ ︽ᠵᠢᠷᠭᠤᠭᠠᠨ ᠰᠠᠶᠢᠨ︾ ᠪᠠᠷᠢᠮᠵᠢᠶ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠤᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠪᠦᠬᠦᠯᠢ ᠴᠤᠭᠴᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠳᠦᠨ ᠪᠦᠲᠦᠭᠡᠬᠦ ᠠᠴᠢᠶᠠᠯᠠᠭᠴᠢ ᠶᠢ ᠤᠯᠠᠮ ᠴᠢᠨᠠᠭᠰᠢᠲᠠ ᠪᠠᠶᠠᠯᠢᠭᠵᠢᠭᠤᠯᠵᠤ᠂ ︽ᠶᠤᠰᠤ ᠰᠤᠷᠲᠠᠬᠤᠨ ᠢᠶᠠᠨ ᠳᠠᠪᠲᠠᠨ ᠪᠤᠯᠪᠠᠰᠤᠷᠠᠭᠤᠯᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠵᠤ· ᠴᠢᠳᠠᠪᠤᠷᠢᠲᠠᠨ ᠪᠤᠯᠵᠤ ᠬᠦᠰᠡᠯᠡᠩ ᠢᠶᠠᠨ ᠪᠡᠶᠡᠯᠡᠭᠦᠯᠦᠶ᠎ᠡ︾ ᠭᠡᠬᠦ ᠪᠠᠷ ᠨᠢᠬᠡᠳᠤᠯᠳᠡᠢ ᠵᠢᠯᠤᠭᠤᠳᠤᠭᠤᠯᠵᠥ᠂ ᠦᠷᠲᠡᠭ ᠢ ᠳᠠᠶᠢᠯᠠᠨ ᠳᠠᠭᠠᠭᠤᠯᠬᠤ᠂ ᠶᠤᠰᠤ ᠰᠤᠷᠲᠠᠬᠤᠨ ᠪᠤᠯᠪᠠᠰᠤᠷᠠᠯ ᠢ ᠬᠦᠮᠦᠵᠢᠭᠦᠯᠬᠦ᠂ ᠪᠤᠯᠪᠠᠰᠤᠨ ᠢ ᠡᠭᠦᠳᠦᠨ ᠪᠠᠶᠢᠭᠤᠯᠬᠤ᠂ ᠰᠤᠷᠭᠠᠭᠤᠯᠢ ᠶᠢᠨ ᠰᠤᠷᠲᠠᠯ ᠢ ᠤᠯᠠᠮᠵᠢᠯᠠᠬᠤ ᠵᠡᠷᠭᠡ ᠠᠴᠢᠶᠠᠯᠠᠭᠴᠢ ᠶᠢ ᠪᠠᠶᠠᠯᠢᠭᠵᠢᠭᠤᠯᠬᠤ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠭᠤᠤᠯᠯᠠᠭᠴᠢ ᠦᠷᠲᠡᠭ  ᠎ ᠤᠨ ᠦᠵᠡᠯᠳᠡ ᠶᠢᠨ ᠪᠤᠯᠪᠠᠰᠤᠨ ᠰᠤᠷᠭᠠᠭᠤᠯᠢ ᠶᠢᠨ ᠬᠦᠷᠢᠶ᠎ᠡ ᠳᠤ ᠨᠠᠶᠢᠳᠠᠪᠤᠷᠢᠵᠢᠭᠳᠠᠬᠤ ᠶᠢ ᠠᠬᠢᠭᠤᠯᠬᠤ ᠬᠡᠷᠡᠭᠲᠡᠢ᠃ ᠡᠭᠦᠳᠦᠨ ᠪᠠᠶᠢᠭᠤᠯᠬᠤ ᠬᠠᠷᠠᠯᠲᠠ ᠪᠠᠨ ᠤᠯᠠᠮ ᠴᠢᠨᠠᠭᠰᠢᠲᠠ ᠳᠤᠳᠤᠷᠬᠠᠢᠢᠯᠠᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠳᠤᠭᠲᠠᠴᠠ ᠶᠢ ᠲᠡᠭᠦᠯᠳᠡᠷᠵᠢᠭᠦᠯᠵᠦ᠂ 2020 ᠤᠨ ᠪᠤᠯᠲᠠᠯ᠎ᠠ ᠪᠦᠬᠦ ᠤᠷᠤᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠤᠯᠪᠠᠰᠤᠨ ᠰᠤᠷᠭᠠᠭᠤᠯᠢ ᠶᠢᠨ ᠬᠦᠷᠢᠶ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ 100%᠎ ᠢᠶᠠᠷ ᠪᠦᠷᠬᠦᠭᠦᠯᠬᠦ ᠶᠢ ᠪᠠᠲᠤᠯᠠᠵᠤ᠂ ᠡᠭᠦᠳᠦᠨ ᠪᠠᠶᠢᠭᠤᠯᠬᠤ ᠠᠵᠢᠯ ᠤᠨ ᠳᠦᠷᠢᠮᠵᠢᠯᠲᠡ᠂ ᠪᠠᠶᠢᠩᠭᠤᠵᠢᠯᠲᠠ᠂ ᠵᠢᠷᠤᠮᠵᠢᠯᠲᠠ ᠶᠢ ᠠᠬᠢᠭᠤᠯᠬᠤ ᠬᠡᠷᠡᠭᠲᠡᠢ ᠭᠡᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠰᠢᠯᠢ ᠶᠢᠨ ᠬᠤᠲᠠ ᠶᠢᠨ ᠪᠤᠯᠪᠠᠰᠤᠨ ᠰᠤᠷᠭᠠᠭᠤᠯᠢ ᠶᠢᠨ ᠬᠦᠷᠢᠶ᠎ᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠲᠤᠭᠤᠷᠢᠨ ᠦᠵᠡᠪᠡ᠃ ᠤᠷᠳᠤᠰ ᠬᠤᠲᠠ ᠶᠢᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠢᠯᠤᠭᠤᠳᠬᠤ ᠵᠦᠪᠯᠡᠯ ᠤᠨ ᠠᠯᠪᠠᠨ ᠭᠡᠷ᠂ ᠰᠢᠯᠢᠩᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ 8 ᠭᠠᠵᠠᠷ ᠤᠷᠤᠨ ᠪᠠ ᠪᠠᠶᠢᠭᠤᠯᠭ᠎ᠠ ᠲᠤᠷᠰᠢᠯᠭ᠎ᠠ ᠰᠤᠯᠢᠯᠴᠠᠬᠤ ᠶᠠᠷᠢᠶ᠎ᠠ ᠢᠯᠡᠳᠬᠡᠯ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号