ᠤᠯᠠᠭᠠᠨᠬᠠᠳᠠ ᠬᠤᠲᠠ 7.07 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/10/19
     ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠡᠨᠡ ᠵᠢᠯ ᠤᠨ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠵᠦ᠂ 7.07 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1200 ᠭᠠᠷᠤᠶ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠰᠠᠭᠤᠴᠠ ᠶᠢᠨ ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠵᠤ ᠪᠠᠶᠢᠨ᠎ᠠ᠃ ᠬᠥᠳᠡᠭᠡ ᠲᠣᠰᠬᠤᠨ ᠤ ᠰᠢᠷᠣᠢ ᠶᠢᠨ ᠵᠠᠮ ᠰᠢᠷᠣᠢ ᠶᠢᠨ ᠬᠡᠷᠡᠮ ᠰᠢᠷᠣᠢ ᠶᠢᠨ ᠭᠡᠷ᠂ ᠰᠤᠷᠤᠭᠴᠢᠳ ᠤᠨ ᠤᠷᠳᠦ ᠨᠡᠶᠢᠯᠡᠮᠡᠯ ᠣᠷᠣ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠨᠥᠬᠦᠴᠡᠯ ᠨᠢ ᠨᠡᠯᠢᠶᠡᠳ ᠪᠦᠳᠦᠭᠦᠯᠢᠭ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠤᠳᠤ ᠪᠣᠯᠲᠠᠯ᠎ᠠ ᠨᠢᠭᠡᠨᠲᠡ 880 ᠲᠥᠷᠥᠯ ᠤᠨ ᠠᠵᠢᠯ ᠡᠬᠢᠯᠡᠭᠦᠯᠵᠦ᠂ ᠪᠡᠯᠡ ᠣᠷᠣᠭᠤᠯᠤᠯᠲᠠ ᠶᠢᠨ ᠵᠠᠭᠤᠨ ᠤ ᠲᠠᠯᠠ ᠶᠢ ᠨᠢ ᠪᠡᠶᠡᠯᠡᠭᠦᠯᠵᠦ᠂ ᠳᠠᠷᠠᠭ᠎ᠠ ᠵᠢᠯ ᠤᠨ ᠶᠢᠰᠦᠨ ᠰᠠᠷ᠎ᠠ ᠳᠤ ᠴᠥᠮ ᠢ ᠴᠢᠷᠮᠠᠶᠢᠵᠤ ᠪᠡᠶᠡᠯᠡᠭᠦᠯᠬᠦ ᠪᠠᠷ ᠪᠠᠶᠢᠨ᠎ᠠ᠃ ᠨᠢᠭᠡᠳᠦᠭᠡᠷ ᠲᠤ ᠪᠠᠭᠰᠢ ᠶᠢᠨ ᠪᠠᠶᠢᠷᠢ ᠳᠤ ᠳᠥᠷᠪᠡ ᠲᠠᠢ ᠪᠠᠶᠢᠬᠤ ᠶᠢ ᠪᠡᠶᠡᠯᠡᠭᠦᠯᠦᠨ᠎ᠡ᠄ ᠲᠧᠯᠸᠢᠰ ᠲᠠᠢ᠂ WIFI ᠲᠣᠣᠷ ᠰᠦᠯᠵᠢᠶ᠎ᠡ ᠲᠠᠢ᠂ ᠬᠤᠪᠴᠠᠰᠤᠨ ᠤ ᠠᠪᠳᠠᠷ᠎ᠠ ᠲᠠᠢ᠂ ᠭᠠᠷ ᠤᠭᠢᠶᠠᠬᠤ ᠦᠷᠦᠭᠡ ᠲᠠᠢ ᠪᠠᠶᠢᠯᠭᠠᠵᠤ᠂ ᠪᠠᠭᠰᠢ ᠨᠢᠭᠡᠪᠦᠷᠢ ᠶᠢᠨ ᠣᠷᠣᠨ ᠰᠠᠭᠤᠴᠠ ᠶᠢᠨ ᠲᠠᠯᠠᠪᠠᠶ ᠶᠢ ᠳᠤᠮᠳᠠᠴᠢ ᠪᠠᠷ 15 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠯᠭᠠᠨ᠎ᠠ᠃ ᠬᠤᠶᠠᠳᠤᠭᠠᠷ ᠲᠤ ᠭᠤᠷᠪᠠᠨ ᠲᠦᠭᠵᠢᠷᠡᠬᠦ ᠦᠵᠡᠭᠳᠡᠯ ᠢ ᠲᠦᠢᠯᠪᠤᠷᠢᠲᠠᠶ ᠠᠷᠢᠯᠭᠠᠨ᠎ᠠ᠂ ᠰᠤᠷᠤᠭᠴᠢᠳ ᠤᠨ ᠪᠠᠶᠢᠷᠢ ᠳᠤ ᠨᠢᠭᠡ ᠬᠥᠮᠦᠨ ᠨᠢᠭᠡ ᠣᠷᠣ ᠲᠠᠢ ᠪᠠᠶᠢᠯᠭᠠᠵᠤ᠂ ᠪᠠᠶᠢᠷᠢ ᠳᠣᠲᠣᠷ᠎ᠠ ᠴᠥᠮ ᠤᠬᠢᠶᠠᠯᠭ᠎ᠠ ᠶᠢᠨ ᠦᠷᠦᠭᠡ ᠪᠠ ᠵᠣᠷᠯᠣᠩ ᠲᠠᠢ ᠪᠣᠯᠭᠠᠵᠤ᠂ ᠤᠯᠤᠰ ᠤᠨ ᠱᠠᠭᠠᠷᠳᠠᠭᠰᠠᠨ ᠬᠤᠨᠣᠭᠯᠠᠬᠤ ᠪᠠᠷᠢᠮᠵᠢᠶ᠎ᠠ ᠳᠤ ᠬᠦᠷᠦᠭᠦᠯᠦᠨ᠎ᠡ᠃ ᠭᠤᠷᠪᠠᠳᠤᠭᠠᠷ ᠲᠤ ᠲᠠᠮᠢᠷ ᠤᠨ ᠲᠠᠯᠠᠪᠤᠷ ᠢ ᠲᠦᠢᠯᠪᠤᠷᠢᠲᠠᠶ ᠰᠠᠶᠢᠵᠢᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号