ᠬᠥᠯᠥᠨ ᠪᠤᠶᠢᠷ ᠬᠤᠳᠠ ᠶᠢᠨ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠳᠦᠷᠦ ᠶᠢᠨ ᠪᠤᠳᠤᠯᠭ᠎ᠠ ᠨᠢ ᠨᠡᠩ ᠤᠯᠠᠨ ᠮᠠᠯᠴᠢᠨ ᠲᠠᠷᠢᠶᠠᠴᠢᠨ ᠲᠦᠮᠡᠨ | ᠳᠤ ᠨᠥᠬᠦᠪᠥᠷᠢ ᠶᠢᠨ ᠪᠣᠳᠠᠲᠤ ᠠᠰᠢᠭ ᠢ ᠬᠦᠷᠲᠡᠭᠡᠵᠦ ᠪᠤᠢ᠃ ᠰᠢᠨ᠎ᠡ ᠨᠢᠭᠡ ᠡᠭᠡᠯᠵᠢ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠳᠤ ᠮᠠᠯᠵᠢᠬᠤ ᠶᠢ ᠴᠠᠭᠠᠵᠠᠯᠠᠬᠤ ᠨᠥᠬᠦᠪᠥᠷᠢ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠩᠨᠠᠯ | ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠱᠠᠩᠨᠠᠯ ᠵᠡᠷᠭᠡ ᠭᠤᠷᠪᠠᠨ ᠵᠦᠢᠯ ᠤᠨ ᠠᠭᠤᠯᠭ᠎ᠠ | ᠪᠠᠭᠲᠠᠨ᠎ᠠ᠂ ᠳᠡᠭᠡᠷ᠎ᠡ ᠨᠢᠭᠡ ᠡᠭᠡᠯᠵᠢ ᠯᠦᠭᠡ ᠠᠳᠠᠯᠢᠳᠬᠠᠪᠠᠯ᠂ ᠭᠤᠣᠯᠳᠠᠭᠤ ᠳᠦᠷᠦ ᠶᠢᠨ ᠪᠤᠳᠤᠯᠭ᠎ᠠ ᠶᠢᠨ | ᠠᠭᠤᠯᠭ᠎ᠠ ᠶᠢᠨ ᠲᠠᠯ᠎ᠠ ᠪᠠᠷ ᠬᠤᠪᠢᠷᠠᠯᠲᠠ ᠭᠠᠷᠴᠠᠢ᠂ ᠤᠤᠯ ᠳᠠᠭᠠᠨ 5 ᠵᠦᠢᠯ ᠪᠠᠶᠢᠭᠰᠠᠨ ᠢ ᠬᠠᠰᠤᠭᠠᠳ 3 ᠵᠦᠢᠯ | ᠪᠣᠯᠭᠠᠵᠤ᠂ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠪᠠ ᠡᠪᠡᠰᠦ ᠪᠣᠷᠳᠤᠭ᠎ᠠ ᠰᠠᠶᠢᠨ | ᠡᠭᠦᠯᠳᠡᠷ ᠤᠨ ᠨᠥᠬᠦᠪᠥᠷᠢ ᠶᠢ ᠬᠠᠰᠤᠵᠠᠢ᠃ ᠮᠠᠯᠵᠢᠬᠤ ᠶᠢ ᠴᠠᠭᠠᠵᠠᠯᠠᠬᠤ ᠨᠥᠬᠦᠪᠥᠷᠢ ᠶᠢᠨ ᠪᠠᠷᠢᠮᠵᠢᠶ᠎ᠠ ᠶᠢ | ᠤᠤᠯ ᠳᠠᠭᠠᠨ ᠵᠢᠯ ᠳᠤ ᠮᠦ ᠪᠦᠷᠢ 6 ᠲᠥᠭᠦᠷᠢᠭ ᠪᠠᠶᠢᠭᠰᠠᠨ ᠠᠴᠠ ᠵᠢᠯ ᠳᠤ ᠮᠦ ᠪᠦᠷᠢ 7.5 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠩᠨᠠᠯ ᠤᠨ ᠪᠠᠷᠢᠮᠵᠢᠶ᠎ᠠ ᠶᠢ ᠵᠢᠯ ᠳᠤ ᠮᠦ ᠪᠦᠷᠢ 1.5 | ᠲᠥᠭᠦᠷᠢᠭ ᠪᠠᠶᠢᠭᠰᠠᠨ ᠠᠴᠠ ᠨᠢ ᠵᠢᠯ ᠳᠤ ᠮᠦ ᠪᠦᠷᠢ 2.5 ᠲᠥᠭᠦᠷᠢᠭ ᠪᠣᠯᠭᠠᠨ ᠳᠡᠭᠡᠭᠰᠢᠯᠡᠭᠦᠯᠪᠡ᠃ ᠰᠢᠨ᠎ᠡ ᠨᠢᠭᠡ | ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ᠂ ᠤᠯᠤᠰ ᠠᠴᠠ ᠬᠥᠯᠥᠨ | ᠪᠤᠶᠢᠷ ᠬᠤᠳᠠ ᠳᠤ ᠪᠠᠭᠤᠯᠭᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠡᠯᠡ | ᠮᠥᠩᠭᠦ 6.2941 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠨᠢᠭᠡ ᠡᠭᠡᠯᠵᠢ ᠶᠢᠨ ᠬᠢ ᠠᠴᠠ ᠪᠠᠷᠤᠭ 1.3 | ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ |