ᠪᠦᠬᠦ ᠣᠷᠣᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/10/20
     2016 ᠣᠨ ᠤ ᠳᠣᠲᠣᠭᠠᠳᠤ ᠶᠢ ᠬᠠᠮᠠᠭᠠᠯᠠᠬᠤ ᠶᠠᠮᠤᠨ ᠵᠢᠴᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶᠠᠨ ᠤ ᠠᠵᠢᠯ ᠤᠨ ᠭᠤᠣᠯ ᠠᠭᠤᠯᠭ᠎ᠠ᠂ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠭᠤᠣᠯ ᠠᠵᠢᠯ ᠪᠤᠯᠤᠨ ︽2016 ᠣᠨ ᠤ ᠪᠦᠬᠦ ᠣᠷᠣᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠠᠷᠪᠠᠨ ᠶᠡᠭᠡ ᠲᠡᠮᠡᠴᠡᠬᠦ ᠬᠠᠷᠠᠯᠲᠠ︾᠎ ᠶᠢ ᠨᠠᠶᠢᠳᠠᠪᠤᠷᠢᠵᠢᠭᠤᠯᠵᠤ᠂ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠬᠤ ᠲᠣᠪᠴᠢᠶ᠎ᠠ 2016 ᠣᠨ ᠤ ᠪᠦᠬᠦ ᠣᠷᠣᠨ ᠤ ᠮᠠᠰᠢᠨᠲᠤ ᠲᠡᠷᠭᠡ ᠪᠣᠯᠤᠨ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠤᠨ ᠰᠢᠭᠦᠮᠵᠢᠯᠡᠨ ᠲᠤᠭᠠᠴᠢᠯᠲᠠ ᠵᠢᠴᠢ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠷᠠᠯ ᠢ ᠬᠢᠵᠦ᠂ ᠡᠯ᠎ᠡ ᠠᠶᠢᠮᠠᠭ ᠬᠤᠲᠠ ᠶᠢᠨ ᠡᠨᠡ ᠵᠢᠯ ᠠᠴᠠ ᠨᠠᠭᠠᠰᠢᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠳᠠᠩᠰᠠ ᠬᠠᠷᠭᠤᠭᠤᠯᠵᠤ︾᠂ ᠵᠥᠷᠢᠶ᠎ᠡ ᠪᠠᠨ ᠡᠷᠢᠵᠦ᠂ ᠰᠢᠯᠲᠠᠭᠠᠨ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽2014 ᠤᠨ ᠠᠴᠠ 2015 ᠤᠨ ᠬᠦᠷᠲᠡᠯᠡᠬᠢ ᠪᠦᠬᠦ ᠣᠷᠣᠨ ᠤ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ ᠪᠠᠶᠢᠳᠠᠯ ᠤᠨ ᠲᠤᠬᠠᠶ ᠮᠡᠳᠡᠭᠡ︾᠎ ᠶᠢ ᠤᠩᠰᠢᠨ ᠨᠡᠶᠢᠲᠡᠯᠡᠵᠦ᠂ ᠪᠦᠬᠦ ᠤᠯᠤᠰ ᠲᠤ ᠨᠢᠭᠡᠳᠦᠭᠡᠷ ᠳᠡᠰ ᠎ ᠲᠤ ᠤᠷᠤᠭᠰᠠᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠪᠠ ᠨᠢᠭᠡᠳᠦᠭᠡᠷ ᠳᠡᠰ ᠤᠨ ᠰᠢᠶᠠᠨ ᠤ ᠱᠠᠲᠤᠨ ᠤ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠵᠢᠴᠢ ᠰᠢᠨ᠎ᠡ ᠪᠠᠷ ᠨᠡᠮᠡᠭᠳᠡᠭᠰᠡᠨ ᠬᠤᠶᠠᠳᠤᠭᠠᠷ ᠳᠡᠰ ᠤᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠲᠦᠯᠦᠭᠡᠯᠡᠭᠴᠢ ᠳᠤ ᠫᠠᠶᠢᠰᠠ ᠢᠯᠡᠷᠬᠡᠶᠢᠯᠡᠯ ᠤᠯᠭᠤᠪᠠ᠃ ᠡᠯ᠎ᠡ ᠠᠶᠢᠮᠠᠭ ᠬᠤᠲᠠ ᠶᠢᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠪᠣᠯᠤᠨ ᠰᠢᠯᠭᠠᠯᠲᠠ ᠶᠢᠨ ᠲᠥᠪ ᠤᠨ ᠡᠷᠬᠢᠯᠡᠭᠴᠢ ᠨᠠᠷ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠂ ᠬᠤᠷᠠᠯ ᠨᠢ ᠪᠦᠬᠦ ᠣᠷᠣᠨ ᠤ ᠵᠢᠯᠤᠭᠤᠴᠢ ᠶᠢᠨ ᠦᠨᠡᠮᠯᠡᠯ ᠠᠪᠬᠤ ᠰᠢᠯᠭᠠᠯᠲᠠ ᠶᠢᠨ ᠥᠭᠡᠷᠡᠴᠢᠯᠡᠯᠲᠡ ᠶᠢᠨ ᠮᠡᠷᠭᠡᠵᠢᠯ ᠤᠨ ᠵᠢᠯᠦᠭᠤᠳᠦᠯᠭ᠎ᠠ ᠬᠢᠬᠦ ᠶᠢ ᠲᠦᠯᠬᠢᠨ ᠠᠬᠢᠭᠤᠯᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠢ ᠤᠷᠢᠨ ᠡᠯ᠎ᠡ ᠭᠠᠵᠠᠷ ᠤᠨ ᠳᠤᠷᠠᠳᠤᠭᠰᠠᠨ ᠵᠢᠯᠤᠭᠤᠴᠢ ᠶᠢᠨ ᠦᠨᠡᠮᠯᠡᠯ ᠠᠪᠬᠤ ᠰᠢᠯᠭᠠᠯᠲᠠ ᠶᠢᠨ ᠦᠭᠡᠷᠡᠴᠢᠯᠡᠯᠲᠡ ᠶᠢᠨ ᠪᠡᠶ᠎ᠡ ᠪᠠᠨ ᠳᠠᠭᠠᠭᠠᠵᠤ ᠨᠡᠷ᠎ᠡ ᠮᠡᠳᠡᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠠᠵᠢᠯ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ᠂ ᠡᠯ᠎ᠡ ᠭᠠᠵᠠᠷ ᠪᠦᠬᠦ ᠣᠷᠣᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡᠲᠦ ᠬᠠᠷᠠᠯᠲᠠ ᠶᠢ ᠤᠷᠤᠭᠰᠢᠲᠠᠶ ᠪᠠᠷ ᠪᠡᠶᠡᠯᠡᠭᠦᠯᠬᠦ ᠶᠢ ᠴᠢᠷᠮᠠᠶᠢᠨ ᠪᠠᠲᠤᠯᠠᠬᠤ ᠶᠢᠨ ᠬᠠᠮᠲᠤ ᠲᠤᠰ ᠤᠳᠠᠭᠠᠨ ᠤ ᠬᠤᠷᠠᠯ ᠢᠶᠠᠷ ᠳᠠᠮᠵᠢᠭᠤᠯᠤᠨ ᠥᠪᠡᠷ ᠪᠤᠰᠤᠳ ᠢ ᠪᠦᠷ ᠮᠡᠳᠡᠵᠦ᠂ ᠢᠴᠢᠭᠦᠷᠢ ᠪᠠᠷ ᠲᠠᠨᠢᠨ ᠵᠤᠷᠢᠭᠯᠠᠵᠤ᠂ ᠬᠤᠷᠳᠤᠨ ᠮᠣᠷᠢᠨ ᠳᠤ ᠲᠠᠰᠢᠭᠤᠷ ᠲᠠᠯᠪᠢᠵᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠵᠤ᠂ ᠦᠨᠡᠨ ᠪᠤᠲᠠᠲᠠᠢ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠵᠢᠯ ᠤᠨ ᠡᠴᠦᠰ ᠲᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠪᠦᠬᠦ ᠣᠷᠣᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠤᠳᠤᠬᠠᠨ ᠤ ᠠᠬᠢᠴᠠ ᠶᠢᠨ ᠪᠠᠶᠢᠳᠠᠯ ᠢ ᠦᠨᠳᠦᠰᠦᠯᠡᠨ ᠳᠠᠷᠠᠭᠠᠴᠢ ᠶᠢᠨ ᠠᠯᠬᠤᠮ ᠤᠨ ᠲᠦᠯᠬᠢᠨ ᠠᠬᠢᠭᠤᠯᠬᠤ ᠠᠵᠢᠯ ᠤᠨ ᠴᠢᠭᠯᠡᠯ ᠢ ᠳᠤᠷᠠᠳᠬᠤ ᠬᠡᠷᠡᠭᠲᠡᠢ︔ ᠬᠤᠶᠠᠷ ᠲᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ ᠢ ᠪᠤᠢ ᠪᠤᠯᠭᠠᠵᠤ ᠢᠯᠠᠩᠭᠤᠶ᠎ᠠ ︽ᠢᠨᠲ᠋ᠧᠷ ᠰᠦᠯᠵᠢᠶ᠎ᠡ +︾ ᠦᠵᠡᠯ ᠰᠠᠨᠠᠭ᠎ᠠ ᠶᠢ ᠪᠤᠢ ᠪᠤᠯᠭᠠᠵᠤ᠂ ᠮᠡᠳᠡᠭᠡ ᠵᠠᠩᠭᠢᠵᠢᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ ᠡᠯ᠎ᠡ ᠭᠠᠵᠠᠷ ᠨᠢᠭᠡ ᠤᠳᠠᠭ᠎ᠠ ︽ᠬᠡᠷᠪᠡ ᠪᠢ ᠨᠢᠭᠡ ᠰᠢᠯᠭᠠᠭᠤᠯᠤᠭᠴᠢ ᠪᠠᠶᠢᠭᠰᠠᠨ ᠪᠤᠯ︾ ᠭᠡᠰᠡᠨ ᠰᠡᠳᠦᠪ ᠢᠶᠠᠷ ᠤᠷᠤᠨ ᠪᠠᠶᠢᠷᠢ ᠰᠤᠯᠢᠨ ᠪᠣᠳᠣᠯᠬᠢᠯᠠᠬᠤ ᠠᠵᠢᠯᠯᠠᠭ᠎ᠠ ᠦᠷᠨᠢᠭᠦᠯᠵᠦ᠂ ᠠᠯᠢ ᠭᠤᠭᠴᠤᠭ᠎ᠠ ᠳᠤ ᠥᠭᠡᠷᠡᠴᠢᠯᠡᠯᠲᠡ ᠬᠢᠵᠦ ᠪᠤᠯᠬᠤ ᠶᠢ ᠨᠠᠷᠢᠨ ᠬᠢᠨᠠᠮᠠᠭᠠᠶ ᠪᠠᠶᠢᠴᠠᠭᠠᠨ ᠲᠤᠳᠤᠯᠠᠵᠤ᠂ ᠵᠢᠯᠤᠭᠤᠴᠢ ᠶᠢᠨ ᠦᠨᠡᠮᠯᠡᠯ ᠤᠨ ᠰᠢᠯᠭᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠨᠢ ᠬᠠᠮᠤᠭ ᠤᠨ ᠶᠡᠭᠡ ᠬᠡᠮᠵᠢᠶ᠎ᠡ ᠪᠠᠷ ᠳᠦᠭᠦᠮ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号