ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠬᠡᠳ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠦᠯᠦᠭᠡᠯᠡᠭᠴᠢᠳ ᠤᠨ ᠪᠦᠯᠬᠦᠮ ᠶᠠᠷᠢᠯᠴᠠᠬᠤ ᠬᠤᠷᠠᠯ ᠬᠢᠪᠡ    ᠪᠦ᠋ ᠰᠢᠶᠤᠤ ᠯᠢᠨ ᠬᠤᠷᠠᠯ ᠢ ᠡᠷᠬᠢᠯᠡᠵᠦ ᠰᠢᠶᠠᠨ ᠬᠤᠢ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/10/18
     10 ᠳ᠋ᠤᠭᠠᠷ ᠰᠠᠷ᠎ᠠ ᠶᠢᠨ 17᠎ ᠤ ᠡᠳᠦᠷ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠬᠡᠳ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠦᠯᠦᠭᠡᠯᠡᠭᠴᠢᠳ ᠤᠨ ᠪᠦᠯᠬᠦᠮ ᠬᠦᠬᠡᠬᠤᠳᠠ ᠳᠤ ᠶᠠᠷᠢᠯᠴᠠᠬᠤ ᠬᠤᠷᠠᠯ ᠬᠢᠵᠦ᠂ ᠬᠤᠶᠠᠷ ᠭᠠᠵᠠᠷ ᠤᠨ ᠬᠠᠮᠳᠤᠷᠠᠯᠴᠠᠭ᠎ᠠ ᠶᠢ ᠴᠢᠨᠠᠭᠰᠢᠳᠠ ᠬᠦᠨᠵᠡᠭᠡᠶᠢᠷᠡᠬᠦᠯᠤᠨ ᠪᠤᠭᠤᠳᠤ — ᠢᠷᠭᠠᠢ ᠶᠢᠨ ᠲᠦᠷᠭᠡᠨ ᠤ ᠲᠡᠮᠦᠷ ᠵᠠᠮ᠂ ᠪᠠᠶᠠᠨᠬᠤᠳᠠ — ᠢᠷᠭᠠᠢ ᠶᠢᠨ ᠦᠨᠳᠦᠷ ᠬᠤᠷᠳᠤᠴᠠᠳᠦ ᠲᠡᠮᠦᠷ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠠᠮᠳᠤᠪᠡᠷ ᠠᠬᠢᠭᠤᠯᠬᠤ ᠵᠡᠷᠭᠡ ᠵᠦᠢᠯ ᠤᠨ ᠲᠤᠬᠠᠢ ᠶᠠᠷᠢᠯᠴᠠᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠶᠠᠷᠢᠯᠴᠠᠬᠤ ᠬᠤᠷᠠᠯ ᠢ ᠡᠷᠬᠢᠯᠡᠵᠦ᠂ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠰᠢᠶᠠᠨ ᠬᠤᠢ ᠬᠤᠷᠠᠯ ᠳᠤ ᠶᠠᠷᠢᠶ᠎ᠠ ᠲᠠᠯᠪᠢᠵᠠᠢ᠃      ᠪᠦ᠋ ᠰᠢᠶᠤᠤ ᠯᠢᠨ ᠬᠤᠷᠠᠯ ᠡᠷᠬᠢᠯᠡᠬᠦ ᠳᠡᠭᠡᠨ ᠵᠢᠭᠠᠵᠦ ᠭᠠᠷᠭᠠᠭᠰᠠᠨ ᠨᠢ᠂ ᠥᠪᠦᠷ ᠮᠤᠩᠭᠤᠯ ᠪᠤᠯᠤᠨ ᠨᠢᠩᠰᠢᠶᠠ ᠬᠦᠷᠰᠢᠯᠡᠵᠦ᠂ ᠴᠦᠮ ᠴᠦᠭᠡᠨ ᠲᠤᠭᠠᠳᠦ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠪᠠᠶᠢᠵᠦ᠂ ᠰᠠᠶᠢᠨ ᠰᠠᠶᠢᠬᠠᠨ ᠰᠤᠯᠢᠯᠴᠠᠭ᠎ᠠ ᠪᠤᠯᠤᠨ ᠬᠠᠮᠳᠤᠷᠠᠯᠴᠠᠭ᠎ᠠ ᠪᠠᠨ ᠢᠮᠠᠭᠳᠠ ᠪᠠᠳᠤᠯᠠᠭᠰᠠᠭᠠᠷ ᠢᠷᠡᠵᠠᠢ᠃ ᠲᠡᠷᠢᠬᠦᠯᠡᠭᠴᠢ ᠰᠢᠶᠠᠨ ᠬᠤᠢ ᠥᠪᠦᠷ ᠮᠤᠩᠭᠤᠯ ᠳᠤ ᠢᠷᠡᠵᠦ ᠪᠤᠭᠤᠳᠤ — ᠢᠷᠭᠠᠢ ᠶᠢᠨ ᠲᠦᠷᠭᠡᠨ ᠤ ᠲᠡᠮᠦᠷ ᠵᠠᠮ᠂ ᠪᠠᠶᠠᠨᠬᠤᠳᠠ — ᠢᠷᠭᠠᠢ ᠶᠢᠨ ᠦᠨᠳᠦᠷ ᠬᠤᠷᠳᠤᠴᠠᠳᠦ ᠲᠡᠮᠦᠷ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠤᠯᠪᠤᠭᠳᠠᠯ ᠪᠦᠬᠦᠢ ᠵᠦᠢᠯ ᠢ ᠵᠦᠪᠳᠡᠵᠦ᠂ ᠬᠤᠶᠠᠷ ᠭᠠᠵᠠᠷ ᠤᠨ ᠰᠤᠯᠢᠯᠴᠠᠭ᠎ᠠ ᠬᠠᠮᠳᠤᠷᠠᠯᠴᠠᠭ᠎ᠠ ᠶᠢᠨ ᠲᠤᠬᠠᠢ ᠰᠠᠨᠠᠯ ᠢᠶᠠᠨ ᠴᠢᠨᠠᠭᠰᠢᠳᠠ ᠢᠯᠡᠳᠭᠡᠭᠰᠡᠨ ᠨᠢ ᠬᠤᠶᠠᠷ ᠭᠠᠵᠠᠷ ᠤᠨ ᠬᠠᠮᠳᠦ ᠶᠢᠨ ᠠᠰᠢᠭ ᠲᠤᠰᠠ ᠪᠠ ᠬᠠᠷᠠᠯᠳᠠ ᠲᠠᠢ ᠨᠡᠶᠢᠴᠡᠨ᠎ᠠ᠃ ᠥᠪᠦᠷ ᠮᠤᠩᠭᠤᠯ ᠲᠤᠷᠠᠳᠠᠶ᠎ᠠ ᠨᠢᠩᠰᠢᠶᠠ ᠲᠠᠢ ᠬᠠᠮᠳᠤᠪᠡᠷ ᠲᠤᠰ ᠬᠤᠶᠠᠷ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ ᠭᠡᠵᠠᠢ᠃      ᠪᠦ᠋ ᠰᠢᠶᠤᠤ ᠯᠢᠨ ᠭᠡᠯᠡᠭᠰᠡᠨ ᠨᠢ᠂ ᠥᠪᠦᠷ ᠮᠤᠩᠭᠤᠯ ᠪᠤᠯᠤᠨ ᠨᠢᠩᠰᠢᠶᠠ ᠮᠠᠰᠢ ᠰᠠᠶᠢᠨ ᠬᠠᠮᠳᠤᠷᠠᠯᠴᠠᠭᠠᠨ ᠤ ᠰᠠᠭᠤᠷᠢ ᠲᠠᠢ ᠪᠠᠶᠢᠵᠦ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠠ᠂ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠬᠦᠷᠢᠶᠡᠨ ᠳᠤ ᠮᠠᠰᠢ ᠤᠯᠠᠨ ᠬᠠᠮᠳᠤᠷᠠᠯᠴᠠᠭᠠᠨ ᠤ ᠦᠷ᠎ᠠ ᠪᠦᠳᠦᠭᠡᠯ ᠤᠯᠵᠠᠢ᠃ ᠥᠪᠦᠷ ᠮᠤᠩᠭᠤᠯ ᠶᠠᠭ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠪᠤᠯᠤᠨ ᠴᠡᠪᠡᠷ ᠡᠨᠧᠷᠬᠢ ᠶᠢᠨ ᠰᠠᠭᠤᠷᠢᠨ ᠢ ᠲᠦᠷᠭᠡᠳᠭᠡᠨ ᠪᠠᠶᠢᠭᠤᠯᠵᠦ᠂ ᠵᠢᠭᠤᠯᠴᠢᠯᠠᠯ ᠪᠤᠯᠤᠨ ᠰᠤᠶᠤᠯ ᠤᠨ ᠠᠵᠤ ᠦᠢᠯᠡᠰ ᠢ ᠶᠡᠭᠡ ᠬᠦᠴᠦ ᠪᠠᠷ ᠪᠤᠶᠢᠵᠢᠭᠤᠯᠤᠨ ᠬᠦᠭᠵᠢᠬᠦᠯᠵᠦ᠂ ᠨᠢᠩᠰᠢᠶᠠ ᠡᠳᠡᠭᠡᠷ ᠲᠠᠯ᠎ᠠ ᠪᠠᠷ ᠲᠠᠪᠠᠭᠤᠯᠢᠭ ᠲᠠᠢ ᠮᠦᠷᠳᠡᠭᠡᠨ ᠪᠠᠰᠠ ᠲᠤᠷᠰᠢᠯᠭ᠎ᠠ ᠲᠠᠢ ᠶᠤᠮ᠃ ᠬᠤᠶᠠᠷ ᠭᠠᠵᠠᠷ ᠤᠨ ᠬᠢᠨ ᠭᠠᠳᠠᠭᠠᠳᠦ ᠨᠡᠭᠡᠭᠡᠯᠳᠠ ᠪᠠᠨ ᠦᠷᠭᠡᠳᠭᠡᠬᠦ᠂ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠲᠠᠯ᠎ᠠ ᠪᠠᠷ ᠬᠠᠮᠳᠤᠷᠠᠯᠴᠠᠭᠠᠨ ᠤ ᠤᠷᠤᠨ ᠵᠠᠢ ᠮᠠᠰᠢ ᠶᠡᠭᠡ ᠪᠠᠶᠢᠵᠤ᠂ ᠬᠤᠶᠠᠷ ᠲᠠᠯ᠎ᠠ ᠪᠠᠷ ᠢᠶᠠᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠶᠢ ᠬᠦᠰᠡᠵᠦ ᠪᠠᠶᠢᠨ᠎ᠠ ᠭᠡᠪᠠ᠃      ᠰᠢᠶᠠᠨ ᠬᠤᠢ ᠶᠠᠷᠢᠶᠠᠨ ᠳᠠᠭᠠᠨ ᠢᠯᠡᠳᠭᠡᠭᠰᠡᠨ ᠨᠢ᠂ ᠤᠢᠢᠷ᠎ᠠ ᠶᠢᠨ ᠵᠢᠯ ᠳᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠲᠠᠯ᠎ᠠ ᠪᠠᠷ ᠡᠯᠪᠡᠭ ᠳᠡᠯᠪᠡᠭ ᠦᠷ᠎ᠠ ᠪᠦᠳᠦᠭᠡᠯ ᠤᠯᠵᠦ᠂ ᠮᠠᠰᠢ ᠤᠯᠠᠨ ᠰᠠᠶᠢᠨ ᠲᠤᠷᠰᠢᠯᠭ᠎ᠠ ᠪᠤᠯᠤᠨ ᠠᠷᠭ᠎ᠠ ᠬᠢᠳᠡᠯ ᠢ ᠬᠤᠷᠠᠮᠳᠤᠭᠤᠯᠪᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠨ ᠵᠢᠯ ᠤᠨ ᠲᠤᠷᠰᠢ ᠨᠢᠩᠰᠢᠶᠠ ᠳᠤ ᠮᠠᠰᠢ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠬᠦᠯᠵᠦ᠂ ᠬᠤᠶᠠᠷ ᠭᠠᠵᠠᠷ ᠤᠨ ᠬᠢᠨ ᠮᠠᠰᠢ ᠰᠠᠶᠢᠨ ᠬᠠᠮᠳᠤᠷᠠᠯᠴᠠᠭᠠᠨ ᠤ ᠬᠠᠷᠢᠴᠠᠭ᠎ᠠ ᠪᠠᠨ ᠪᠠᠳᠤᠯᠠᠭᠰᠠᠨ ᠭᠡᠯ᠎ᠠ᠃ ᠲᠡᠷᠡ ᠭᠡᠯᠡᠭᠰᠡᠨ ᠨᠢ᠂ ᠡᠨᠡ ᠤᠳᠠᠭ᠎ᠠ ᠥᠪᠦᠷ ᠮᠤᠩᠭᠤᠯ ᠳᠤ ᠢᠷᠡᠭᠰᠡᠨ ᠨᠢ ᠭᠤᠤᠯᠳᠠᠭᠤ ᠥᠪᠦᠷ ᠮᠤᠩᠭᠤᠯ ᠤᠨ ᠲᠡᠷᠢᠬᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠬᠤ ᠶᠢᠨ ᠵᠡᠷᠭᠡᠪᠡᠷ ᠬᠤᠯᠪᠤᠭᠳᠠᠯ ᠪᠦᠬᠦᠢ ᠠᠵᠢᠯ᠂ ᠤᠨᠴᠠᠭᠠᠢᠢᠯᠠᠨ ᠪᠤᠭᠤᠳᠤ — ᠢᠷᠭᠠᠢ ᠶᠢᠨ ᠲᠦᠷᠬᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢᠨ ᠲᠤᠬᠠᠢ ᠵᠦᠪᠳᠡᠯᠴᠡᠭᠡ ᠬᠢᠬᠦ ᠶᠢᠨ ᠲᠦᠯᠦᠭᠡ ᠶᠤᠮ᠃ ᠬᠤᠶᠠᠷ ᠭᠠᠵᠠᠷ ᠤᠨ ᠬᠢᠨ ᠭᠠᠷ ᠬᠤᠯᠪᠤᠯᠴᠠᠨ ᠤᠯᠤᠰ ᠤᠨ ᠲᠡᠮᠵᠢᠯᠭᠡ ᠶᠢ ᠬᠠᠮᠳᠤᠪᠡᠷ ᠭᠤᠶᠤᠴᠢᠯᠠᠨ ᠤᠯᠵᠦ᠂ ᠪᠤᠭᠤᠳᠤ — ᠢᠷᠭᠠᠢ ᠶᠢᠨ ᠲᠦᠷᠬᠡᠨ ᠤ ᠲᠡᠮᠦᠷ ᠵᠠᠮ ᠢ ᠡᠷᠳᠡᠭᠡᠨ ᠪᠠᠷᠢᠯᠭ᠎ᠠ ᠡᠬᠢᠯᠡᠬᠦᠯᠦᠨ ᠪᠦᠳᠦᠭᠡᠨ ᠪᠠᠶᠢᠭᠤᠯᠵᠦ᠂ ᠪᠤᠰᠤᠳ ᠬᠦᠷᠢᠶᠡᠨ ᠳᠠᠬᠢ ᠬᠠᠮᠳᠤᠷᠠᠯᠴᠠᠭ᠎ᠠ ᠶᠢ ᠴᠦ ᠳᠠᠰᠤᠷᠠᠯᠳᠠ ᠦᠭᠡᠢ ᠬᠦᠨᠵᠡᠭᠡᠶᠢᠷᠡᠬᠦᠯᠬᠦ ᠶᠢ ᠬᠦᠰᠡᠵᠦ ᠪᠠᠶᠢᠨ᠎ᠠ ᠭᠡᠵᠠᠢ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠴᠠᠩ ᠵᠢᠶᠦ᠋ᠨ ᠵᠧᠩ᠂ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠺᠧ ᠸᠧᠢ ᠬᠤᠷᠠᠯ ᠳᠤ ᠤᠷᠤᠯᠴᠠᠵᠠᠢ᠃ ᠥᠪᠦᠷ ᠮᠤᠩᠭᠤᠯ ᠪᠠ ᠨᠢᠩᠰᠢᠶᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠤᠷᠤᠯᠴᠠᠪᠠ᠃      ᠶᠠᠷᠢᠯᠴᠠᠬᠤ ᠬᠤᠷᠠᠯ ᠠᠴᠠ ᠡᠮᠦᠨ᠎ᠠ᠂ ᠰᠢᠶᠠᠨ ᠬᠤᠢ ᠨᠠᠷ ᠥᠪᠦᠷ ᠮᠤᠩᠭᠤᠯ ᠤᠨ ᠢᠯᠢ ᠪᠦᠯᠦᠭᠯᠡᠯ ᠤᠨ ᠬᠢᠵᠠᠭᠠᠷᠳᠤ ᠺᠤᠮᠫᠠᠨᠢ ᠳᠤ ᠰᠢᠨᠵᠢᠯᠡᠨ ᠪᠠᠶᠢᠴᠠᠭᠠᠵᠦ᠂ ᠪᠦ᠋ ᠰᠢᠶᠤᠤ ᠯᠢᠨ᠂ ᠹᠦ᠋ ᠲᠠᠢ ᠽᠧᠩ᠂ ᠴᠠᠩ ᠵᠢᠶᠦ᠋ᠨ ᠵᠧᠩ ᠪᠠᠷ᠎ᠠ ᠪᠤᠯᠤᠯᠴᠠᠨ ᠰᠢᠨᠵᠢᠯᠡᠨ ᠪᠠᠶᠢᠴᠠᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号