ᠰᠤᠷᠪᠣᠯᠵᠢᠯᠠᠭᠰᠠᠨ ᠴᠠᠭ᠄
2016 ᠣᠨ ᠤ 10 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 10 ᠴᠠᠭ
ᠰᠣᠷᠪᠣᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ
ᠯᠢ ᠵᠢᠶᠦ᠋ᠨ
ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄
ᠨᠢᠳᠤᠨᠤᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠥᠳᠡᠭᠡ ᠲᠣᠰᠬᠤᠨ ᠤ ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2015﹈ 78 ᠳ᠋ᠤᠭᠠᠷ ᠲᠣᠭᠠᠲᠤ︶ ᠢ ᠲᠠᠷᠬᠠᠭᠠᠵᠤ᠂ ᠡᠯ᠎ᠡ ᠭᠠᠵᠠᠷ ᠲᠤ ᠪᠤᠳᠠᠲᠠᠢ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠯ ᠢᠶᠠᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ ︽ᠰᠠᠨᠠᠯ︾ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠡ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠨ ᠤᠷᠢᠯ᠎ᠠ᠃ ᠥᠷᠭᠡᠨ ᠣᠯᠠᠨ ᠰᠦᠯᠵᠢᠶᠡᠨ ᠤ ᠠᠨᠳᠠ ᠨᠠᠷ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕
ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠬᠥᠲᠥᠯᠥᠭᠴᠢ᠄
ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠤᠰ ᠬᠤᠭᠤᠴᠠᠭᠠᠨ ᠤ ︽ᠳᠤᠮᠳᠠᠳᠤ ᠤᠯᠤᠰ· ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠠᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠪᠣᠯᠣᠨ᠎ᠠ᠃ ᠯᠢ ᠲᠢᠩᠬᠢᠮ ᠤᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ︕
ᠯᠢ ᠵᠢᠶᠦ᠋ᠨ᠄
ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠭᠦᠨ ᠰᠠᠶᠢᠨ ᠪᠠᠶᠢᠵᠠᠭᠠᠨ᠎ᠠ ᠤᠤ︕
ᠬᠥᠲᠥᠯᠥᠭᠴᠢ᠄
ᠯᠢ ᠲᠢᠩᠬᠢᠮ ᠤᠨ ᠳᠠᠷᠤᠭ᠎ᠠ ᠡ᠂ 8 ᠳ᠋ᠤᠭᠠᠷ ᠰᠠᠷ᠎ᠠ ᠶᠢᠨ 31 ᠤ ᠡᠳᠦᠷ᠂ ᠮᠠᠨ ᠤ ᠣᠷᠣᠨ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠲᠦᠷᠭᠡᠨ ᠬᠦᠭᠵᠢᠭᠦᠯᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 112 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠲᠠ ᠣᠳᠣ ᠬᠡᠷᠡᠭᠵᠢᠭᠦᠯᠬᠦ ᠰᠠᠨᠠᠯ ᠢ ᠲᠣᠭᠲᠠᠭᠠᠭᠰᠠᠨ ᠠᠬᠤᠶ ᠪᠠᠶᠢᠳᠠᠯ ᠢ ᠶᠠᠷᠢᠭᠠᠳ ᠥᠭᠭᠦᠨ᠎ᠡ ᠤᠤ︖
ᠯᠢ ᠵᠢᠶᠦ᠋ᠨ᠄
ᠤᠢᠢᠷ᠎ᠠ ᠶᠢᠨ ᠵᠢᠯ ᠤᠳ ᠲᠤ᠂ ᠢᠨᠲ᠋ᠧᠷ ᠰᠦᠯᠵᠢᠶᠡᠨ ᠤ ᠲᠦᠭᠡᠮᠡᠯᠵᠢᠬᠦ ᠪᠠ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠷᠢᠨᠰᠢᠬᠦ ᠶᠢ ᠳᠠᠭᠠᠯᠳᠤᠨ᠂ ᠮᠠᠨ ᠤ ᠣᠷᠣᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠲᠦᠷᠭᠡᠨ ᠬᠥᠭᠵᠢᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠵᠠᠭᠪᠤᠷᠰᠢᠯ ᠲᠠᠰᠤᠷᠠᠯᠲᠠ ᠦᠭᠡᠢ ᠰᠢᠨᠡᠴᠢᠯᠡᠭᠳᠡᠵᠦ᠂ ᠦᠢᠯᠡᠴᠢᠯᠡᠭᠡᠨ ᠤ ᠠᠭᠤᠯᠭ᠎ᠠ ᠲᠠᠰᠤᠷᠠᠯᠲᠠ ᠦᠭᠡᠶ ᠪᠠᠶᠠᠯᠢᠭᠵᠢᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠪᠴᠢᠶ᠎ᠡ ᠲᠡᠰᠦᠷᠡᠯᠳᠠ ᠤᠢᠭᠡᠢ ᠥᠷᠭᠡᠳᠴᠦ ᠪᠠᠶᠢᠨ᠎ᠠ᠃ ᠭᠡᠪᠡᠴᠦ ᠶᠡᠷᠦᠩᠬᠡᠶ ᠳᠤᠨᠢ ᠠᠪᠴᠤ ᠦᠵᠡᠪᠡᠯ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠮᠥᠨ ᠬᠦ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠤᠶᠢᠵᠢᠯᠲᠠ ᠲᠡᠭᠦᠯᠳᠡᠷᠵᠢᠭᠡᠳᠦᠶ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠡᠷᠭᠡ ᠰᠠᠭᠤᠷᠢ ᠪᠡᠯᠡᠳᠬᠡᠮᠵᠢ ᠬᠤᠴᠣᠷᠤᠩᠭᠤᠶ᠂ ᠬᠥᠭᠵᠢᠯᠲᠡ ᠶᠢᠨ ᠣᠷᠴᠢᠨ ᠨᠦᠬᠦᠴᠡᠯ ᠪᠦᠷᠢᠨ ᠪᠤᠰᠤ ᠪᠠ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠤᠢᠢᠷ᠎ᠠ ᠶᠢᠨ ᠬᠤᠶᠠᠷ ᠵᠢᠯ ᠤᠨ ᠲᠥᠪ ᠤᠨ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠤ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠵᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠡᠷᠡᠭᠲᠡᠢ ᠭᠡᠵᠦ ᠲᠤᠲᠤᠷᠬᠠᠢ ᠳᠤᠷᠠᠳᠪᠠ︔ ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ ᠳᠤᠷᠠᠳᠪᠠ᠃ ᠨᠢᠳᠤᠨᠤᠨ ᠤ 10 ᠳ᠋ᠤᠭᠠᠷ ᠰᠠᠷ᠎ᠠ ᠶᠢᠨ ᠰᠡᠭᠦᠯᠴᠢ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2015﹈ 78 ᠳ᠋ᠤᠭᠠᠷ ᠲᠣᠭᠠᠲᠤ︶ ᠢ ᠨᠡᠶᠢᠲᠡᠯᠡᠵᠦ᠂ ᠡᠯ᠎ᠡ ᠭᠠᠵᠠᠷ ᠲᠤ ᠪᠤᠳᠠᠲᠠᠢ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠦᠰᠦᠯ ᠢᠶᠠᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ ᠬᠦᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠶᠤᠮ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠴᠢᠬᠤᠯᠠ ᠴᠣᠬᠤᠯᠠᠪᠤᠷᠢ ᠥᠭᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠠᠵᠢᠯ ᠢ ᠭᠤᠣᠯᠯᠠᠨ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠳᠠᠷᠤᠶ ᠲᠦᠷᠭᠡᠨ ᠬᠥᠳᠡᠯᠦᠯᠴᠡᠵᠦ᠂ ᠬᠢᠨᠠᠮᠠᠭᠠᠶ ᠰᠤᠳᠤᠯᠤᠨ ᠵᠠᠳᠠᠯᠵᠤ᠂ ᠭᠦᠢᠴᠡᠳ ᠪᠠᠶᠢᠴᠠᠭᠠᠨ ᠰᠤᠳᠤᠯᠬᠤ ᠠᠵᠢᠯ ᠢ ᠭᠦᠢᠴᠡᠳ ᠬᠢᠭᠰᠡᠨ ᠰᠠᠭᠤᠷᠢᠨ ᠳᠡᠭᠡᠷ᠎ᠡ᠂ ᠴᠢᠭᠯᠡᠭᠦᠯᠬᠦ ᠴᠢᠨᠠᠷ ᠲᠠᠢ᠂ ᠬᠡᠷᠡᠭᠵᠢᠭᠦᠯᠵᠦ ᠪᠣᠯᠬᠤᠶᠢᠴᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠤᠨ ᠡᠬᠡ ᠨᠤᠤᠷᠠᠭ ᠢ ᠳᠤᠷᠠᠳᠪᠠ᠃ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠵᠢᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ 20 ᠭᠠᠷᠤᠶ ᠰᠠᠯᠠᠭ᠎ᠠ ᠮᠥᠴᠢᠷ ᠪᠣᠯᠣᠨ ᠨᠢᠭᠡᠴᠡ ᠠᠴᠠ ᠤᠯᠠᠮ ᠨᠢᠭᠡ ᠠᠯᠬᠤᠮ ᠰᠠᠨᠠᠯ ᠬᠤᠷᠢᠶᠠᠵᠤ᠂ ᠮᠠᠨ ᠤ ᠣᠷᠣᠨ ᠤ ᠬᠥᠭᠵᠢᠯᠲᠡ ᠶᠢᠨ ᠪᠤᠳᠠᠲᠠᠢ ᠲᠠᠢ ᠤᠶᠠᠯᠳᠤᠭᠤᠯᠤᠨ᠂ ︽ᠬᠡᠷᠡᠭᠵᠢᠭᠦᠯᠬᠦ ᠰᠠᠨᠠᠯ︾ ᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠬᠢᠨ ᠲᠠᠢ ᠬᠠᠮᠲᠤᠷᠠᠵᠤ ᠪᠠᠶᠢᠭᠠᠳ ᠪᠦᠷᠢᠨ ᠭᠦᠢᠴᠡᠳ ᠨᠤᠲᠠᠯᠠᠯᠲᠠ ᠬᠢᠵᠦ᠂ ᠡᠨᠡ ᠬᠦ ︽ᠰᠠᠨᠠᠯ︾ ᠢ ᠨᠡᠶᠢᠲᠡᠯᠡᠪᠡ᠃
ᠬᠥᠲᠥᠯᠥᠭᠴᠢ᠄
︽ᠰᠠᠨᠠᠯ︾ ᠤᠨ ᠠᠵᠢᠯ ᠤᠨ ᠰᠡᠳᠬᠢᠮᠵᠢ ᠪᠣᠯᠣᠨ ᠭᠤᠣᠯ ᠬᠠᠷᠠᠯᠲᠠ ᠨᠢ ᠶᠠᠭᠤ ᠪᠤᠢ︖
ᠯᠢ ᠵᠢᠶᠦ᠋ᠨ᠄
ᠮᠠᠨ ᠤ ᠠᠵᠢᠯ ᠤᠨ ᠰᠡᠳᠬᠢᠮᠵᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠠᠷᠠᠯᠲᠠ ᠪᠣᠯᠣᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠵᠡᠷᠭᠡᠪᠡᠷ ᠬᠦᠭᠵᠢᠭᠦᠯᠬᠦ ᠱᠠᠭᠠᠷᠳᠠᠯᠭ᠎ᠠ ᠶᠣᠰᠣᠭᠠᠷ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠣᠷᠴᠢᠨ ᠨᠦᠬᠦᠴᠡᠯ ᠢ ᠪᠦᠷᠢᠨᠰᠢᠭᠦᠯᠦᠨ᠂ ᠬᠥᠳᠡᠭᠡ ᠲᠣᠰᠬᠤᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠤᠳᠠᠯᠳᠤᠭᠠᠨ ᠤ ᠵᠠᠭᠪᠤᠷᠰᠢᠯ ᠢ ᠰᠢᠨᠡᠴᠢᠯᠡᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠬᠤ᠂ ᠪᠦᠬᠦ ᠶᠠᠪᠤᠴᠠ ᠶᠢ ᠬᠠᠮᠤᠷᠬᠤ᠂ ᠶᠡᠷᠦᠩᠬᠡᠶᠢᠯᠡᠨ ᠢᠵᠢ ᠪᠦᠷᠢᠳᠦᠭᠦᠯᠬᠦ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ᠂ ᠳᠥᠭᠦᠮ ᠳᠥᠲᠡ ᠪᠦᠭᠡᠳ ᠠᠰᠢᠭᠲᠠᠢ ᠤᠳᠤ ᠦᠶ᠎ᠡ ᠶᠢᠨ ᠬᠥᠳᠡᠭᠡ ᠲᠣᠰᠬᠤᠨ ᠤ ᠲᠠᠸᠠᠷ ᠤᠨ ᠭᠦᠢᠯᠭᠡᠭᠡ ᠪᠠ ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠦᠭᠵᠢᠭᠦᠯᠬᠦ ᠶᠠᠪᠤᠳᠠᠯ ᠪᠣᠯᠣᠨ᠎ᠠ᠃
ᠬᠠᠷᠠᠯᠲᠠ ᠪᠣᠯ᠄ 2020 ᠣᠨ ᠤ ᠵᠢᠯ ᠤᠨ ᠡᠴᠦᠰ ᠪᠣᠯᠬᠤ ᠳᠤ᠂ ᠪᠦᠬᠦ ᠣᠷᠣᠨ ᠳᠤ ᠨᠡᠶᠢᠲᠡᠯᠢᠭ ᠳᠠᠶᠢᠴᠢᠯᠠᠬᠤ ᠦᠢᠯᠡᠳᠦᠯ ᠦᠵᠡᠭᠦᠯᠬᠦ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠨᠢᠭᠡ ᠪᠦᠯᠦᠭ ᠬᠤᠰᠢᠭᠤ ᠰᠢᠶᠠᠨ ᠢ ᠪᠣᠶᠢᠵᠢᠭᠤᠯᠵᠤ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ ᠬᠠᠤᠯᠢ ᠰᠠᠬᠢᠳᠠᠭ᠂ ᠠᠮᠤᠷ ᠲᠥᠪᠰᠢᠨ ᠪᠥᠭᠡᠳ ᠨᠠᠶᠢᠳᠠᠪᠤᠷᠢᠲᠠᠶ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠳᠠᠭ ᠬᠥᠳᠡᠭᠡ ᠲᠣᠰᠬᠤᠨ ᠤ ᠬᠤᠳᠠᠯᠳᠤᠭᠠᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ ᠠᠭᠤᠰᠤᠯᠴᠠᠭᠤᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ᠂ ᠲᠠᠷᠢᠶᠠᠴᠢᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠨᠡᠭᠡᠭᠡᠬᠦ᠂ ᠬᠥᠳᠡᠭᠡ ᠲᠣᠰᠬᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠲᠠᠶᠢᠴᠢᠯᠠᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃
ᠬᠥᠲᠥᠯᠥᠭᠴᠢ᠄
ᠯᠢ ᠲᠢᠩᠬᠢᠮ ᠤᠨ ᠳᠠᠷᠤᠭ᠎ᠠ ᠡ᠂ ︽ᠰᠠᠨᠠᠯ︾ ᠳᠤ ᠶᠠᠮᠠᠷ ᠶᠠᠮᠠᠷ ᠭᠤᠣᠯ ᠡᠭᠦᠷᠭᠡ ᠪᠠᠶᠢᠬᠤ ᠪᠤᠢ︖
ᠯᠢ ᠵᠢᠶᠦ᠋ᠨ᠄
︽ᠰᠠᠨᠠᠯ︾ ᠨᠢ ᠮᠠᠨ ᠤ ᠣᠷᠣᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠥᠭᠵᠢᠯᠲᠡ ᠶᠢᠨ ᠬᠠᠨᠳᠤᠰᠢ ᠳᠤ ᠰᠠᠭᠤᠷᠢᠯᠠᠨ᠂ ︽ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠦᠨ ᠠᠵᠤ ᠠᠬᠤᠶ ᠶᠢᠨ ᠰᠢᠨ᠎ᠡ ᠬᠦᠳᠡᠯᠭᠡᠭᠴᠢ ᠬᠦᠴᠦᠨ ᠢ ᠲᠥᠷᠭᠡᠨ ᠪᠣᠶᠢᠵᠢᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠵᠢᠴᠢ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠢᠨᠲ᠋ᠧᠷ ᠰᠦᠯᠵᠢᠶ᠎ᠡ + ᠭᠦᠢᠯᠭᠡᠭᠡᠨ ᠤ ᠠᠵᠢᠯᠯᠠᠭ᠎ᠠ ᠶᠢᠨ ᠲᠥᠯᠥᠪᠯᠡᠭᠡ︾ ᠶᠢᠨ ᠠᠭᠤᠯᠭ᠎ᠠ ᠶᠢ ᠦᠨᠳᠦᠰᠦᠯᠡᠵᠦ᠂ ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠄
ᠨᠢᠭᠡ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠭᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠣᠣᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠦᠨ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠭᠠᠷᠳᠠᠵᠤ ᠬᠢᠨ᠎ᠡ᠃
ᠬᠤᠶᠠᠷ ᠲᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠭᠤᠣᠯ ᠴᠣᠭᠴᠠ ᠶᠢ ᠪᠣᠶᠢᠵᠢᠭᠤᠯᠤᠨ᠎ᠠ᠃ ᠭᠤᠣᠯᠳᠠᠭᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠢ ᠪᠣᠶᠢᠵᠢᠭᠤᠯᠤᠨ᠂ ᠡᠯ᠎ᠡ ᠲᠦᠷᠤᠯ ᠤᠨ ᠬᠥᠷᠤᠩᠭᠡ ᠶᠢ ᠵᠣᠷᠢᠭᠵᠢᠭᠤᠯᠤᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ
ᠬᠦᠭᠵᠢᠭᠦᠯᠦᠨ᠎ᠡ᠃
ᠭᠤᠷᠪᠠ ᠳᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯᠳᠠᠭᠤ ᠬᠥᠳᠡᠭᠡ ᠲᠣᠰᠬᠤᠨ ᠤ ᠡᠳᠦᠷ ᠲᠤᠳᠤᠮ ᠤᠨ ᠬᠡᠷᠡᠭᠯᠡᠭᠡᠨ ᠤ ᠰᠢᠨ᠎ᠡ ᠮᠠᠶ᠋ᠢᠭ ᠤᠨ ᠭᠦᠢᠯᠭᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ︽ᠬᠤᠳᠠᠯᠳᠤᠵᠤ ᠭᠠᠷᠭᠠᠬᠤ︾ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠵᠤ᠂ ᠬᠥᠳᠡᠭᠡ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠢ ︽ᠬᠤᠳᠠᠯᠳᠤᠵᠤ ᠣᠷᠣᠭᠤᠯᠬᠤ︾ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠦ᠂ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠢᠶᠠᠷ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠵᠢᠯ ᠢᠶᠠᠨ ᠴᠢᠩᠭᠠᠳᠬᠠᠨ᠎ᠠ᠃
ᠬᠥᠲᠥᠯᠥᠭᠴᠢ᠄
︽ᠰᠠᠨᠠᠯ︾ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠳᠤ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠲᠣᠭᠲᠠᠭᠠᠭᠰᠠᠨ ᠪᠤᠢ︖
ᠯᠢ ᠵᠢᠶᠦ᠋ᠨ᠄
ᠭᠤᠣᠯ ᠬᠠᠷᠠᠯᠲᠠ ᠶᠢᠨ ᠪᠡᠶᠡᠯᠡᠯ ᠪᠠ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠶᠢᠨ ᠲᠥᠯᠥᠭᠡ᠂ ᠪᠢᠳᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠪᠣᠢ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠭᠲᠠᠭᠠᠭᠰᠠᠨ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠳᠤᠷᠠᠳᠤᠭᠰᠠᠨ ᠪᠠᠶᠢᠨ᠎ᠠ᠃ ᠡᠭᠦᠨ ᠳᠤ 10 ᠵᠦᠢᠯ ᠤᠨ ᠪᠤᠳᠠᠲᠠᠢ ᠠᠷᠭ᠎ᠠ ᠬᠡᠮᠵᠢᠶ᠎ᠡ ᠪᠤᠢ᠄
ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠬᠤ ᠲᠠᠯ᠎ᠠ ᠪᠠᠷ᠂ ᠨᠢᠭᠡ ᠳᠤ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠦᠵᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢ ᠣᠷᠣᠭᠤᠯᠤᠨ ᠬᠦᠮᠦᠵᠢᠭᠦᠯᠬᠦ᠂ ᠦᠢᠯᠡᠳᠬᠦᠨ ᠤ ᠶᠠᠰᠤ ᠴᠢᠨᠠᠷ ᠢ ᠠᠮᠤᠷ ᠲᠥᠪᠰᠢᠨ ᠪᠠᠶᠢᠯᠭᠠᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠢᠵᠢ ᠪᠦᠷᠢᠳᠦᠭᠰᠡᠨ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠶᠠᠷ ᠲᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠦᠨ᠎ᠡ᠃ ᠨᠥᠬᠦᠴᠡᠯ ᠲᠠᠢ ᠠᠶᠢᠮᠠᠭ ᠬᠤᠳᠠ᠂ ᠬᠤᠰᠢᠭᠤ ᠰᠢᠶᠠᠨ ᠢ ᠵᠣᠷᠢᠭᠵᠢᠭᠤᠯᠵᠤ ᠪᠠᠶᠢᠭᠠᠳ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠤᠨ᠎ᠠ᠃ ᠭᠤᠷᠪᠠ ᠳᠤ ᠭᠠᠵᠠᠷ ᠬᠡᠷᠡᠭᠯᠡᠬᠦ ᠳᠤ ᠳᠡᠮᠵᠢᠯᠭᠡ ᠦᠵᠡᠭᠦᠯᠦᠨ᠎ᠡ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠢ ᠵᠣᠷᠢᠭᠵᠢᠭᠤᠯᠵᠤ ᠪᠠᠶᠢᠭᠠᠳ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠪᠣᠯᠣᠨ ᠬᠤᠳᠠ ᠬᠥᠳᠡᠭᠡ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠰᠤᠯᠠ ᠪᠠᠶᠢᠭ᠎ᠠ ᠪᠣᠯᠣᠨ ᠬᠠᠳᠠᠭᠠᠯᠠᠵᠤ ᠪᠠᠶᠢᠭ᠎ᠠ ᠭᠡᠷ ᠬᠦᠷᠦᠩᠭᠡ ᠶᠢ ᠠᠰᠢᠭᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ ᠭᠦᠢᠯᠭᠡᠭᠡ ᠶᠢᠨ ᠲᠣᠭᠤᠷᠢᠭ ᠢ ᠲᠥᠪᠯᠡᠷᠡᠭᠦᠯᠵᠦ ᠲᠥᠯᠥᠪᠵᠢᠭᠦᠯᠦᠨ ᠪᠦᠲᠦᠭᠡᠨ ᠪᠠᠶᠢᠭᠤᠯᠤᠭᠠᠳ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠡᠯᠧᠺᠲᠷᠣᠨ ᠬᠤᠳᠠᠯᠳᠤᠭ᠎ᠠ ᠶᠢ ᠬᠦᠭᠵᠢᠭᠦᠯᠦᠨ᠎ᠡ᠃
ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠲᠠᠯ᠎ᠠ ᠪᠠᠷ᠂ ᠨᠢᠭᠡ ᠳᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠤᠨ᠎ᠠ᠃ ᠬᠤᠶᠠᠷ ᠲᠤ ᠵᠢᠱᠢᠶ᠎ᠡ ᠦᠵᠡᠭᠦᠯᠵᠦ ᠤᠬᠠᠭᠤᠯᠤᠨ ᠳᠡᠯᠭᠡᠷᠡᠭᠦᠯᠦᠨ᠎ᠡ᠃ ᠭᠤᠷᠪᠠ ᠳᠤ ᠰᠢᠶᠠᠨ ᠤ ᠬᠡᠪᠴᠢᠶᠡᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠲᠦᠷᠪᠡ ᠳᠤ ᠠᠵᠢᠯᠳᠠᠨ ᠢ ᠪᠣᠯᠪᠠᠰᠤᠷᠠᠭᠤᠯᠬᠤ ᠪᠠ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃
ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠨᠢᠭᠡ ᠳᠤ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠤ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠ ᠳᠤ ᠠᠮᠤᠷ ᠲᠦᠪᠰᠢᠨ ᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃
ᠬᠤᠶᠢᠰᠢᠳᠠ᠂ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠶᠣᠰᠣᠭᠠᠷ᠂ ᠡᠯ᠎ᠡ ᠬᠠᠮᠢᠶ᠎ᠠ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠵᠣᠬᠢᠴᠠᠯᠳᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠯᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠬᠤ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠢ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠰᠢᠨ᠎ᠡ ᠨᠡᠶᠢᠲᠡᠯᠢᠭ ᠵᠢᠱᠢᠶ᠎ᠡ ᠶᠢ ᠳ᠋ᠦᠩᠨᠡᠨ᠂ ᠰᠢᠨ᠎ᠡ ᠵᠠᠭᠪᠤᠷᠰᠢᠯ ᠢ ᠳᠡᠯᠭᠡᠷᠡᠭᠦᠯᠵᠦ᠂ ᠰᠢᠨ᠎ᠡ ᠰᠡᠳᠬᠢᠮᠵᠢ ᠳᠤᠷᠠᠳᠤᠨ᠂ ᠬᠦᠳᠡᠭᠡ ᠲᠤᠰᠬᠤᠨ ᠳᠠᠬᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠭᠦᠢᠯᠭᠡᠭᠡᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠠᠷᠠᠳ ᠣᠯᠠᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃
ᠬᠥᠲᠥᠯᠥᠭᠴᠢ᠄
ᠯᠢ ᠳᠠᠷᠤᠭ᠎ᠠ ᠶᠢᠨ ᠲᠠᠶᠢᠯᠪᠤᠷᠢ ᠬᠢᠭᠰᠡᠨ ᠳᠤ ᠲᠣᠩ ᠪᠠᠶᠠᠷᠯᠠᠯ᠎ᠠ᠂ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠴᠦ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠤᠯᠭᠠᠶ᠎ᠠ︕
2016 ᠣᠨ ᠤ ᠡᠯᠧᠺᠲᠷᠣᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠪᠦᠬᠦ ᠣᠷᠣᠨ ᠤ ᠠᠵᠢᠯ ᠤᠨ ᠠᠬᠤᠶ ᠲᠠᠯᠠᠪᠠᠶ ᠶᠢᠨ ᠬᠤᠷᠠᠯ