ᠰᠢᠯᠢ ᠶᠢᠨ ᠭᠤᠣᠯ ᠠᠶᠢᠮᠠᠭ ᠤᠨ ᠲᠦᠷᠦᠭᠦᠦ ᠭᠤᠷᠪᠠᠨ ᠤᠯᠠᠷᠢᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2016/10/24
     ᠲᠦᠷᠦᠭᠦᠦ ᠭᠤᠷᠪᠠᠨ ᠤᠯᠠᠷᠢᠯ ᠳᠤ᠂ ᠰᠢᠯᠢ ᠶᠢᠨ ᠭᠤᠣᠯ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯᠯᠠᠭᠠᠨ ᠲᠣᠭᠲᠠᠭᠤᠨ ᠪᠠᠶᠢᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠃ ᠰᠢᠯᠢ ᠶᠢᠨ ᠭᠤᠣᠯ ᠠᠶᠢᠮᠠᠭ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 11.56 ᠲᠦᠮᠡᠨ ᠬᠦᠮᠦᠨ ᠤᠷᠤᠯᠴᠠᠵᠤ᠂ ᠵᠢᠯ ᠤᠨ ᠡᠭᠦᠷᠭᠡ ᠶᠢᠨ 99%᠎ ᠶᠢ ᠪᠡᠶᠡᠯᠡᠭᠦᠯᠦᠭᠰᠡᠨ ᠪᠠᠶᠢᠨ᠎ᠠ︔ ᠰᠦᠢᠳᠬᠡᠯ ᠢᠶᠠᠨ ᠲᠤᠰᠢᠶᠠᠭᠰᠠᠨ ᠠᠵᠢᠯᠳᠠᠨ ᠠᠵᠢᠯᠴᠢᠨ ᠤ ᠲᠤᠭ᠎ᠠ ᠨᠢ 10.98 ᠲᠦᠮᠡ ᠪᠠᠶᠢᠵᠤ᠂ ᠰᠦᠢᠳᠬᠡᠯ ᠲᠤᠰᠢᠶᠠᠬᠤ ᠶᠢ ᠲᠠᠰᠤᠯᠳᠠᠭᠤᠯᠤᠭᠰᠠᠨ ᠨᠣᠷᠮ᠎ᠠ ᠨᠢ 5% ᠪᠠᠶᠢᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ︵6%︶᠎ ᠠᠴᠠ 1 ᠵᠠᠭᠤᠨ ᠤ ᠴᠡᠭ ᠳᠣᠣᠷ᠎ᠠ ᠪᠣᠯᠪᠠ᠃ ᠰᠢᠯᠢ ᠶᠢᠨ ᠭᠤᠣᠯ ᠠᠶᠢᠮᠠᠭ ᠤᠨ ᠪᠣᠳᠠᠲᠠᠶ ᠲᠠᠲᠠᠪᠤᠷᠢᠯᠠᠵᠤ ᠲᠤᠰᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠦᠢᠳᠬᠡᠯ 3.49 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠲᠤᠰ ᠬᠤᠭᠤᠴᠠᠭᠠᠨ ᠳᠤ 2.91 ᠳ᠋ᠦᠩᠰᠢᠭᠤᠷ ᠲᠥᠭᠦᠷᠢᠭ ᠲᠤᠰᠢᠶᠠᠵᠤ᠂ ᠲᠤᠰᠢᠶᠠᠭᠠᠳᠤᠢ ᠦᠷᠢᠲᠦᠵᠦ ᠪᠠᠶᠢᠭᠰᠠᠨ 0.58 ᠳ᠋ᠦᠩᠰᠢᠭᠤᠷ ᠲᠥᠭᠦᠷᠢᠭ ᠢ ᠬᠤᠷᠢᠶᠠᠮᠵᠢᠯᠠᠵᠤ᠂ ᠲᠤᠰ ᠬᠤᠭᠤᠴᠠᠭᠠᠨ ᠤ ᠲᠠᠲᠠᠪᠤᠷᠢᠯᠠᠵᠤ ᠲᠤᠰᠢᠶᠠᠯᠭᠠᠭᠰᠠᠨ ᠨᠤᠷᠮ᠎ᠠ ᠨᠢ 39% ᠪᠣᠯᠣᠭᠰᠠᠨ ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠮᠦᠩᠭᠦᠨ ᠤ ᠵᠠᠷᠤᠯᠭ᠎ᠠ 13.51 ᠳ᠋ᠦᠩᠰᠢᠭᠤᠷ ᠲᠥᠭᠦᠷᠢᠭ ᠲᠤ ᠬᠦᠷᠴᠦ᠂ 7.62 ᠲᠦᠮᠡᠨ ︵ᠨᠥᠭᠴᠢᠭᠰᠡᠳ ᠤᠨ ᠭᠡᠷ ᠪᠦᠯᠢ ᠶᠢᠨ 2288 ᠬᠥᠮᠦᠨ ᠢ ᠪᠠᠭᠲᠠᠭᠠᠨ᠎ᠠ︶ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠦᠨᠡᠨᠬᠦ ᠪᠠᠲᠤᠯᠠᠭᠰᠠᠨ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠃ ᠰᠢᠯᠢ ᠶᠢᠨ ᠭᠤᠣᠯ ᠠᠶᠢᠮᠠᠭ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ 32.62 ᠲᠦᠮᠡᠨ ᠬᠥᠮᠦᠨ ᠤᠷᠤᠯᠴᠠᠵᠠᠢ᠂ ᠡᠭᠦᠨ ᠳᠤ᠄ 28.42 ᠲᠦᠮᠡᠨ ᠮᠠᠯᠴᠢᠨ ᠲᠠᠷᠢᠶᠠᠴᠢᠨ᠂ 4.2 ᠲᠦᠮᠡᠨ ᠬᠤᠲᠠ ᠪᠠᠯᠭᠠᠰᠤᠨ ᠤ ᠰᠠᠭᠤᠭᠠᠯᠢ ᠠᠷᠠᠳ ᠪᠠᠶᠢᠵᠤ᠂ ᠨᠡᠶᠢᠳᠡ 8.11 ᠲᠦᠮᠡᠨ ᠬᠥᠮᠦᠨ ᠳᠤ 11850.3 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠵᠤ᠂ 11177.3 ᠲᠦᠮᠡᠨ ᠲᠦᠭᠦᠷᠢᠭ ᠬᠤᠷᠢᠶᠠᠨ ᠠᠪᠴᠤ᠂ ᠰᠠᠭᠤᠷᠢ ᠮᠦᠩᠭᠦ ᠨᠢ 2.91 ᠳ᠋ᠦᠩᠰᠢᠭᠤᠷ ᠲᠥᠭᠦᠷᠢᠭ ᠦᠯᠡᠳᠡᠭᠰᠡᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号