ᠡᠷᠢᠶᠡᠨ ᠬᠤᠲᠠ ᠶᠢᠨ ᠳᠥᠷᠪᠡᠨ ᠠᠷᠭ᠎ᠠ ᠬᠡᠮᠵᠢᠶ᠎ᠡ ᠠᠪᠴᠤ ᠤᠯᠤᠰ ᠤᠨ ᠭᠠᠵᠠᠷ ᠰᠢᠷᠤᠢ ᠶᠢ ᠬᠠᠤᠯᠢ ᠪᠠᠷ ᠵᠠᠰᠠᠵᠠᠢ
ᠨᠡᠶᠢᠲᠡᠯᠡᠭᠰᠡᠨ ᠴᠠᠭ᠄
2016/10/24
     ᠡᠨᠡ ᠵᠢᠯ ᠠᠴᠠ ᠨᠠᠰᠢ᠂ ᠡᠷᠢᠶᠡᠨ ᠬᠤᠳᠠ ᠶᠢᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠪᠴᠢᠶ᠎ᠠ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠣᠳᠠᠲᠤ ᠠᠵᠢᠯ ᠳᠠᠭᠠᠨ ᠲᠤᠤᠱᠯᠠᠭᠤᠯᠤᠨ᠂ ᠰᠢᠨ᠎ᠡ ᠬᠡᠪ ᠪᠠᠶᠢᠳᠠᠯ ᠳᠤᠤᠷ᠎ᠠ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠶᠢᠨ ᠰᠠᠶᠢᠬᠠᠨ ᠡᠮᠬᠢ ᠵᠢᠷᠤᠮ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠭᠰᠠᠭᠠᠷ ᠢᠷᠡᠪᠡ᠄ ᠨᠢᠭᠡ ᠳᠤ ᠡᠷᠬᠡ ᠶᠢᠨ ᠨᠠᠷᠢᠨ ᠳᠠᠩᠰᠠᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠠᠢ᠃ ᠭᠠᠳᠠᠭᠠᠳᠦ ᠳᠤ ᠨᠡᠶᠢᠲᠡᠯᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠨᠢᠭᠡᠳ ᠨᠢᠭᠡ ᠪᠠᠷ ᠬᠢᠨᠠᠨ ᠪᠠᠶᠢᠴᠠᠭᠠᠵᠤ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠵᠦᠢᠯ ᠪᠦᠬᠦᠨ ᠢ ᠴᠥᠮ ᠬᠦᠴᠦᠨ ᠦᠭᠡᠢ ᠪᠤᠯᠭᠠᠵᠤ᠂ ᠨᠡᠶᠢᠲᠡᠯᠡᠵᠦ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠨᠢᠭᠡᠪᠦᠷᠢ ᠳᠤ ᠴᠥᠮ ᠬᠠᠤᠯᠢ ᠶᠤᠰᠤᠨ ᠤ ᠦᠨᠳᠦᠰᠦ ᠪᠠᠷᠢᠮᠲᠠ ᠲᠠᠢ ᠪᠠᠶᠢᠬᠤ ᠶᠢ ᠪᠠᠲᠤᠯᠠᠵᠠᠢ᠃ ᠬᠤᠶᠠᠷ ᠲᠤ ᠠᠵᠢᠯ ᠡᠷᠬᠢᠯᠡᠬᠦ ᠲᠡᠰ ᠳᠠᠷᠠᠭᠠᠯᠠᠯ ᠢ ᠬᠠᠤᠯᠢ ᠶᠤᠰᠤᠭᠠᠷ ᠵᠢᠷᠤᠮᠵᠢᠭᠤᠯᠵᠠᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠱᠠᠭᠠᠷᠳᠠᠯᠭ᠎ᠠ ᠪᠠᠷ᠂ ᠬᠢᠨᠠᠨ ᠵᠥᠪᠰᠢᠶᠡᠷᠡᠬᠦ ᠵᠦᠢᠯᠡᠰ᠂ ᠲᠤᠰᠢᠶᠠᠬᠤ ᠮᠠᠲ᠋ᠧᠷᠢᠶᠠᠯ ᠪᠤᠯᠤᠨ ᠰᠦᠢᠳᠬᠡᠯ ᠬᠤᠷᠢᠶᠠᠬᠤ ᠵᠦᠢᠯᠡᠰ ᠨᠢᠭᠡᠪᠦᠷᠢ ᠳᠤ ᠵᠢᠷᠤᠮᠯᠠᠬᠤ ᠠᠴᠠ ᠬᠠᠤᠯᠢ ᠲᠠᠢ ᠪᠠᠶᠢᠬᠤ ᠶᠢ ᠪᠡᠶᠡᠯᠡᠭᠦᠯᠵᠦ᠂ ᠴᠤᠪᠤᠷᠠᠯ ᠵᠢᠷᠤᠭ ᠪᠠᠶᠢᠭᠤᠯᠵᠤ᠂ ᠬᠠᠷᠢᠭᠤᠴᠠᠯᠭ᠎ᠠ ᠶᠢᠨ ᠭᠤᠭᠴᠤᠭ᠎ᠠ ᠶᠢ ᠲᠤᠳᠤᠷᠬᠠᠶᠢᠯᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠪᠠᠶᠢᠴᠠᠭᠠᠨ ᠯᠠᠪᠯᠠᠵᠤ ᠪᠤᠯᠬᠤ ᠪᠦᠭᠡᠳ ᠬᠢᠨᠠᠨ ᠵᠥᠪᠰᠢᠶᠡᠷᠡᠬᠦ ᠦᠷ᠎ᠡ ᠳ᠋ᠦᠩ ᠳᠤ ᠮᠡᠳᠡᠭᠳᠡᠯ ᠲᠠᠢ ᠪᠠᠶᠢᠬᠤ ᠶᠢ ᠪᠡᠶᠡᠯᠡᠭᠦᠯᠵᠡᠢ᠃ ᠭᠤᠷᠪᠠ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠤᠰᠤᠭᠠᠷ ᠭᠦᠢᠴᠡᠳᠬᠡᠵᠦ᠂ ᠴᠤᠩᠬᠤᠷᠠᠭ ᠢᠶᠠᠷ ᠠᠯᠪᠠᠨ ᠪᠢᠴᠢᠭ ᠭᠦᠢᠴᠡᠳᠬᠡᠬᠦ᠂ ᠲᠤᠰᠴᠤ ᠭᠦᠢᠴᠡᠳᠬᠡᠬᠦ ᠶᠢ ᠰᠠᠯᠭᠠᠬᠤ᠂ ᠳᠣᠲᠣᠭᠠᠳᠤ ᠳᠠᠭᠠᠨ ᠬᠠᠮᠲᠤᠷᠠᠨ ᠬᠢᠨᠠᠬᠤ᠂ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠤᠢ ᠪᠦᠬᠦᠢ ᠬᠢᠨᠠᠨ ᠵᠥᠪᠰᠢᠶᠡᠷᠡᠯ ᠤᠨ ᠠᠵᠢᠯᠯᠠᠭ᠎ᠠ ᠶᠢ ᠣᠯᠠᠨ ᠲᠦᠮᠡᠨ ᠤ ᠬᠢᠨᠠᠯᠲᠠ ᠳᠣᠣᠷ᠎ᠠ ᠪᠠᠶᠢᠯᠭᠠᠵᠤ᠂ ᠤᠯᠤᠰ ᠤᠨ ᠭᠠᠵᠠᠷ ᠰᠢᠷᠤᠢ ᠶᠢ ᠢᠯᠡ ᠲᠤᠳᠤ ᠪᠠᠶᠢᠯᠭᠠᠬᠤ ᠰᠢᠨ᠎ᠡ ᠳᠦᠷᠢ ᠪᠠᠶᠢᠳᠠᠯ ᠢ ᠪᠤᠢ ᠪᠤᠯᠭᠠᠵᠠᠢ᠃ ᠲᠦᠷᠪᠡ ᠳᠤ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠠᠢ᠃ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠠᠵᠢᠯᠳᠠᠨ ᠳᠤ ᠬᠠᠤᠯᠢ ᠪᠠᠷ ᠵᠠᠰᠠᠬᠤ ᠪᠤᠯᠪᠠᠰᠤᠷᠠᠭᠤᠯᠤᠯ ᠬᠢᠬᠦ ᠶᠢ ᠴᠢᠩᠭᠠᠳᠬᠠᠵᠤ᠂ ᠵᠢᠷᠤᠮ ᠶᠣᠰᠣᠭᠠᠷ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠲᠤᠭᠲᠠᠭᠠᠯ ᠳᠡᠰ ᠳᠠᠷᠠᠭᠠᠯᠠᠯ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠮᠠᠷᠭᠤᠯᠳᠤᠭᠠᠨ ᠢ ᠵᠤᠬᠢᠴᠠᠩᠭᠤᠢ ᠲᠠᠰᠤᠯᠤᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号