ᠯᠢ ᠵᠢᠢ ᠾᠧᠩ ᠪᠦ᠋ ᠰᠢᠶᠦᠦ ᠯᠢᠡ ᠨᠢᠩᠰᠢᠶᠠ ᠶᠢᠨ ᠬᠤᠳᠤᠩ ᠦᠨᠳᠦᠰᠦᠳᠠᠠ ᠤ ᠦᠪᠡᠷᠳᠡᠬᠡᠡ ᠵᠠᠰᠠᠬᠤ ᠤᠷᠦᠠ ᠤ ᠳᠠᠷᠢᠬᠦᠯᠡᠭᠴᠢ ᠰᠢᠶᠠᠠ ᠬᠤᠢ ᠲᠠᠢ ᠠᠭᠤᠯᠵᠡᠪᠡ
ᠨᠡᠶᠢᠲᠡᠯᠡᠭᠰᠡᠨ ᠴᠠᠭ᠄
2016/10/18
     10 ᠳ᠋ᠤᠭᠠᠷ ᠰᠠᠷ᠎ᠠ ᠶᠢᠨ 17᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ︵ᠲᠤᠮᠳᠠᠬᠢ︶᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠠᠷᠢᠬᠦᠯᠡᠭᠴᠢ ᠪᠦ᠋ ᠰᠢᠶᠤᠤ ᠯᠢᠨ ︵ᠪᠠᠷᠠᠭᠤᠨ ᠠᠴᠠ ᠬᠤᠶᠠᠳᠤᠭᠠᠷ︶ ᠬᠦᠬᠡᠬᠤᠳᠠᠨ᠎ᠠ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠨᠢᠩᠰᠢᠶᠠ ᠶᠢᠨ ᠬᠤᠳᠤᠩ ᠦᠨᠳᠤᠰᠤᠳᠡᠨ ᠤ ᠦᠪᠡᠷᠳᠡᠬᠡᠨ ᠵᠠᠰᠠᠬᠤ ᠤᠷᠤᠨ ᠤ ᠲᠠᠷᠢᠬᠦᠯᠡᠭᠴᠢ ᠰᠢᠶᠠᠨ ᠬᠤᠢ ︵ᠵᠡᠬᠦᠨ ᠠᠴᠠ ᠬᠤᠶᠠᠳᠤᠭᠠᠷ︶ ᠨᠠᠷ ᠲᠠᠢ ᠠᠭᠤᠯᠵᠠᠭᠰᠠᠨ ᠤ ᠲᠠᠷᠠᠭ᠎ᠠ ᠬᠠᠮᠳᠤ ᠶᠢᠨ ᠰᠡᠬᠦᠳᠡᠷ ᠦᠯᠡᠳᠡᠬᠡᠯ᠎ᠠ᠃      10 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠡ ᠵᠠᠰᠠᠬᠤ ᠤᠷᠦᠠ ᠤ ᠳᠠᠷᠢᠬᠦᠯᠡᠭᠴᠢ ᠪᠦ᠋ ᠰᠢᠶᠦᠦ ᠯᠢᠡ ᠬᠦᠬᠡᠬᠤᠳᠠ ᠳᠤ ᠨᠢᠩᠰᠢᠶᠠ ᠶᠢᠨ ᠬᠤᠳᠤᠩ ᠦᠨᠳᠦᠰᠦᠳᠠᠠ ᠤ ᠦᠪᠡᠷᠳᠡᠬᠡᠡ ᠵᠠᠰᠠᠬᠤ ᠤᠷᠦᠠ ᠤ ᠳᠠᠷᠢᠬᠦᠯᠡᠭᠴᠢ ᠰᠢᠶᠠᠠ ᠬᠤᠢ ᠲᠠᠢ ᠠᠭᠤᠯᠵᠡᠵᠦ᠂ ᠬᠤᠶᠠᠷ ᠳᠠᠯ᠎ᠠ ᠪᠠᠷ ᠢᠶᠠᠨ ᠬᠤᠶᠠᠷ ᠭᠠᠵᠠᠷ ᠤᠷᠦᠠ ᠤ ᠬᠠᠮᠳᠦᠷᠠᠯᠴᠠᠭ᠎ᠠ ᠪᠠᠨ ᠬᠦᠨᠵᠡᠬᠡᠶᠢᠷᠡᠬᠦᠯᠬᠦ ᠳᠤᠬᠠᠢ ᠬᠦᠨᠵᠡᠬᠡᠢ ᠶᠠᠷᠢᠯᠴᠠᠵᠠᠢ᠃      ᠯᠢ ᠵᠢᠢ ᠾᠧᠩ ᠡᠩ ᠲᠠᠷᠢᠬᠦᠨ ᠳᠤ ᠰᠢᠶᠠᠠ ᠬᠤᠢ ᠨᠠᠷ ᠤᠨ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠬᠤ ᠪᠠᠷ ᠢᠷᠡᠭᠰᠠᠠ ᠢ ᠪᠠᠶᠠᠷᠯᠠᠠ ᠤᠬᠳᠦᠵᠦ ᠪᠠᠶᠢᠬᠤ ᠪᠠᠨ ᠢᠯᠠᠳᠬᠡᠬᠡᠳ ᠦᠪᠡᠷᠳᠡᠬᠡᠡ ᠵᠠᠰᠠᠬᠤ ᠤᠷᠦᠠ ᠤ ᠠᠵᠦ ᠠᠬᠤᠢ ᠨᠠᠶᠢᠬᠡᠮ ᠤᠨ ᠬᠦᠭᠵᠢᠯᠳᠠ ᠶᠢᠨ ᠪᠠᠶᠢᠳᠠᠯ ᠢ ᠳᠦᠬᠦᠮ ᠳᠡᠨᠢᠯᠴᠡᠭᠤᠯᠪᠡ᠃ ᠳᠠᠷᠠ ᠬᠡᠯᠡᠭᠰᠠᠠ ᠨᠢ᠂ ᠦᠪᠤᠷ ᠮᠤᠩᠭᠤᠯ ᠤᠨ ᠦᠪᠡᠷᠳᠡᠬᠡᠡ ᠵᠠᠰᠠᠬᠤ ᠤᠷᠦᠠ ᠪᠤᠯᠤᠨ ᠨᠢᠩᠰᠢᠶᠠ ᠶᠢᠨ ᠬᠤᠳᠦᠩ ᠦᠨᠳᠦᠰᠦᠳᠠᠠ ᠤ ᠦᠪᠡᠷᠳᠡᠬᠡᠡ ᠵᠠᠰᠠᠬᠤ ᠤᠷᠦᠠ ᠪᠤᠯ ᠠᠭᠤᠯᠠ ᠤᠰᠦ ᠪᠠᠷ ᠵᠠᠯᠭᠠᠯᠳᠦᠬᠰᠠᠠ ᠰᠠᠶᠢᠠ ᠬᠦᠷᠰᠢ᠂ ᠰᠠᠶᠢᠠ ᠬᠠᠨᠢᠳᠠᠠ ᠮᠦᠠ ᠃ ᠤᠷᠳᠦ ᠬᠤᠭᠤᠴᠠᠭᠠᠠ ᠤ ᠲᠤᠷᠰᠢ᠂ ᠤᠠᠴᠠᠭᠠᠢᠢᠯᠠᠠ ᠤᠯᠥᠰ ᠠᠴᠠ ᠬᠦᠬᠡᠬᠤᠳᠠ ᠪᠤᠭᠤᠳᠦ ᠢᠷᠭᠠᠢ ᠲᠠᠮᠡᠬᠡᠳᠤ ᠶᠢᠨ ᠠᠵᠦ ᠠᠬᠤᠢ ᠶᠢᠨ ᠤᠷᠦᠠ ᠢ ᠨᠢᠬᠡ ᠴᠤᠬᠴᠠᠵᠢᠭᠤᠯᠤᠠ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠦᠭᠰᠡᠡ ᠠᠴᠠ ᠨᠠᠰᠢ᠂ ᠬᠤᠶᠠᠷ ᠭᠠᠵᠠᠷ ᠤᠷᠦᠠ ᠤ ᠡᠯ᠎ᠠ ᠬᠦᠷᠢᠶᠠᠠ ᠳᠠᠬᠢ ᠰᠤᠯᠢᠯᠴᠠᠭ᠎ᠠ ᠬᠠᠮᠳᠦᠷᠠᠯᠴᠠᠭ᠎ᠠ ᠡᠳᠦᠷ ᠢᠷᠡᠬᠦᠶ᠎ᠠ ᠬᠦᠨᠵᠡᠬᠡᠶᠢᠷᠡᠵᠦ᠂ ᠰᠠᠶᠢᠠ ᠰᠠᠶᠢᠬᠠᠠ ᠬᠠᠮᠳᠦᠷᠠᠯᠴᠠᠭᠠᠠ ᠤ ᠰᠠᠭᠤᠷᠢ ᠪᠡ ᠦᠷᠬᠡᠡ ᠳᠡᠯᠬᠡᠷ ᠬᠠᠮᠳᠦᠷᠠᠯᠴᠠᠭᠠᠠ ᠤ ᠢᠷᠡᠬᠡᠳᠦᠢ ᠲᠠᠢ ᠪᠤᠯᠤᠬᠰᠠᠠ ᠪᠠᠶᠢᠨ᠎ᠠ᠃ ᠦᠪᠦᠷ ᠮᠤᠩᠭᠤᠯ ᠬᠢᠬᠡᠳ ᠨᠢᠩᠰᠢᠶᠠ ᠴᠢᠨᠠᠬᠰᠢᠳᠠ ᠰᠤᠯᠢᠯᠴᠠᠭ᠎ᠠ ᠬᠠᠮᠳᠤᠷᠠᠯᠴᠠᠭ᠎ᠠ ᠬᠢᠬᠦ ᠶᠢᠨ ᠵᠠᠩᠬᠢᠯᠠᠭ᠎ᠠ ᠨᠢ ᠰᠠᠭᠤᠷᠢ ᠳᠦᠬᠦᠬᠡᠷᠦᠮᠵᠢ ᠶᠢ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦᠯᠬᠦ ᠳᠤ ᠪᠤᠢ᠃ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠤᠯ ᠠᠵᠦ ᠠᠬᠤᠢ ᠶᠢᠨ ᠬᠦᠭᠵᠢᠯᠳᠡ ᠶᠢᠨ ᠴᠢᠬᠤᠯᠠ ᠳᠤᠯᠭᠠᠭᠤᠷᠢ ᠪᠠᠶᠢᠵᠤ᠂ ᠲᠡᠷᠡ ᠪᠤᠯ ᠡᠳᠦᠬᠡ ᠴᠠᠭ ᠲᠤ ᠭᠠᠪᠢᠶ᠎ᠠ ᠪᠠᠶᠢᠭᠤᠯᠤᠨ ᠲᠦᠮᠡᠨ ᠦᠶ᠎ᠠ ᠳᠤ ᠪᠤᠶᠠᠨ ᠦᠢᠯᠡᠳᠬᠦ ᠶᠠᠪᠤᠳᠠᠯ ᠮᠦᠨ᠃ ᠪᠢᠳᠡ ᠦᠨᠦᠳᠦᠷ ᠤᠨ ᠪᠡᠯᠡ ᠤᠷᠤᠭᠤᠯᠤᠯᠳᠠ ᠪᠤᠯ ᠳᠠᠷᠤᠢ ᠮᠠᠷᠭᠠᠰᠢ ᠶᠢᠨ ᠬᠦᠭᠵᠢᠯᠳᠡ ᠮᠦᠨ ᠬᠡᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠪᠤᠢ ᠪᠤᠯᠭᠠᠵᠦ᠂ ᠪᠤᠭᠤᠳᠤ — ᠢᠷᠭᠠᠢ ᠶᠢᠨ ᠳᠦᠷᠬᠡᠨ ᠤ ᠳᠡᠮᠦᠷ ᠵᠠᠮ ᠵᠡᠷᠬᠡ ᠰᠠᠭᠤᠷᠢ ᠳᠦᠬᠦᠬᠡᠷᠦᠮᠵᠢ ᠶᠢᠨ ᠴᠢᠬᠤᠯᠠ ᠶᠡᠭᠡ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠠᠮᠳᠤᠪᠠᠷ ᠠᠬᠢᠭᠤᠯᠵᠦ ᠪᠠᠶᠢᠭᠠᠳ ᠬᠤᠶᠠᠷ ᠭᠠᠵᠠᠷ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠳᠤ ᠲᠠᠰᠤᠷᠠᠯᠲᠠ ᠦᠭᠡᠢ ᠪᠤᠶᠠᠨ ᠬᠡᠰᠢᠭ ᠡᠳ᠋ᠯᠡᠬᠦᠯᠦᠶ᠎ᠠ ᠬᠡᠪᠠ᠃      ᠰᠢᠶᠡᠨ ᠬᠤᠢ ᠬᠡᠯᠡᠭᠰᠡᠨ ᠨᠢ᠂ ᠨᠢᠩᠰᠢᠶᠠ ᠪᠤᠯᠤᠨ ᠦᠪᠦᠷ ᠮᠤᠩᠭᠤᠯ ᠤᠷᠳᠤ ᠬᠤᠭᠤᠴᠠᠭᠠᠨ ᠤ ᠳᠤᠷᠰᠢ ᠦᠷᠬᠡᠨ ᠳᠡᠯᠬᠡᠷ ᠰᠤᠯᠢᠯᠴᠠᠭ᠎ᠠ ᠬᠠᠮᠳᠤᠷᠠᠯᠴᠠᠭ᠎ᠠ ᠶᠢ ᠪᠠᠷᠢᠮᠳᠠᠯᠠᠭᠰᠠᠭᠠᠷ ᠢᠷᠡᠵᠡᠢ᠃ ᠨᠢᠳᠦᠨᠦᠨ ᠬᠤᠶᠠᠷ ᠳᠠᠯ᠎ᠠ ᠪᠠᠷ ᠢᠶᠠᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠳᠠᠯ᠎ᠠ ᠪᠠᠷ ᠬᠠᠮᠳᠤᠷᠠᠨ ᠠᠵᠢᠯᠯᠠᠬᠤ ᠪᠦᠳᠦᠬᠦᠪᠴᠢ ᠵᠦᠪᠯᠡᠯᠴᠡᠬᠡᠷ ᠳᠤᠬᠢᠷᠠᠯᠴᠠᠵᠦ᠂ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ᠂ ᠠᠵᠦ ᠦᠢᠯᠡᠰ ᠵᠢᠴᠢ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠵᠡᠷᠬᠡ ᠬᠦᠷᠢᠶᠡᠨ ᠬᠡᠪᠴᠢᠶᠡᠨ ᠳᠤ ᠬᠠᠮᠳᠤᠷᠠᠨ ᠠᠵᠢᠯᠯᠠᠬᠤ ᠬᠠᠮᠳᠤᠷᠠᠯᠴᠠᠬᠤ ᠬᠠᠮᠳᠤ ᠶᠢᠨ ᠳᠠᠨᠢᠯᠳᠠ ᠲᠠᠢ ᠪᠤᠯᠤᠭᠰᠠᠨ ᠶᠤᠮ᠃ ᠡᠨᠡ ᠤᠳᠠᠭ᠎ᠠ ᠪᠢᠳᠡ ᠨᠢᠬᠡ ᠳᠠᠯ᠎ᠠ ᠪᠠᠷ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠶᠢᠨ ᠰᠠᠶᠢᠨ ᠳᠤᠷᠰᠢᠯᠭ᠎ᠠ᠂ ᠰᠠᠶᠢᠨ ᠠᠷᠭ᠎ᠠ ᠶᠢ ᠰᠤᠷᠤᠯᠴᠠᠵᠤ᠂ ᠨᠦᠬᠦᠬᠡ ᠳᠠᠯ᠎ᠠ ᠪᠠᠷ ᠬᠤᠶᠠᠷ ᠤᠷᠤᠨ ᠤ ᠬᠠᠮᠳᠤᠷᠠᠨ ᠠᠵᠢᠯᠯᠠᠬᠤ ᠪᠦᠳᠦᠬᠦᠪᠴᠢ ᠵᠦᠪᠯᠡᠯᠴᠡᠬᠡᠷ ᠢ ᠨᠠᠶᠢᠳᠠᠪᠤᠷᠢᠵᠢᠭᠤᠯᠬᠤ᠂ ᠢᠯᠠᠩᠭᠤᠶ᠎ᠠ ᠪᠤᠭᠤᠳᠤ — ᠢᠷᠭᠠᠢ ᠶᠢᠨ ᠳᠦᠷᠬᠡᠨ ᠤ ᠳᠡᠮᠤᠷ ᠵᠠᠮ ᠤᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠨᠠᠬᠰᠢᠳᠠ ᠠᠬᠢᠭᠤᠯᠬᠤ ᠶᠢ ᠵᠤᠷᠢᠵᠠᠢ᠃ ᠨᠢᠩᠰᠢᠶᠠ ᠦᠪᠦᠷ ᠮᠤᠩᠭᠤᠯ ᠲᠠᠢ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭᠠᠳᠬᠠᠵᠦ᠂ ᠬᠠᠮᠳᠤᠪᠠᠷ ᠠᠰᠢᠬ ᠬᠦᠷᠳᠡᠬᠦ ᠬᠦᠭᠵᠢᠯᠳᠡ ᠶᠢ ᠪᠡᠶᠡᠯᠡᠬᠦᠯᠬᠦ ᠳᠤᠷᠠᠳᠠᠢ ᠬᠡᠵᠠᠢ᠃      ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠵᠠᠩ ᠶᠤᠸᠠᠨ ᠵᠦᠩ᠂ ᠴᠠᠩ ᠵᠢᠶᠦ᠋ᠨ ᠵᠧᠩ᠂ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢᠦ ᠺᠧ ᠸᠧᠢ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号