ᠯᠢ ᠵᠢᠢ ᠾᠧᠩ᠄ ᠥᠪᠦᠷ ᠮᠤᠩᠭᠤᠯ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠳᠤ ᠰᠢᠨ᠎ᠠ ᠳᠠᠪᠠᠯᠳᠠ ᠭᠠᠷᠭᠠᠬᠤ ᠶᠢ ᠬᠦᠴᠦᠯᠡᠨ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2016/10/19
     ᠯᠢ ᠵᠢᠢ ᠾᠧᠩ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ ᠪᠤᠯᠤᠨ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠶᠠᠷᠢᠯᠴᠠᠬᠤ ᠬᠤᠷᠠᠯ ᠳᠡᠭᠡᠷ᠎ᠠ ᠴᠢᠬᠤᠯᠠᠴᠢᠯᠠᠭᠰᠠᠨ ᠨᠢ      ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ ᠥᠪᠦᠷ ᠮᠤᠩᠭᠤᠯ ᠤᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠳᠤ ᠰᠢᠨ᠎ᠠ ᠳᠠᠪᠠᠯᠳᠠ ᠭᠠᠷᠭᠠᠬᠤ ᠶᠢ ᠬᠦᠴᠦᠯᠡᠨ ᠠᠬᠢᠭᠤᠯᠬᠤ ᠭᠡᠷᠡᠭᠲᠡᠢ ᠭᠡᠪᠡ
     10 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠪᠡᠬᠡᠵᠢᠩ ᠳᠤ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ᠂ ᠤᠯᠤᠰ ᠤᠨ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠲᠠᠢ ᠲᠤᠰᠪᠤᠷᠢ ᠠᠵᠢᠯ ᠤᠨ ᠶᠠᠷᠢᠯᠴᠠᠬᠤ ᠬᠤᠷᠠᠯ ᠬᠢᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠰᠠᠭᠤᠷᠢ ᠪᠡᠯᠡᠳᠬᠡᠮᠵᠢ ᠎ ᠶᠢᠨ ᠠᠵᠤ ᠠᠬᠤᠢ ᠶᠢᠨ ᠬᠦᠭᠵᠢᠯᠳᠠ ᠶᠢ ᠲᠤᠯᠭᠠᠭᠤᠷᠢᠯᠠᠬᠤ ᠴᠢᠳᠠᠪᠤᠷᠢ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠢ ᠪᠠᠳᠤᠯᠠᠬᠤ ᠴᠢᠳᠠᠪᠤᠷᠢ ᠶᠢ ᠦᠨᠡᠨᠬᠦ ᠨᠡᠮᠡᠭᠳᠡᠬᠦᠯᠵᠦ᠂ ᠶᠡᠷᠦᠩᠭᠡᠢ ᠱᠦᠵᠢ ᠰᠢ ᠶᠢᠨ ᠫᠢᠩ ᠎ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢᠨ ᠥᠪᠦᠷ ᠮᠤᠩᠭᠤᠯ ᠳᠤ ᠦᠨᠳᠦᠰᠦᠯᠡᠨ ᠰᠤᠶᠤᠭᠠᠯᠠᠵᠦ ᠴᠡᠴᠡᠭᠯᠡᠨ ᠵᠢᠮᠢᠰᠯᠡᠬᠦ ᠶᠢ ᠬᠦᠴᠦᠯᠡᠨ ᠠᠬᠢᠭᠤᠯᠬᠤ ᠭᠡᠷᠡᠭᠲᠡᠢ ᠭᠡᠪᠡ᠃      ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠶᠡᠷᠦᠩᠭᠡᠢ ᠳᠠᠭᠠᠭᠠᠮᠠᠯ ᠯᠦ ᠳ᠋ᠦᠩ ᠹᠦ᠋᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠶᠠᠩ ᠴᠤᠸᠠᠨ ᠲᠠᠩ ᠲᠤᠰᠪᠦᠷᠢ ᠠᠵᠢᠯ ᠤᠨ ᠶᠠᠷᠢᠯᠴᠠᠬᠤ ᠬᠤᠷᠠᠯ ᠢ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠦ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠳᠡᠳ᠋ ᠱᠦᠵᠢ᠂ ᠶᠠᠮᠤᠨ ᠤ ᠰᠠᠶᠢᠳ ᠯᠢ ᠰᠢᠶᠤᠤ ᠫᠧᠩ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ ᠯᠢ ᠵᠢᠢ ᠾᠧᠩ ᠬᠤᠶᠠᠷ ᠶᠠᠷᠢᠯᠴᠠᠬᠤ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠹᠦ᠋ ᠲᠠᠢ ᠽᠧᠩ ᠨᠠᠷ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠲᠤᠰᠪᠤᠷᠢ ᠮᠠᠨ ᠤ ᠤᠷᠤᠨ ᠤ ᠲᠡᠮᠦᠷ ᠵᠠᠮ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠪᠠ ᠭᠦᠭᠵᠢᠯᠳᠠ ᠶᠢᠨ ᠪᠠᠶᠢᠳᠠᠯ ᠪᠤᠯᠤᠨ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠭᠡᠢ ᠺᠤᠮᠫᠠᠨᠢ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠬᠠᠪᠰᠤᠷᠤᠯᠭ᠎ᠠ ᠪᠠᠷ ᠳᠠᠮᠵᠢᠨ ᠰᠢᠢᠳᠪᠤᠷᠢᠯᠡᠬᠦ ᠴᠢᠬᠤᠯᠠᠳᠠᠢ ᠵᠦᠢᠯ ᠢ ᠮᠡᠳᠡᠬᠦᠯᠵᠠᠢ᠃      ᠯᠦ ᠳ᠋ᠦᠩ ᠹᠦ᠋ ᠡᠩ ᠲᠠᠷᠢᠬᠦᠨ ᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠳᠤᠮᠳᠠᠳᠤ ᠤᠯᠤᠰ ᠤᠨ ᠳᠡᠮᠤᠷ ᠵᠠᠮ ᠤᠨ ᠶᠡᠷᠦᠩᠬᠡᠢ ᠺᠤᠮᠫᠠᠨᠢ ᠳᠤ ᠦᠵᠡᠬᠦᠯᠦᠭᠰᠡᠬᠡᠷ ᠢᠷᠡᠭᠰᠡᠨ ᠳᠡᠮᠵᠢᠯᠬᠡ ᠪᠡ ᠳᠡᠮᠤᠷ ᠵᠠᠮ ᠤᠨ ᠪᠦᠳᠦᠬᠡᠨ ᠪᠠᠶᠢᠭᠤᠯᠤᠯᠳᠠ ᠶᠢᠨ ᠬᠦᠭᠵᠢᠯᠳᠡ ᠶᠢ ᠴᠢᠬᠤᠯᠠᠴᠢᠯᠠᠬᠰᠠᠭᠠᠷ ᠢᠷᠡᠭᠰᠡᠨ ᠳᠤ ᠳᠠᠯᠠᠷᠬᠠᠵᠦ ᠪᠠᠶᠢᠬᠤ ᠪᠠᠨ ᠢᠯᠡᠳᠬᠡᠪᠡ᠃ ᠳᠡᠷᠡ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠨᠢ ᠦᠪᠦᠷ ᠮᠤᠩᠭᠤᠯ ᠤᠨ ᠬᠦᠭᠵᠢᠯᠳᠡ ᠳᠤ ᠰᠢᠨ᠎ᠠ ᠠᠷᠭ᠎ᠠ ᠪᠤᠳᠤᠯᠭ᠎ᠠ ᠶᠢ ᠳᠤᠷᠠᠳᠴᠤ᠂ ᠰᠢᠨ᠎ᠠ ᠪᠠᠶᠢᠷᠢ ᠳᠤᠬᠳᠠᠭᠠᠯᠳᠠ ᠶᠢ ᠳᠤᠳᠤᠷᠬᠠᠢᠢᠯᠠᠨ ᠦᠭᠴᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠠᠶᠢᠳᠤᠷ ᠳᠤᠤᠱᠯᠠᠭᠤᠯᠤᠨ ᠨᠠᠶᠢᠳᠠᠪᠤᠷᠢᠵᠢᠭᠤᠯᠬᠤ ᠨᠢ ᠦᠪᠦᠷ ᠮᠤᠩᠭᠤᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠪᠤᠯᠤᠨ ᠤᠯᠤᠰ ᠤᠨ ᠳᠡᠮᠤᠷ ᠵᠠᠮ ᠤᠨ ᠪᠦᠳᠦᠬᠡᠨ ᠪᠠᠶᠢᠭᠤᠯᠤᠯᠳᠠ ᠶᠢᠨ ᠬᠦᠭᠵᠢᠯᠳᠡ ᠶᠢᠨ ᠶᠡᠷᠦᠩᠬᠡᠢ ᠪᠠᠶᠢᠷᠢᠯᠠᠭᠤᠯᠤᠯᠳᠠ ᠯᠤᠭ᠎ᠠ ᠬᠤᠯᠪᠤᠬᠳᠠᠬᠤ ᠶᠤᠮ᠃ ᠦᠪᠦᠷ ᠮᠤᠩᠭᠤᠯ ᠤᠨ ᠳᠡᠮᠤᠷ ᠵᠠᠮ ᠤᠨ ᠪᠦᠳᠦᠬᠡᠨ ᠪᠠᠶᠢᠭᠤᠯᠤᠯᠳᠠ ᠳᠤ ᠮᠠᠰᠢ ᠶᠡᠭᠡ ᠲᠠᠯᠳᠠ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠳᠡᠮᠤᠷ ᠵᠠᠮ ᠤᠨ ᠶᠡᠷᠦᠩᠬᠡᠢ ᠺᠤᠮᠫᠠᠨᠢ ᠨᠠᠷᠢᠨ ᠬᠢᠨᠠᠮᠠᠭᠠᠢ ᠰᠤᠳᠤᠯᠤᠯᠳᠠ ᠬᠢᠬᠦ ᠶᠢᠨ ᠬᠠᠮᠳᠤ ᠦᠪᠦᠷ ᠮᠤᠩᠭᠤᠯ ᠤᠨ ᠳᠤᠷᠠᠳᠤᠬᠰᠠᠨ ᠬᠠᠮᠢᠶ᠎ᠠ ᠪᠦᠬᠦᠢ ᠱᠠᠭᠠᠷᠳᠠᠯᠭ᠎ᠠ ᠶᠢ ᠢᠳᠡᠪᠬᠢᠳᠡᠢ ᠴᠤᠤᠷᠢᠶᠠᠳᠤᠨ ᠳᠠᠭᠠᠵᠦ᠂ ᠠᠵᠢᠯ ᠳᠦᠷᠦᠯ ᠤᠨ ᠲᠠᠪᠠᠭᠤᠯᠢᠬ ᠢᠶᠠᠨ ᠦᠷᠬᠦᠯᠵᠢᠯᠡᠨ ᠪᠠᠳᠠᠷᠠᠭᠤᠯᠵᠦ᠂ ᠦᠪᠦᠷ ᠮᠤᠩᠭᠤᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢ ᠦᠷᠬᠦᠯᠵᠢᠯᠡᠨ ᠬᠠᠯᠠᠮᠵᠢᠯᠠᠨ ᠳᠡᠮᠵᠢᠵᠦ᠂ ᠦᠪᠦᠷ ᠮᠤᠩᠭᠤᠯ ᠤᠨ ᠳᠤᠷᠠᠳᠤᠬᠰᠠᠨ ᠤᠯᠤᠰ ᠤᠨ ᠳᠡᠮᠤᠷ ᠵᠠᠮ ᠤᠨ ︽13· 5︾᠎ ᠶᠢᠨ ᠳᠦᠯᠦᠪᠵᠢᠬᠦᠯᠬᠡ ᠳᠤ ᠤᠷᠤᠭᠤᠯᠬᠤ ᠳᠦᠷᠦᠯ ᠵᠦᠢᠯ ᠪᠡ 2017 ᠣᠨ ᠳᠤ ᠪᠠᠷᠢᠯᠭ᠎ᠠ ᠡᠬᠢᠯᠡᠬᠦᠯᠦᠨ ᠪᠦᠳᠦᠬᠡᠨ ᠪᠠᠶᠢᠭᠤᠯᠬᠤ ᠳᠡᠮᠤᠷ ᠵᠠᠮ ᠤᠨ ᠳᠦᠷᠦᠯ ᠵᠦᠢᠯ ᠳᠤ ᠢᠳᠡᠪᠬᠢᠳᠡᠢ ᠳᠡᠮᠵᠢᠯᠬᠡ ᠦᠵᠡᠬᠦᠯᠵᠦ᠂ ᠳᠦᠷᠦᠯ ᠵᠦᠢᠯ ᠢ ᠪᠤᠳᠠᠳᠠᠢ ᠳᠤ ᠨᠡᠶᠢᠳᠠᠪᠤᠷᠢᠵᠢᠭᠤᠯᠬᠤ ᠪᠠᠷ ᠬᠠᠮᠳᠤᠪᠡᠷ ᠴᠢᠷᠮᠠᠶᠢᠨ᠎ᠠ ᠬᠡᠪᠡ᠃      ᠶᠠᠩ ᠴᠤᠸᠠᠠ ᠲᠠᠩ ᠶᠠᠷᠢᠯᠴᠠᠬᠤ ᠬᠤᠷᠠᠯ ᠲᠡᠭᠡᠷ᠎ᠠ ᠴᠢᠬᠤᠯᠠᠴᠢᠯᠠᠬᠰᠠᠨ ᠨᠢ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠲᠡᠭᠡᠲᠦ ᠬᠡᠮᠵᠢᠶ᠎ᠠ ᠶᠢᠨ ᠴᠢᠬᠤᠯᠠᠴᠢᠯᠠᠭ᠎ᠠ ᠪᠠ ᠨᠡᠶᠢᠭᠡᠮ ᠤᠨ ᠡᠯ᠎ᠠ ᠡᠲᠡᠭᠡᠳ ᠤᠨ ᠲᠡᠮᠵᠢᠯᠭᠡ ᠪᠠᠷ ᠦᠪᠦᠷ ᠮᠤᠩᠭᠤᠯ ᠤᠨ ᠵᠠᠮ ᠬᠠᠷᠢᠯᠴᠠᠭ᠎ᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠲᠦᠷᠭᠡᠡ ᠬᠦᠭᠵᠢᠵᠦ᠂ ᠶᠡᠷᠦᠩᠭᠡᠶᠢᠯᠡᠭᠰᠡᠡ ᠪᠤᠰᠤᠭ᠎ᠠ ᠴᠤᠭᠴᠠᠳᠦ ᠵᠠᠮ ᠬᠠᠷᠢᠯᠴᠠᠭᠠᠠ ᠤ ᠪᠠᠶᠢᠷᠢᠰᠢᠯ ᠪᠤᠯᠤᠨ ᠪᠤᠯᠪᠠᠰᠤᠷᠠᠩᠭᠤᠢ ᠡᠷᠬᠢᠯᠳᠡ ᠶᠢᠨ ᠲᠤᠭᠲᠠᠴᠠ ᠶᠢ ᠪᠦᠷᠢᠯᠲᠦᠭᠦᠯᠦᠭᠰᠡᠨ ᠪᠠᠶᠢᠨ᠎ᠠ ᠬᠡᠪᠡ᠃ ᠲᠡᠷᠡ ᠵᠢᠭᠠᠵᠦ ᠭᠠᠷᠭᠠᠬᠰᠠᠨ ᠨᠢ᠂ ᠦᠪᠦᠷ ᠮᠤᠩᠭᠤᠯ ᠪᠤᠯ ︽ᠨᠢᠭᠡ ᠪᠦᠰᠡ ᠨᠢᠭᠡ ᠵᠠᠮ︾᠎ ᠤᠨ ᠵᠠᠩᠭᠢᠯᠠᠭ᠎ᠠ ᠶᠢᠨ ᠭᠠᠵᠠᠷ ᠤᠷᠤᠨ ᠪᠠᠶᠢᠵᠤ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠠᠴᠠ ᠦᠪᠦᠷ ᠮᠤᠩᠭᠤᠯ ᠤᠨ ᠵᠠᠮ ᠬᠠᠷᠢᠯᠴᠠᠭᠠᠠ ᠤ ᠰᠠᠭᠤᠷᠢ ᠪᠡᠯᠡᠳᠬᠡᠮᠵᠢ ᠶᠢᠨ ᠪᠦᠲᠦᠭᠡᠡ ᠪᠠᠶᠢᠭᠤᠯᠤᠯᠲᠠ ᠶᠢ ᠪᠦᠬᠦ ᠬᠦᠴᠤᠨ ᠢᠶᠠᠷ ᠢᠶᠠᠨ ᠲᠠᠮᠵᠢᠵᠦ᠂ ᠦᠨᠲᠦᠰᠦᠲᠡᠡ ᠎ ᠤ ᠤᠷᠤᠨ ᠤ ᠬᠦᠭᠵᠢᠯᠲᠠ᠂ ᠬᠢᠯᠢ ᠬᠢᠵᠠᠭᠠᠷ ᠤᠷᠤᠨ ᠤ ᠲᠤᠭᠲᠠᠭᠤᠨ ᠪᠠᠶᠢᠲᠠᠯ ᠢ ᠬᠠᠮᠠᠭᠠᠯᠠᠵᠦ᠂ ᠦᠨᠲᠦᠰᠦᠲᠡᠡ ᠤ ᠪᠦᠯᠬᠦᠮᠲᠡᠯ ᠢ ᠪᠠᠬᠢᠵᠢᠭᠦᠯᠬᠦ ᠳᠤ ᠰᠢᠨ᠎ᠠ ᠬᠤᠪᠢ ᠨᠡᠮᠡᠷᠢ ᠦᠵᠡᠭᠦᠯᠵᠦ᠂ ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠪᠠᠶᠢᠭᠤᠯᠤᠭᠲᠠᠭᠰᠠᠠ 70 ᠵᠢᠯ ᠤᠨ ᠤᠢ ᠶᠢᠨ ᠲᠠᠰᠢᠷᠠᠮ ᠳᠤ ᠨᠢᠭᠡ ᠪᠦᠯᠦᠭ ᠠᠷᠠᠳ ᠤᠨ ᠠᠮᠢᠲᠤᠷᠠᠯ ᠤᠨ ᠪᠤᠶᠠᠠ ᠭᠡᠰᠢᠭ ᠲᠠᠢ ᠬᠤᠯᠪᠤᠭᠲᠠᠬᠰᠠᠨ ᠵᠠᠮ ᠬᠠᠷᠢᠯᠴᠠᠭᠠᠠ ᠤ ᠰᠠᠭᠤᠷᠢ ᠪᠡᠯᠡᠳᠬᠡᠮᠵᠢ ᠶᠢᠨ ᠪᠦᠲᠦᠭᠡᠡ ᠪᠠᠶᠢᠭᠤᠯᠤᠯᠲᠠ ᠎ ᠶᠢᠨ ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ ᠪᠦᠳᠦᠬᠡᠨ ᠪᠠᠶᠢᠭᠤᠯᠬᠤ ᠪᠠᠷ ᠬᠦᠴᠦᠯᠡᠵᠤ᠂ ᠦᠪᠦᠷ ᠮᠤᠩᠭᠤᠯ ᠢ ᠬᠠᠪᠰᠤᠷᠴᠤ ᠪᠠᠶᠢᠭᠠᠳ ᠵᠠᠮ ᠬᠠᠷᠢᠯᠴᠠᠭᠠᠠ ᠤ ᠰᠠᠭᠤᠷᠢ ᠲᠦᠬᠦᠭᠡᠷᠦᠮᠵᠢ ᠪᠠᠷ ᠲᠠᠮᠵᠢᠠ ᠬᠠᠷᠢᠯᠴᠠᠨ ᠬᠤᠯᠪᠤᠯᠲᠤᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠭᠠᠲᠠᠭᠠᠲᠦ ᠨᠡᠭᠡᠭᠡᠯᠲᠡ ᠬᠢᠬᠦ ᠶᠢ ᠴᠢᠩᠭᠠᠳᠬᠠᠠ ᠠᠵᠦ ᠠᠬᠤᠢ ᠨᠡᠶᠢᠭᠡᠮ ᠎ ᠤᠨ ᠦᠷᠬᠦᠯᠵᠢᠯᠡᠡ ᠡᠷᠡᠭᠦᠯ ᠢᠶᠠᠷ ᠬᠦᠭᠵᠢᠬᠦ ᠶᠢ ᠠᠬᠢᠭᠤᠯᠦᠨ᠎ᠠ ᠭᠡᠵᠠᠢ᠃      ᠯᠢ ᠰᠢᠶᠦᠦ ᠫᠧᠩ ᠡᠩ ᠲᠠᠷᠢᠬᠦᠨ ᠳᠤ ᠦᠪᠤᠷ ᠮᠤᠩᠭᠤᠯ ᠤᠨ ᠤᠷᠳᠦ ᠬᠤᠭᠤᠴᠠᠭᠠᠠ ᠤ ᠳᠤᠷᠰᠢ ᠵᠠᠮ ᠬᠠᠷᠢᠯᠴᠠᠭ᠎ᠠ ᠵᠦᠭᠡᠭᠡᠪᠦᠷᠢ ᠶᠢᠨ ᠦᠢᠯᠠᠰ ᠢ ᠳᠡᠮᠵᠢᠭᠰᠡᠭᠡᠷ ᠢᠷᠡᠭᠰᠠᠠ ᠳᠤ ᠳᠠᠯᠠᠷᠬᠠᠵᠦ ᠪᠠᠶᠢᠬᠤ ᠪᠠᠨ ᠢᠯᠠᠳᠬᠡᠪᠡ᠃ ᠳᠠᠷᠠ ᠵᠢᠭᠠᠵᠦ ᠭᠠᠷᠭᠠᠬᠰᠠᠠ ᠨᠢ᠂ ︽13· 5︾ ᠪᠤᠯ ᠵᠠᠮ ᠬᠠᠷᠢᠯᠴᠠᠭ᠎ᠠ ᠵᠦᠭᠡᠭᠡᠪᠦᠷᠢ ᠶᠢᠨ ᠦᠢᠯᠠᠰ ᠤᠨ ᠬᠦᠭᠵᠢᠯᠳᠠ ᠶᠢᠨ ᠵᠠᠩᠬᠢᠯᠠᠭ᠎ᠠ ᠶᠢᠨ ᠬᠤᠭᠤᠴᠠᠭ᠎ᠠ ᠪᠠᠶᠢᠵᠤ᠂ ᠪᠢᠳᠠ ᠬᠠᠩᠭᠠᠯᠭ᠎ᠠ ᠶᠢᠨ ᠳᠡᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠡᠯᠳᠡ ᠪᠠᠷ ᠳᠠᠮᠵᠢᠨ ᠵᠠᠮ ᠬᠠᠷᠢᠯᠴᠠᠭᠠᠠ ᠤ ᠳᠤᠮᠤ ᠤᠯᠤᠰ ᠠᠴᠠ ᠵᠠᠮ ᠬᠠᠷᠢᠯᠴᠠᠭᠠᠠ ᠤ ᠬᠦᠴᠦᠷᠭᠡᠭ ᠤᠯᠤᠰ ᠳᠠᠰᠢ ᠤᠷᠦᠬᠰᠢᠯᠠᠬᠤ ᠶᠢ ᠪᠠᠶᠠᠯᠠᠬᠦᠯᠵᠦ᠂ ᠵᠠᠮ ᠬᠠᠷᠢᠯᠴᠠᠭᠠᠠ ᠤ ᠦᠢᠯᠠᠰ ᠤᠨ ᠬᠦᠭᠵᠢᠯᠳᠠ ᠪᠠᠷ ᠳᠠᠮᠵᠢᠨ ᠪᠤᠳᠠᠰ ᠤᠨ ᠬᠦᠢᠯᠬᠡᠬᠡ ᠶᠢᠨ ᠦᠢᠯᠠᠰ ᠤᠨ ᠬᠦᠭᠵᠢᠯᠳᠠ ᠶᠢ ᠳᠠᠶᠢᠴᠢᠯᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠦᠯᠬᠤ ᠳᠤ ᠬᠤᠪᠢ ᠨᠠᠮᠠᠷᠢ ᠦᠵᠡᠬᠦᠯᠬᠦ ᠬᠡᠷᠡᠭᠳᠡᠢ᠃ ᠵᠠᠮ ᠬᠠᠷᠢᠯᠴᠠᠭ᠎ᠠ ᠵᠦᠭᠡᠭᠡᠪᠦᠷᠢ ᠶᠢᠨ ᠶᠡᠮᠤᠡ ᠳᠤᠷᠠᠳᠠᠶ᠎ᠠ ᠦᠪᠤᠷ ᠮᠤᠩᠭᠤᠯ ᠲᠠᠢ ᠬᠦᠨᠵᠡᠬᠡᠢ ᠬᠠᠮᠳᠦᠷᠠᠯᠴᠠᠨ ᠪᠠᠶᠢᠯᠳᠤᠬᠤ ᠪᠤᠳᠤᠯᠭ᠎ᠠ ᠶᠢᠨ ᠬᠠᠨᠢᠳᠠᠠ ᠤ ᠬᠠᠷᠢᠴᠠᠭ᠎ᠠ ᠶᠢ ᠪᠠᠶᠢᠭᠤᠯᠵᠦ᠂ ᠦᠪᠤᠷ ᠮᠤᠩᠭᠤᠯ ᠤᠨ ᠵᠠᠮ ᠬᠠᠷᠢᠯᠴᠠᠭ᠎ᠠ ᠵᠦᠭᠡᠭᠡᠪᠦᠷᠢ ᠶᠢᠨ ᠦᠢᠯᠠᠰ ᠤᠨ ᠬᠦᠭᠵᠢᠯᠳᠠ ᠳᠤ ᠬᠠᠪᠰᠦᠷᠤᠯᠭ᠎ᠠ ᠳᠡᠮᠵᠢᠯᠬᠡ ᠦᠵᠡᠬᠦᠯᠤᠨ᠎ᠠ᠃ ᠦᠪᠤᠷ ᠮᠤᠩᠭᠤᠯ ᠤᠨ ᠨᠢᠬᠡᠨᠳᠡ ᠵᠠᠮ ᠬᠠᠷᠢᠯᠴᠠᠭ᠎ᠠ ᠵᠦᠭᠡᠭᠡᠪᠦᠷᠢ ᠶᠢᠨ ᠶᠡᠮᠤᠡ  ᠎ ᠤ ︽13· 5︾᠎ ᠶᠢᠨ ᠳᠦᠯᠥᠪᠵᠢᠬᠦᠯᠬᠡ ᠳᠤ ᠤᠷᠦᠭᠤᠯᠤᠬᠰᠠᠠ ᠲᠦᠷᠦᠯ ᠵᠦᠢᠯ ᠢ ᠢᠳᠠᠪᠬᠢᠳᠠᠢ ᠪᠠᠷ ᠱᠠᠭᠠᠷᠳᠠᠠ ᠨᠠᠶᠢᠳᠠᠪᠤᠷᠢᠵᠢᠭᠤᠯᠵᠤ᠂ ᠰᠢᠨ᠎ᠠ ᠪᠠᠶᠢᠳᠠᠯ ᠳᠤᠤᠷ᠎ᠠ ᠰᠢᠨ᠎ᠠ ᠱᠠᠭᠠᠷᠳᠠᠯᠭ᠎ᠠ ᠳᠤᠷᠠᠳᠤᠬᠰᠠᠠ ᠲᠦᠷᠦᠯ ᠵᠦᠢᠯ ᠢ ᠢᠳᠠᠪᠬᠢᠳᠠᠢ ᠪᠠᠷ ᠵᠤᠯᠭᠠᠯᠴᠠᠭᠤᠯᠵᠤ᠂  ᠪᠦᠳᠦᠬᠡᠡ ᠪᠠᠶᠢᠭᠤᠯᠬᠤ ᠳᠤ ᠬᠦᠴᠢᠷᠳᠠᠯ ᠲᠠᠢ ᠲᠦᠷᠦᠯ ᠵᠦᠢᠯ ᠢ ᠬᠤᠶᠠᠷ ᠳᠠᠯ᠎ᠠ ᠪᠠᠷ ᠢᠶᠠᠨ ᠬᠠᠮᠳᠤᠪᠡᠷ ᠴᠢᠷᠮᠠᠶᠢᠵᠤ ᠪᠠᠶᠢᠭᠠᠳ ᠨᠠᠶᠢᠳᠠᠪᠤᠷᠢᠵᠢᠭᠤᠯᠤᠯᠳᠠ ᠶᠢ ᠢᠳᠡᠪᠬᠢᠳᠠᠢ ᠪᠠᠷ ᠠᠬᠢᠭᠤᠯᠬᠤ ᠬᠡᠷᠡᠭᠳᠡᠢ ᠬᠡᠵᠡᠢ᠃      ᠯᠢ ᠵᠢᠢ ᠾᠧᠩ ᠡᠩ ᠲᠠᠷᠢᠬᠦᠨ ᠳᠤ ᠳᠤᠮᠳᠠᠳᠦ ᠤᠯᠥᠰ ᠤᠨ ᠳᠠᠮᠤᠷ ᠵᠠᠮ ᠤᠨ ᠶᠠᠷᠦᠩᠬᠡᠢ ᠺᠤᠮᠫᠠᠨᠢ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠡᠮᠤᠡ ᠤ ᠤᠷᠳᠦ ᠬᠤᠭᠤᠴᠠᠭᠠᠠ ᠤ ᠳᠤᠷᠰᠢ ᠦᠪᠤᠷ ᠮᠤᠩᠭᠤᠯ ᠤᠨ ᠬᠦᠭᠵᠢᠯᠳᠠ ᠶᠢ ᠠᠩᠬᠠᠷᠴᠦ ᠳᠠᠮᠵᠢᠭᠰᠡᠭᠡᠷ ᠢᠷᠡᠭᠰᠠᠠ ᠳᠤ ᠳᠠᠯᠠᠷᠬᠠᠵᠦ ᠪᠠᠶᠢᠬᠤ ᠪᠠᠨ ᠢᠯᠡᠳᠬᠡᠪᠡ᠃ ᠳᠠᠷᠠ ᠴᠢᠬᠤᠯᠠᠴᠢᠯᠠᠬᠰᠠᠠ ᠨᠢ᠂ 2014 ᠤᠠ ᠤ 1 ᠳ᠋ᠤᠭᠡᠷ ᠰᠠᠷ᠎ᠠ ᠳᠤ ᠶᠠᠷᠦᠩᠬᠡᠢ ᠱᠦᠵᠢ ᠰᠢ ᠶᠢᠨ ᠫᠢᠩ ᠦᠪᠤᠷ ᠮᠤᠩᠭᠤᠯ ᠳᠤ ᠰᠢᠨᠵᠢᠯᠠᠠ ᠪᠠᠶᠢᠴᠠᠭᠠᠵᠦ᠂ ᠦᠪᠤᠷ ᠮᠤᠩᠭᠤᠯ ᠤᠨ ᠬᠢᠨ ᠬᠠᠷᠢᠯᠴᠠᠠ ᠬᠠᠪᠰᠦᠷᠤᠯᠴᠠᠠ ᠰᠠᠬᠢᠠ ᠪᠠᠷᠠᠯᠠᠵᠦ᠂ ᠪᠦᠯᠬᠦᠮᠳᠠᠠ ᠳᠠᠮᠠᠴᠠᠵᠦ ᠂ ᠡᠬᠡ ᠤᠯᠤᠰ ᠤᠨ ᠤᠮᠠᠷᠠᠳᠦ ᠶᠢᠨ ᠡᠨᠡᠬᠦ ᠦᠵᠡᠮᠵᠢ ᠶᠢᠨ ᠤᠷᠦᠠ ᠢ ᠨᠡᠩ ᠦᠵᠡᠰᠬᠦᠯᠠᠩᠳᠦ ᠰᠠᠶᠢᠬᠠᠠ ᠪᠤᠯᠭᠠᠠ ᠪᠦᠳᠦᠬᠡᠨ ᠪᠠᠶᠢᠭᠤᠯᠬᠤ ᠶᠢ ᠬᠦᠰᠡᠭᠰᠡᠨ ᠪᠠᠶᠢᠨ᠎ᠠ᠃ ᠶᠠᠷᠦᠩᠬᠡᠢ ᠱᠦᠵᠢ ᠰᠢ ᠶᠢᠨ ᠫᠢᠩ ᠠᠴᠠ ︽ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠰᠠᠭᠤᠷᠢ ᠪᠡᠯᠡᠳᠬᠡᠮᠵᠢ ᠎ ᠶᠢᠨ ᠠᠵᠦ ᠠᠬᠤᠢ ᠶᠢᠨ ᠬᠦᠭᠵᠢᠯᠳᠠ ᠶᠢ ᠳᠤᠯᠭᠠᠭᠤᠷᠢᠯᠠᠬᠤ ᠴᠢᠳᠠᠪᠤᠷᠢ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠦᠷᠠᠯ ᠢ ᠪᠠᠳᠦᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠳᠡᠢ︾ ᠬᠡᠵᠦ ᠤᠠᠴᠠᠭᠠᠢᠢᠯᠠᠠ ᠨᠠᠶᠢᠳᠠᠬᠰᠠᠠ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠵᠢᠭᠠᠪᠦᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠳᠤ ᠦᠪᠤᠷ ᠮᠤᠩᠭᠤᠯ ᠤᠨ ᠦᠨᠳᠦᠰᠤᠳᠡᠨ ᠨᠦᠭᠦᠳ ᠤᠨ ᠠᠷᠠᠳ ᠲᠦᠮᠡᠨ ᠪᠦᠯᠭᠦᠮᠳᠡᠨ ᠲᠡᠮᠡᠴᠡᠭᠦ ᠴᠢᠬᠤᠯᠠᠳᠠᠢ ᠮᠦᠷᠳᠡᠭᠡᠨ ᠲᠤᠮᠳᠠᠳᠤ ᠤᠯᠤᠰ ᠤᠨ ᠲᠠᠮᠤᠷ ᠵᠠᠮ ᠤᠨ ᠶᠡᠷᠦᠩᠬᠡᠢ ᠺᠤᠮᠫᠠᠨᠢ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠬᠦᠴᠤᠳᠠᠢ ᠳᠡᠮᠵᠢᠯᠭᠡ ᠶᠢ ᠬᠦᠷᠳᠡᠬᠦ ᠴᠢᠬᠤᠯᠠᠳᠠᠢ᠃ ᠦᠪᠤᠷ ᠮᠤᠩᠭᠤᠯ ᠤᠮᠠᠷᠠᠳᠤ ᠤᠷᠤᠨ ᠳᠤ ᠪᠠᠶᠢᠷᠢᠯᠠᠨ ᠭᠠᠵᠠᠷ ᠨᠤᠳᠤᠭ ᠦᠷᠭᠡᠨ ᠠᠭᠤᠳᠠᠮ ᠪᠠᠶᠢᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠪᠠᠭᠤᠷᠠᠢ ᠪᠠᠶᠢᠬᠤ ᠪᠤᠯ ᠭᠦᠭᠵᠢᠯᠳᠡ ᠶᠢ ᠬᠦᠯᠢᠶᠡᠰᠤᠯᠡᠵᠤ ᠪᠠᠶᠢᠭ᠎ᠠ ᠨᠢᠭᠡᠨ ᠴᠢᠬᠤᠯᠡ ᠶᠡᠭᠡ ᠪᠤᠭᠤᠮᠢ ᠪᠤᠯᠤᠨ᠎ᠡ᠃ ᠲᠤᠮᠳᠠᠳᠤ ᠤᠯᠤᠰ ᠤᠨ ᠲᠡᠮᠤᠷ ᠵᠠᠮ ᠤᠨ ᠶᠡᠷᠦᠩᠬᠡᠢ ᠺᠤᠮᠫᠠᠨᠢ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠠᠴᠠ ᠲᠡᠮᠤᠷ ᠵᠠᠮ ᠪᠡ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠳᠡ ᠪᠤᠯᠤᠨ ᠦᠭᠡᠷᠡᠴᠢᠯᠡᠯᠳᠡ ᠶᠢᠨ ᠲᠠᠯ᠎ᠡ ᠪᠠᠷ ᠦᠪᠤᠷ ᠮᠤᠩᠭᠤᠯ ᠳᠤ ᠨᠡᠩ ᠤᠯᠠᠨ ᠲᠡᠮᠵᠢᠯᠭᠡ ᠪᠡ ᠬᠠᠪᠰᠤᠷᠤᠯᠭ᠎ᠠ ᠦᠵᠡᠬᠦᠯᠬᠦ ᠶᠢ ᠭᠦᠰᠡᠵᠤ ᠪᠤᠢ᠃ ᠦᠪᠤᠷ ᠮᠤᠩᠭᠤᠯ ᠪᠦᠭᠦ ᠤᠷᠤᠨ ᠤ ᠭᠦᠴᠤ ᠶᠢ ᠠᠰᠢᠬᠯᠠᠨ ᠤᠯᠤᠰ ᠤᠨ ᠭᠦᠴᠤᠨ ᠳᠤ ᠲᠦᠰᠢᠭᠯᠡᠵᠤ ᠪᠠᠶᠢᠭᠠᠳ ᠲᠠᠮᠤᠷ ᠵᠠᠮ᠂ ᠵᠠᠰᠠᠮᠠᠯ ᠵᠠᠮ ᠵᠡᠷᠭᠡ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠳᠡ ᠶᠢ ᠭᠤᠶᠢᠪᠢᠰᠢ ᠦᠭᠡᠢ ᠪᠠᠷ ᠲᠦᠷᠭᠡᠳᠭᠡᠵᠤ᠂ ᠲᠤᠷᠠᠳᠠᠶ᠎ᠡ ᠲᠤᠮᠳᠠᠳᠤ ᠤᠯᠤᠰ ᠤᠨ ᠲᠠᠮᠤᠷ ᠵᠠᠮ ᠤᠨ ᠶᠡᠷᠦᠩᠬᠡᠢ ᠺᠤᠮᠫᠠᠨᠢ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠯᠤᠭ᠎ᠠ ᠬᠤᠶᠠᠷ ᠲᠠᠯ᠎ᠡ ᠶᠢᠨ ᠲᠤᠬᠢᠷᠠᠯᠴᠠᠬᠰᠡᠨ ᠬᠠᠮᠳᠤ ᠶᠢᠨ ᠲᠠᠨᠢᠯᠳᠡ ᠶᠢ ᠭᠠᠷ ᠬᠤᠯᠪᠤᠨ ᠰᠠᠶᠢᠳᠤᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠤᠳᠤᠬᠠᠨ ᠤ ᠪᠦᠳᠤᠭᠡᠨ ᠪᠠᠶᠢᠭᠤᠯᠵᠤ ᠪᠠᠶᠢᠭ᠎ᠠ ᠪᠡ ᠪᠦᠳᠤᠭᠡᠨ ᠪᠠᠶᠢᠭᠤᠯᠬᠤ ᠪᠠᠷ ᠲᠦᠯᠦᠪᠯᠡᠵᠤ ᠪᠠᠶᠢᠭ᠎ᠠ ᠲᠦᠷᠦᠯ ᠵᠦᠢᠯ ᠨᠢᠬᠡᠪᠦᠷᠢ ᠶᠢ ᠬᠠᠮᠳᠤᠪᠡᠷ ᠰᠠᠶᠢᠳᠤᠷ ᠶᠠᠪᠤᠭᠳᠠᠭᠤᠯᠵᠤ᠂ ᠦᠪᠤᠷ ᠮᠤᠩᠭᠤᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠎ ᠤ ᠪᠦᠳᠤᠭᠡᠨ ᠪᠠᠶᠢᠭᠤᠯᠤᠯᠳᠡ ᠳᠤ ᠰᠢᠨ᠎ᠡ ᠲᠠᠪᠠᠯᠳᠡ ᠶᠢ ᠪᠡᠶᠡᠯᠡᠬᠦᠯᠦᠨ ᠲᠠᠬᠢᠨ ᠰᠢᠨ᠎ᠡ ᠲᠡᠭᠳᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢᠨ ᠥᠪᠦᠷ ᠮᠤᠩᠭᠤᠯ ᠳᠤ ᠦᠨᠳᠦᠰᠦᠯᠡᠨ ᠰᠤᠶᠤᠭᠠᠯᠠᠵᠦ ᠴᠡᠴᠡᠭᠯᠡᠨ ᠵᠢᠮᠢᠰᠯᠡᠬᠦ ᠶᠢ ᠬᠠᠮᠳᠤᠪᠡᠷ ᠠᠬᠢᠭᠤᠯᠤᠨ᠎ᠠ ᠭᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠹᠦ᠋ ᠲᠠᠢ ᠽᠧᠩ᠂ ᠵᠠᠩ ᠶᠤᠸᠠᠨ ᠵᠦᠩ᠂ ᠸᠠᠩ ᠪᠦᠸᠧ ᠶᠠᠷᠢᠯᠴᠠᠬᠤ ᠬᠤᠷᠠᠯ ᠳᠤ ᠤᠷᠤᠯᠴᠠᠵᠤ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠭᠡᠰᠢᠭᠦᠨ ᠪᠦᠭᠡᠳ ᠶᠡᠷᠦᠩᠬᠡᠢ ᠲᠦᠯᠦᠪᠵᠢᠬᠦᠯᠦᠭᠴᠢ᠂ ᠲᠦᠯᠦᠪᠵᠢᠬᠦᠯᠭᠡ ᠶᠢᠨ ᠵᠤᠷᠭᠠᠨ ᠤ ᠲᠠᠷᠤᠭ᠎ᠠ ᠵᠤᠤ ᠴᠦᠩ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号