ᠦᠪᠡᠷᠲᠡᠭᠡᠨ ᠵᠠᠰᠠᠬᠤ ᠤᠷᠤᠨ ᠤ ︽ᠶᠠᠳᠠᠭᠤ ᠶᠢ ᠲᠡᠳᠭᠦᠨ ᠬᠦᠴᠢᠷᠳᠡᠭᠰᠡᠳ ᠢ ᠲᠤᠰᠠᠯᠠᠵᠤ ᠰᠤᠷᠤᠭᠴᠢ ᠶᠢᠨ ᠬᠦᠰᠡᠯ ᠵᠡᠭᠦᠳᠤ ᠶᠢ ᠲᠡᠷᠭᠡᠯᠰᠢᠭᠦᠯᠬᠦ︾ ᠰᠤᠷᠤᠯᠭ᠎ᠠ ᠶᠢ ᠲᠡᠳᠭᠦᠬᠦ ᠲᠦᠷᠤᠯ ᠵᠦᠢᠯ ᠤᠨ ᠡᠬᠢᠯᠡᠯᠲᠡ ᠶᠢᠨ ᠶᠤᠰᠤᠯᠠᠯ ᠤᠯᠠᠭᠠᠨᠴᠠᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2016/10/18
     10 ᠳ᠋ᠤᠭᠠᠷ ᠰᠠᠷ᠎ᠠ ᠶᠢᠨ 17᠎ ᠤ ᠡᠳᠤᠷ᠂ ᠭᠤᠷᠪᠠᠳᠡᠬᠢ ︽ᠤᠯᠤᠰ ᠤᠨ ᠶᠠᠳᠠᠭᠤ ᠶᠢ ᠲᠡᠳᠭᠦᠬᠦ ᠡᠳᠤᠷ︾ ᠬᠦᠷᠴᠤ ᠢᠷᠡᠬᠦ ᠲᠠᠰᠢᠷᠠᠮ ᠢᠶᠠᠷ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠠᠯᠪᠠᠨ ᠭᠡᠷ᠂ ᠦᠪᠦᠷ ᠮᠤᠩᠭᠤᠯ ᠤᠨ ᠨᠠᠶᠢᠭᠡᠮ ᠤᠨ ᠶᠠᠳᠠᠭᠤ ᠶᠢ ᠲᠡᠳᠭᠦᠬᠦ ᠠᠵᠢᠯ ᠢ ᠠᠬᠢᠭᠤᠯᠬᠤ ᠵᠦᠪᠯᠡᠯ᠂ ᠦᠪᠦᠷ ᠮᠤᠩᠭᠤᠯ ᠤᠨ ᠨᠠᠶᠢᠭᠡᠮ ᠤᠨ ᠶᠠᠳᠠᠭᠤ ᠶᠢ ᠲᠡᠳᠭᠦᠬᠦ ᠰᠠᠭᠤᠷᠢ ᠮᠦᠡᠭᠬᠦᠨ ᠤ ᠨᠠᠶᠢᠭᠡᠮᠯᠢᠭ ᠠᠴᠠ ᠭᠤᠤᠯᠯᠠᠨ ᠡᠷᠬᠢᠯᠡᠭᠰᠡᠨ᠂ ︽ᠶᠠᠳᠠᠭᠤ ᠶᠢ ᠲᠡᠳᠭᠦᠨ ᠬᠦᠴᠢᠷᠳᠡᠭᠰᠡᠳ ᠢ ᠲᠤᠰᠠᠯᠠᠵᠤ ᠰᠤᠷᠤᠭᠴᠢ ᠶᠢᠨ ᠬᠦᠰᠡᠯ ᠵᠡᠭᠦᠳᠤ ᠶᠢ ᠲᠡᠷᠭᠡᠯᠰᠢᠭᠦᠯᠬᠦ︾ ᠰᠤᠷᠤᠯᠭ᠎ᠠ ᠶᠢ ᠲᠡᠳᠭᠦᠬᠦ ᠲᠦᠷᠤᠯ ᠵᠦᠢᠯ ᠡᠬᠢᠯᠡᠭᠦ ᠶᠤᠰᠤᠯᠠᠯ ᠱᠠᠩᠳᠤ ᠰᠢᠶᠠᠨ ᠤ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠳᠤ ᠶᠠᠪᠤᠭᠳᠠᠪᠠ᠃ ᠲᠤᠰ ᠲᠦᠷᠤᠯ ᠵᠦᠢᠯ ᠢ ᠣᠯᠠᠭᠠᠨᠴᠠᠪ ᠬᠤᠳᠠ ᠪᠠ ᠬᠢᠨᠭ᠍ᠭᠠᠨ ᠠᠶᠢᠮᠠᠭ ᠲᠤ ᠡᠬᠢᠯᠡᠨ ᠬᠡᠷᠡᠭᠵᠢᠬᠦᠯᠵᠦ᠂ ᠠᠭᠠᠵᠢᠮ ᠢᠶᠠᠷ ᠪᠦᠬᠦ ᠤᠷᠤᠨ ᠳᠤ ᠪᠦᠷᠬᠦᠬᠦᠯᠦᠨ᠎ᠡ᠃ ᠶᠤᠰᠤᠯᠠᠯ ᠲᠡᠭᠡᠷ᠎ᠠ ᠪᠠᠰᠠ ᠲᠤᠰᠠᠯᠠᠮᠵᠢ ᠬᠦᠷᠳᠡᠭᠰᠡᠨ ᠶᠠᠳᠠᠭᠤ ᠬᠦᠴᠢᠷᠳᠡᠯᠳᠡᠢ ᠰᠤᠷᠤᠭᠴᠢ ᠳᠤ ᠰᠤᠷᠤᠯᠭ᠎ᠠ ᠶᠢᠨ ᠲᠡᠳᠭᠦᠮᠵᠢ ᠶᠢᠨ ᠮᠦᠡᠭᠬᠦ ᠤᠯᠭᠤᠵᠦ᠂ ᠡᠳ᠋ ᠮᠦᠡᠭᠬᠦ ᠪᠠᠷ ᠲᠤᠰᠠᠯᠠᠭᠰᠠᠨ ᠪᠠᠶᠢᠭᠤᠯᠭ᠎ᠠ ᠨᠢᠭᠡᠴᠡ ᠳᠤ ᠢᠷᠠᠭᠤ ᠠᠯᠳᠠᠷ ᠤᠨ ᠱᠠᠩᠨᠠᠯ ᠤᠨ ᠫᠠᠶᠢᠰᠠ ᠤᠯᠭᠤᠪᠠ᠃      ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠶᠤᠰᠤᠯᠠᠯ ᠳᠤ ᠤᠷᠤᠯᠴᠠᠨ ᠶᠠᠷᠢᠶ᠎ᠠ ᠲᠠᠯᠪᠢᠪᠠ᠃      ᠸᠠᠩ ᠢᠤᠢ ᠮᠢᠩ ᠵᠢᠭᠠᠵᠤ ᠭᠠᠷᠭᠠᠭᠰᠠᠨ ᠨᠢ᠂ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠭᠦᠬᠦ ᠪᠤᠯ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠶᠢᠨ ᠴᠢᠬᠤᠯᠠ ᠨᠢᠭᠡᠨ ᠠᠵᠢᠯ ᠪᠤᠯᠤᠨ᠎ᠠ᠂ ᠮᠦᠨᠴᠤ ᠦᠶ᠎ᠠ ᠶᠢᠨ ᠦᠶ᠎ᠠ ᠪᠠᠷ ᠢᠶᠠᠨ ᠶᠠᠳᠠᠭᠤ ᠬᠦᠴᠢᠷᠳᠡᠯᠲᠠᠢ ᠶᠠᠪᠤᠬᠤ ᠶᠢ ᠬᠤᠷᠢᠭᠯᠠᠬᠤ ᠦᠨᠳᠤᠰᠤᠨ ᠪᠤᠳᠤᠯᠭ᠎ᠠ ᠪᠤᠯᠤᠨ᠎ᠠ᠃ ᠦᠨᠳᠦᠷ ᠲᠤᠮᠳᠠᠲᠤ ᠶᠢᠨ ᠬᠤᠭᠤᠴᠠᠭᠠᠨ ᠳᠠᠬᠢ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠬᠤᠭᠤᠯᠠ ᠪᠤᠳᠠᠭ᠎ᠠ ᠪᠠ ᠪᠠᠶᠢᠷᠢ ᠳᠤ ᠰᠠᠭᠤᠬᠤ ᠮᠦᠡᠭᠬᠦ᠂ ᠶᠠᠪᠤᠵᠤ ᠰᠠᠭᠤᠬᠤ ᠵᠠᠮ ᠤᠨ ᠵᠠᠷᠤᠳᠠᠯ ᠵᠢᠴᠢ ᠬᠠᠮᠢᠶ᠎ᠠ ᠪᠦᠬᠦᠢ ᠰᠤᠷᠤᠯᠭ᠎ᠠ ᠶᠢᠨ ᠵᠠᠷᠤᠳᠠᠯ ᠨᠢ ᠶᠠᠳᠠᠭᠤ ᠬᠦᠴᠢᠷᠳᠠᠯᠲᠠᠢ ᠬᠡᠷ ᠪᠦᠯᠢ ᠳᠤ ᠮᠦᠨ ᠶᠡᠭᠡ ᠲᠠᠷᠤᠭᠠᠰᠤ ᠪᠤᠯᠵᠤ ᠪᠠᠶᠢᠨ᠎ᠠ᠃ ᠲᠡᠳᠡᠨ ᠤ ᠶᠡᠭᠡ ᠰᠤᠷᠭᠠᠭᠤᠯᠢ ᠳᠤ ᠰᠢᠯᠭᠠᠨ ᠤᠷᠤᠬᠤ ᠶᠢ ᠲᠡᠳᠭᠦᠪᠡᠯ᠂ ᠲᠡᠳᠡ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠨᠠᠶᠢᠭᠡᠮ ᠳᠤ ᠬᠡᠷᠡᠭᠴᠡᠭᠡ ᠲᠠᠢ ᠴᠢᠳᠠᠪᠤᠷᠢᠲᠠᠨ ᠪᠤᠯᠵᠤ᠂ ᠭᠡᠷ ᠪᠦᠯᠢ ᠪᠠᠨ ᠶᠠᠳᠠᠭᠤ ᠠᠴᠠ ᠠᠩᠭᠢᠵᠢᠷᠠᠭᠤᠯᠵᠤ ᠪᠤᠯᠤᠨ᠎ᠠ᠃ ᠡᠶᠢᠮᠤ ᠠᠴᠠ ᠡᠨᠡᠬᠦ ᠰᠤᠷᠤᠯᠭ᠎ᠠ ᠶᠢ ᠲᠡᠳᠭᠦᠬᠦ ᠲᠦᠷᠤᠯ ᠵᠦᠢᠯ ᠨᠢ ᠶᠠᠳᠠᠭᠤ ᠬᠦᠴᠢᠷᠳᠡᠯᠲᠠᠢ ᠭᠡᠷ ᠪᠦᠯᠢ ᠶᠢᠨ ᠬᠡᠤᠬᠡᠳ ᠤᠨ ᠰᠤᠷᠭᠠᠨ ᠬᠦᠮᠤᠵᠢᠯ ᠬᠦᠷᠲᠡᠬᠦ ᠡᠷᠬᠡ ᠠᠰᠢᠭ ᠢ ᠪᠠᠲᠤᠯᠠᠵᠤ᠂ ᠶᠠᠳᠠᠭᠤ ᠶᠢ ᠲᠡᠳᠭᠦᠨ ᠪᠤᠭᠤᠮᠳᠠ ᠰᠢᠪᠲᠤᠯᠬᠤ ᠵᠢᠴᠢ ᠡᠭᠦᠨ ᠢᠶᠠᠷ ᠲᠠᠮᠵᠢᠨ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ ᠬᠡᠵᠠᠢ᠃      ᠸᠠᠩ ᠢᠤᠢ ᠮᠢᠩ ᠱᠠᠭᠠᠷᠳᠠᠭᠰᠠᠨ ᠨᠢ᠂ ᠡᠯ᠎ᠠ ᠭᠠᠵᠠᠷ ᠤᠨ ᠡᠯ᠎ᠠ ᠰᠠᠯᠠᠭ᠎ᠠ ᠮᠦᠴᠢᠷ ᠰᠤᠷᠤᠯᠭ᠎ᠠ ᠶᠢ ᠲᠡᠳᠭᠦᠬᠦ ᠠᠵᠢᠯᠯᠠᠭ᠎ᠠ ᠶᠢ ᠢᠳᠡᠪᠬᠢᠲᠠᠢ ᠲᠠᠮᠵᠢᠬᠦ ᠬᠡᠷᠡᠭᠲᠠᠢ︔ ᠰᠤᠨᠢᠨ ᠮᠡᠳᠡᠭᠡ ᠵᠠᠭᠤᠴᠢᠯᠠᠭᠤᠷ ᠤᠨ ᠬᠢᠨ ᠦᠷᠭᠡᠨ ᠢᠶᠠᠷ ᠤᠬᠠᠭᠤᠯᠤᠨ᠂ ᠨᠠᠶᠢᠭᠡᠮ ᠤᠨ ᠡᠳ᠋ ᠮᠦᠡᠭᠬᠦ ᠪᠠᠷ ᠲᠡᠳᠭᠦᠬᠦ ᠬᠡᠪᠴᠢᠶ᠎ᠠ ᠶᠢ ᠲᠠᠰᠤᠷᠠᠯᠲᠠ ᠦᠭᠡᠢ ᠦᠷᠭᠡᠳᠭᠡᠬᠦ ᠬᠡᠷᠡᠭᠲᠠᠢ ︔ ᠨᠠᠶᠢᠭᠡᠮ ᠤᠨ ᠶᠠᠳᠠᠭᠤ ᠶᠢ ᠲᠡᠳᠭᠦᠬᠦ ᠰᠠᠭᠤᠷᠢ ᠮᠦᠡᠭᠬᠦᠨ ᠤ ᠨᠠᠶᠢᠭᠡᠮᠯᠢᠭ ᠬᠠᠤᠯᠢ ᠶᠤᠰᠤᠭᠠᠷ ᠮᠦᠡᠭᠬᠦ ᠬᠠᠨᠳᠢᠪᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ᠂ ᠪᠠᠯᠡ ᠮᠦᠡᠭᠬᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠠᠶᠢᠭᠡᠮ ᠨᠠᠶᠢᠲᠠ ᠳᠤ ᠵᠠᠷᠯᠠᠬᠤ ᠬᠡᠷᠡᠭᠲᠠᠢ︔ ᠪᠠᠰᠠ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ ᠲᠦᠷᠤᠯ ᠵᠦᠢᠯ ᠎ ᠤᠨ ᠦᠷᠬᠦᠯᠵᠢᠯᠡᠬᠦ ᠴᠢᠨᠠᠷ ᠪᠡ ᠦᠷᠬᠦᠯᠵᠢᠯᠡᠨ ᠬᠦᠭᠵᠢᠯᠲᠡ ᠶᠢ ᠪᠠᠲᠤᠯᠠᠬᠤ ᠬᠡᠷᠡᠭᠲᠠᠢ︔ ᠲᠡᠳᠭᠦᠮᠵᠢ ᠬᠦᠷᠲᠡᠭᠰᠡᠨ ᠰᠤᠷᠤᠭᠴᠢ ᠨᠠᠷ ᠢ ᠬᠦᠰᠡᠬᠦ ᠨᠢ ᠬᠦᠰᠡᠯᠡᠩ ᠡᠪᠤᠷᠯᠠᠵᠤ᠂ ᠰᠤᠷᠤᠯᠭ᠎ᠠ ᠳᠠᠭᠠᠨ ᠰᠢᠮᠳᠠᠨ᠂ ᠵᠢᠩᠬᠢᠨᠢ ᠡᠷᠳᠡᠮ ᠴᠢᠳᠠᠪᠤᠷᠢ ᠶᠢ ᠰᠤᠷᠴᠤ᠂ ᠡᠷᠲᠡ ᠨᠢᠭᠡᠨ ᠡᠳᠤᠷ ᠴᠢᠳᠠᠪᠤᠷᠢᠲᠡᠨ ᠪᠤᠯᠵᠤ᠂ ᠪᠤᠲᠠᠲᠤ ᠤᠢᠢᠯᠡᠳᠤᠯᠭᠡ ᠪᠠᠷ ᠢᠶᠠᠨ ᠡᠬᠡ ᠤᠷᠤᠨ᠂ ᠨᠠᠶᠢᠭᠡᠮ᠂ ᠤᠯᠤᠰ ᠣᠷᠣᠨ ᠳᠤ ᠬᠦᠴᠤ ᠪᠠᠨ ᠡᠷᠭᠦᠬᠦ ᠬᠡᠷᠡᠭᠳᠠᠢ ᠬᠡᠪᠡ᠃      ᠸᠠᠩ ᠢᠤᠢ ᠮᠢᠩ ᠴᠢᠬᠤᠯᠠᠴᠢᠯᠠᠭᠰᠠᠨ ᠨᠢ᠂ ︽ᠶᠠᠳᠠᠭᠤ ᠶᠢ ᠲᠡᠳᠭᠦᠨ ᠬᠦᠴᠢᠷᠳᠡᠭᠰᠡᠳ ᠢ ᠲᠤᠰᠠᠯᠠᠵᠤ ᠰᠤᠷᠤᠭᠴᠢ ᠶᠢᠨ ᠬᠦᠰᠡᠯ ᠵᠡᠭᠦᠳᠤ ᠶᠢ ᠲᠡᠷᠭᠡᠯᠰᠢᠭᠦᠯᠬᠦ︾ ᠰᠤᠷᠤᠯᠭ᠎ᠠ ᠶᠢ ᠲᠡᠳᠭᠦᠬᠦ ᠲᠦᠷᠤᠯ ᠵᠦᠢᠯ ᠤᠨ ᠡᠬᠢᠯᠡᠭᠰᠡᠨ ᠨᠢ᠂ ᠮᠦᠨ ᠮᠠᠨ ᠤ ᠤᠷᠤᠨ ᠤ ᠭᠤᠷᠪᠠᠳᠡᠬᠢ ᠪᠦᠬᠦ ᠤᠯᠤᠰ ᠤᠨ ︽ᠶᠠᠳᠠᠭᠤ ᠶᠢ ᠲᠡᠳᠭᠦᠬᠦ ᠡᠳᠤᠷ︾ ᠎ ᠤᠨ ᠠᠵᠢᠯᠯᠠᠭ᠎ᠠ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠤᠢ᠃ ᠡᠯ᠎ᠠ ᠭᠠᠵᠠᠷ ᠤᠨ ᠡᠯ᠎ᠠ ᠰᠠᠯᠠᠭ᠎ᠠ ᠮᠦᠴᠢᠷ᠂ ᠶᠠᠳᠠᠭᠤ ᠶᠢ ᠲᠡᠳᠭᠦᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠤ᠂ ᠨᠠᠶᠢᠭᠡᠮ ᠤᠨ ᠶᠠᠳᠠᠭᠤ ᠶᠢ ᠲᠡᠳᠭᠦᠬᠦ ᠮᠤᠨᠳᠠᠭ ᠶᠡᠭᠡ ᠨᠢᠭᠤᠭᠳᠠᠮᠠᠯ ᠬᠦᠴᠤᠨ ᠢ ᠢᠯᠡᠷᠡᠭᠦᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠳᠤᠯᠬᠤ ᠲᠠᠶᠢᠯᠠᠯᠳᠤᠭᠠᠨ ᠤ ᠢᠯᠡᠯᠲᠠ ᠶᠢ ᠤᠯᠬᠤ ᠳᠤ ᠡᠷᠭᠦᠪᠡᠰᠤ ᠵᠤᠬᠢᠬᠤ ᠬᠦᠴᠤ ᠪᠠᠨ ᠡᠷᠭᠦᠬᠦ ᠬᠡᠷᠡᠭᠲᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号