2016 ᠣᠨ ᠤ ᠳᠣᠲᠣᠭᠠᠳᠤ ᠶᠢ ᠬᠠᠮᠠᠭᠠᠯᠠᠬᠤ ᠶᠠᠮᠤᠨ ᠵᠢᠴᠢ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶᠠᠨ ᠤ ᠠᠵᠢᠯ ᠤᠨ ᠭᠤᠣᠯ ᠠᠭᠤᠯᠭ᠎ᠠ᠂ ᠮᠠᠰᠢᠨ ᠲᠡᠷᠭᠡ | ᠵᠢᠯᠤᠭᠤᠴᠢ ᠶᠢᠨ ᠬᠠᠮᠢᠶᠠᠷᠤᠯᠲᠠ ᠶᠢᠨ ᠭᠤᠣᠯ ᠠᠵᠢᠯ ᠪᠤᠯᠤᠨ ︽2016 ᠣᠨ ᠤ ᠪᠦᠬᠦ ᠣᠷᠣᠨ ᠤ ᠮᠠᠰᠢᠨ ᠲᠡᠷᠭᠡ | ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠠᠷᠪᠠᠨ ᠶᠡᠭᠡ ᠲᠡᠮᠡᠴᠡᠬᠦ ᠬᠠᠷᠠᠯᠲᠠ︾ ᠶᠢ | ᠨᠠᠶᠢᠳᠠᠪᠤᠷᠢᠵᠢᠭᠤᠯᠵᠤ᠂ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠢ ᠤᠯᠠᠮ | ᠨᠢᠭᠡ ᠠᠯᠬᠤᠮ ᠲᠦᠯᠬᠢᠨ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠣᠬᠢᠶᠠᠨ | ᠪᠠᠶᠢᠭᠤᠯᠬᠤ ᠲᠣᠪᠴᠢᠶ᠎ᠠ 2016 ᠣᠨ ᠤ ᠪᠦᠬᠦ ᠣᠷᠣᠨ ᠤ ᠮᠠᠰᠢᠨᠲᠤ ᠲᠡᠷᠭᠡ ᠪᠣᠯᠤᠨ ᠵᠢᠯᠣᠭᠤᠴᠢ ᠶᠢᠨ | ᠬᠠᠮᠢᠶᠠᠷᠤᠯᠲᠠ ᠶᠢᠨ ᠠᠵᠢᠯ ᠤᠨ ᠰᠢᠭᠦᠮᠵᠢᠯᠡᠨ ᠲᠤᠭᠠᠴᠢᠯᠲᠠ ᠵᠢᠴᠢ ᠮᠠᠰᠢᠨ ᠲᠡᠷᠭᠡ ᠵᠢᠯᠤᠭᠤᠴᠢ ᠶᠢᠨ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠤᠷᠠᠯ ᠢ ᠬᠢᠵᠦ᠂ ᠡᠯ᠎ᠡ ᠠᠶᠢᠮᠠᠭ ᠬᠤᠲᠠ ᠶᠢᠨ ᠡᠨᠡ | ᠵᠢᠯ ᠠᠴᠠ ᠨᠠᠭᠠᠰᠢᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ︽ | ᠳᠠᠩᠰᠠ ᠬᠠᠷᠭᠤᠭᠤᠯᠵᠤ︾᠂ ᠵᠥᠷᠢᠶ᠎ᠡ ᠪᠠᠨ ᠡᠷᠢᠵᠦ᠂ ᠰᠢᠯᠲᠠᠭᠠᠨ ᠢ ᠵᠠᠳᠠᠯᠵᠤ᠂ ᠲᠠᠷᠠᠭᠠᠴᠢ ᠶᠢᠨ ᠠᠯᠬᠤᠮ ᠤᠨ | ᠠᠵᠢᠯ ᠢᠶᠠᠨ ᠪᠠᠶᠢᠷᠢᠯᠠᠭᠤᠯᠪᠠ᠃ | ᠬᠤᠷᠠᠯ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽2014 ᠤᠨ ᠠᠴᠠ 2015 ᠤᠨ | ᠬᠦᠷᠲᠡᠯᠡᠬᠢ ᠪᠦᠬᠦ ᠣᠷᠣᠨ ᠤ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠵᠡᠷᠭᠡ ᠳᠡᠰ ᠢ ᠦᠨᠡᠯᠡᠨ | ᠲᠣᠭᠲᠠᠭᠠᠬᠤ ᠪᠠᠶᠢᠳᠠᠯ ᠤᠨ ᠲᠤᠬᠠᠶ ᠮᠡᠳᠡᠭᠡ︾ ᠶᠢ ᠤᠩᠰᠢᠨ ᠨᠡᠶᠢᠲᠡᠯᠡᠵᠦ᠂ ᠪᠦᠬᠦ ᠤᠯᠤᠰ ᠲᠤ ᠨᠢᠭᠡᠳᠦᠭᠡᠷ ᠳᠡᠰ | ᠲᠤ ᠤᠷᠤᠭᠰᠠᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠪᠠ ᠨᠢᠭᠡᠳᠦᠭᠡᠷ ᠳᠡᠰ ᠤᠨ ᠰᠢᠶᠠᠨ ᠤ ᠱᠠᠲᠤᠨ ᠤ | ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠵᠢᠴᠢ ᠰᠢᠨ᠎ᠡ ᠪᠠᠷ ᠨᠡᠮᠡᠭᠳᠡᠭᠰᠡᠨ ᠬᠤᠶᠠᠳᠤᠭᠠᠷ ᠳᠡᠰ ᠤᠨ ᠮᠠᠰᠢᠨ | ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠲᠦᠯᠦᠭᠡᠯᠡᠭᠴᠢ ᠳᠤ ᠫᠠᠶᠢᠰᠠ ᠢᠯᠡᠷᠬᠡᠶᠢᠯᠡᠯ ᠤᠯᠭᠤᠪᠠ᠃ ᠡᠯ᠎ᠡ ᠠᠶᠢᠮᠠᠭ | ᠬᠤᠲᠠ ᠶᠢᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠪᠣᠯᠤᠨ ᠰᠢᠯᠭᠠᠯᠲᠠ ᠶᠢᠨ ᠲᠥᠪ ᠤᠨ | ᠡᠷᠬᠢᠯᠡᠭᠴᠢ ᠨᠠᠷ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠰᠢᠨ ᠲᠡᠷᠭᠡ | ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠂ ᠬᠤᠷᠠᠯ ᠨᠢ ᠪᠦᠬᠦ ᠣᠷᠣᠨ ᠤ | ᠵᠢᠯᠤᠭᠤᠴᠢ ᠶᠢᠨ ᠦᠨᠡᠮᠯᠡᠯ ᠠᠪᠬᠤ ᠰᠢᠯᠭᠠᠯᠲᠠ ᠶᠢᠨ ᠥᠭᠡᠷᠡᠴᠢᠯᠡᠯᠲᠡ ᠶᠢᠨ ᠮᠡᠷᠭᠡᠵᠢᠯ ᠤᠨ ᠵᠢᠯᠦᠭᠤᠳᠦᠯᠭ᠎ᠠ ᠬᠢᠬᠦ ᠶᠢ | ᠲᠦᠯᠬᠢᠨ ᠠᠬᠢᠭᠤᠯᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠢ ᠤᠷᠢᠨ ᠡᠯ᠎ᠡ ᠭᠠᠵᠠᠷ ᠤᠨ ᠳᠤᠷᠠᠳᠤᠭᠰᠠᠨ | ᠵᠢᠯᠤᠭᠤᠴᠢ ᠶᠢᠨ ᠦᠨᠡᠮᠯᠡᠯ ᠠᠪᠬᠤ ᠰᠢᠯᠭᠠᠯᠲᠠ ᠶᠢᠨ ᠦᠭᠡᠷᠡᠴᠢᠯᠡᠯᠲᠡ ᠶᠢᠨ ᠪᠡᠶ᠎ᠡ ᠪᠠᠨ ᠳᠠᠭᠠᠭᠠᠵᠤ ᠨᠡᠷ᠎ᠡ ᠮᠡᠳᠡᠭᠦᠯᠬᠦ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠵᠢᠯ ᠤᠨ ᠠᠵᠢᠯ ᠰᠡᠭᠦᠯ ᠬᠤᠷᠢᠶᠠᠬᠤ ᠵᠠᠩᠭᠢᠯᠠᠭ᠎ᠠ ᠶᠢᠨ | ᠱᠠᠲᠤᠨ ᠳᠤ᠂ ᠡᠯ᠎ᠡ ᠭᠠᠵᠠᠷ ᠪᠦᠬᠦ ᠣᠷᠣᠨ ᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡᠲᠦ ᠬᠠᠷᠠᠯᠲᠠ ᠶᠢ ᠤᠷᠤᠭᠰᠢᠲᠠᠶ ᠪᠠᠷ ᠪᠡᠶᠡᠯᠡᠭᠦᠯᠬᠦ ᠶᠢ | ᠴᠢᠷᠮᠠᠶᠢᠨ ᠪᠠᠲᠤᠯᠠᠬᠤ ᠶᠢᠨ ᠬᠠᠮᠲᠤ ᠲᠤᠰ ᠤᠳᠠᠭᠠᠨ ᠤ ᠬᠤᠷᠠᠯ ᠢᠶᠠᠷ ᠳᠠᠮᠵᠢᠭᠤᠯᠤᠨ ᠥᠪᠡᠷ ᠪᠤᠰᠤᠳ ᠢ ᠪᠦᠷ | ᠮᠡᠳᠡᠵᠦ᠂ ᠢᠴᠢᠭᠦᠷᠢ ᠪᠠᠷ ᠲᠠᠨᠢᠨ ᠵᠤᠷᠢᠭᠯᠠᠵᠤ᠂ ᠬᠤᠷᠳᠤᠨ ᠮᠣᠷᠢᠨ ᠳᠤ ᠲᠠᠰᠢᠭᠤᠷ ᠲᠠᠯᠪᠢᠵᠤ᠂ ᠶᠠᠰᠤ ᠴᠢᠨᠠᠷ | ᠲᠤᠭ᠎ᠠ ᠬᠡᠮᠵᠢᠶ᠎ᠡ ᠶᠢ ᠪᠠᠲᠤᠯᠠᠵᠤ᠂ ᠦᠨᠡᠨ ᠪᠤᠲᠠᠲᠠᠢ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ | ᠵᠢᠯ ᠤᠨ ᠡᠴᠦᠰ ᠲᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠪᠦᠬᠦ ᠣᠷᠣᠨ ᠤ | ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠤᠨ ᠤᠳᠤᠬᠠᠨ ᠤ ᠠᠬᠢᠴᠠ ᠶᠢᠨ ᠪᠠᠶᠢᠳᠠᠯ ᠢ | ᠦᠨᠳᠦᠰᠦᠯᠡᠨ ᠳᠠᠷᠠᠭᠠᠴᠢ ᠶᠢᠨ ᠠᠯᠬᠤᠮ ᠤᠨ ᠲᠦᠯᠬᠢᠨ ᠠᠬᠢᠭᠤᠯᠬᠤ ᠠᠵᠢᠯ ᠤᠨ ᠴᠢᠭᠯᠡᠯ ᠢ ᠳᠤᠷᠠᠳᠬᠤ ᠬᠡᠷᠡᠭᠲᠡᠢ︔ | ᠬᠤᠶᠠᠷ ᠲᠤ ᠮᠠᠰᠢᠨ ᠲᠡᠷᠭᠡ ᠵᠢᠯᠤᠭᠤᠴᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠨ ᠰᠢᠨ᠎ᠡ ᠦᠵᠡᠯ | ᠰᠠᠨᠠᠭ᠎ᠠ᠂ ᠰᠢᠨ᠎ᠡ ᠣᠶᠢᠯᠠᠭᠠᠭᠳᠠᠬᠤᠨ ᠢ ᠪᠤᠢ ᠪᠤᠯᠭᠠᠵᠤ ᠢᠯᠠᠩᠭᠤᠶ᠎ᠠ ︽ᠢᠨᠲ᠋ᠧᠷ ᠰᠦᠯᠵᠢᠶ᠎ᠡ +︾ ᠦᠵᠡᠯ | ᠰᠠᠨᠠᠭ᠎ᠠ ᠶᠢ ᠪᠤᠢ ᠪᠤᠯᠭᠠᠵᠤ᠂ ᠮᠡᠳᠡᠭᠡ ᠵᠠᠩᠭᠢᠵᠢᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠴᠠᠭ ᠦᠶ᠎ᠡ ᠲᠠᠢ | ᠵᠡᠷᠭᠡᠪᠡᠷ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ ᠡᠯ᠎ᠡ ᠭᠠᠵᠠᠷ ᠨᠢᠭᠡ ᠤᠳᠠᠭ᠎ᠠ ︽ᠬᠡᠷᠪᠡ ᠪᠢ | ᠨᠢᠭᠡ ᠰᠢᠯᠭᠠᠭᠤᠯᠤᠭᠴᠢ ᠪᠠᠶᠢᠭᠰᠠᠨ ᠪᠤᠯ︾ ᠭᠡᠰᠡᠨ ᠰᠡᠳᠦᠪ ᠢᠶᠠᠷ ᠤᠷᠤᠨ ᠪᠠᠶᠢᠷᠢ ᠰᠤᠯᠢᠨ ᠪᠣᠳᠣᠯᠬᠢᠯᠠᠬᠤ | ᠠᠵᠢᠯᠯᠠᠭ᠎ᠠ ᠦᠷᠨᠢᠭᠦᠯᠵᠦ᠂ ᠠᠯᠢ ᠭᠤᠭᠴᠤᠭ᠎ᠠ ᠳᠤ ᠥᠭᠡᠷᠡᠴᠢᠯᠡᠯᠲᠡ ᠬᠢᠵᠦ ᠪᠤᠯᠬᠤ ᠶᠢ ᠨᠠᠷᠢᠨ ᠬᠢᠨᠠᠮᠠᠭᠠᠶ ᠪᠠᠶᠢᠴᠠᠭᠠᠨ | ᠲᠤᠳᠤᠯᠠᠵᠤ᠂ ᠵᠢᠯᠤᠭᠤᠴᠢ ᠶᠢᠨ ᠦᠨᠡᠮᠯᠡᠯ ᠤᠨ ᠰᠢᠯᠭᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ | ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠮᠠᠰᠢᠨ ᠲᠡᠷᠭᠡ ᠵᠢᠯᠤᠭᠤᠴᠢ ᠶᠢᠨ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠨᠢ ᠬᠠᠮᠤᠭ ᠤᠨ ᠶᠡᠭᠡ ᠬᠡᠮᠵᠢᠶ᠎ᠡ ᠪᠠᠷ ᠳᠦᠭᠦᠮ | ᠦᠵᠡᠭᠦᠯᠬᠦ ᠬᠡᠷᠡᠭᠲᠡᠢ ᠭᠡᠵᠡᠢ᠃ |