ᠪᠤᠭᠤᠲᠤ ᠬᠤᠳᠠ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠭᠤᠷᠪᠠᠳᠠᠬᠢ ᠡᠲᠡᠭᠡᠳ ᠦᠨᠡᠯᠡᠨ ᠵᠢᠱᠢᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2016/10/26
      ᠤᠶᠢᠷ᠎ᠠ ᠶᠢᠨ ᠡᠳᠦᠷ᠂ ᠪᠤᠭᠤᠲᠤ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠤᠭᠤᠲᠤ ᠬᠤᠲᠠ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯ ᠤᠨ ᠫᠷᠤᠹᠧᠰᠰᠤᠷ ᠲᠤ ᠨᠠᠶᠢᠳᠠᠨ ᠦᠨᠡᠯᠡᠨ ᠵᠢᠱᠢᠬᠦ ᠳᠤᠭᠤᠶᠢᠯᠠᠩ ᠢ ᠪᠠᠶᠢᠭᠤᠯᠵᠤ᠂ ᠪᠦᠬᠦ ᠬᠤᠲᠠ ᠶᠢᠨ ᠬᠡᠪᠴᠢᠶᠡᠨ ᠳᠣᠲᠤᠷᠠᠬᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠪᠤᠰᠤᠳᠴᠢ ᠲᠠᠯ᠎ᠠ ᠶᠢᠨ ᠵᠠᠳᠠᠯᠤᠯᠲᠠ ᠪᠣᠯᠣᠨ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠬᠢᠵᠦ᠂ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠭᠤᠷᠪᠠᠳᠠᠬᠢ ᠡᠲᠡᠭᠡᠳ ᠦᠨᠡᠯᠡᠨ ᠵᠢᠱᠢᠬᠦ ᠠᠵᠢᠯ ᠢ ᠵᠢᠩᠬᠢᠨᠢ ᠪᠠᠷ ᠡᠬᠢᠯᠡᠭᠦᠯᠪᠡ᠃      ︽ᠶᠠᠳᠠᠭᠤ ᠠᠴᠠ ᠠᠩᠭᠢᠵᠢᠷᠠᠭᠤᠯᠬᠤ ᠲᠣᠭᠲᠠᠴᠠ ᠶᠢ ᠪᠠᠶᠢᠭᠤᠯᠵᠤ ᠦᠨᠡᠯᠡᠨ ᠵᠢᠱᠢᠯᠲᠡ ᠶᠢ ᠲᠤᠷᠰᠢᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾᠎ ᠢ ᠦᠨᠳᠦᠰᠦᠯᠡᠵᠦ᠂ ᠭᠤᠣᠯᠳᠠᠭᠤ 2014 — 2015 ᠣᠨ ᠳᠤ ᠶᠠᠳᠠᠭᠤ ᠠᠴᠠ ᠨᠢᠭᠡᠨᠲᠡ ᠠᠩᠭᠢᠵᠢᠷᠠᠭᠰᠠᠨ 4287 ᠡᠷᠦᠬᠡ ᠶᠢᠨ 10767 ᠶᠠᠳᠠᠭᠤ ᠬᠦᠴᠢᠷᠳᠡᠯᠲᠡᠶ ᠬᠥᠮᠦᠨ ᠠᠮᠠ ᠶᠢ ᠦᠨᠡᠯᠡᠨ ᠵᠢᠱᠢᠭᠳᠡᠭᠰᠡᠳ ᠪᠣᠯᠭᠠᠵᠤ᠂ 2016 ᠣᠨ ᠳᠤ ᠶᠠᠳᠠᠭᠤ ᠠᠴᠠ ᠠᠩᠭᠢᠵᠢᠷᠠᠭᠤᠯᠬᠤ ᠪᠠᠷ ᠵᠢᠱᠢᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠰ ᠤᠨ 10 ᠶᠠᠳᠠᠭᠤ ᠬᠦᠴᠢᠷᠳᠡᠯᠲᠡᠶ ᠭᠠᠴᠠᠭ᠎ᠠ᠂ ᠬᠤᠳᠠ ᠶᠢᠨ ᠳᠡᠰ ᠤᠨ 17 ᠶᠠᠳᠠᠭᠤ ᠬᠦᠴᠢᠷᠳᠡᠯᠲᠡᠶ ᠭᠠᠴᠠᠭ᠎ᠠ ᠵᠢᠴᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠣᠯᠤᠨ ᠣᠨᠣᠪᠴᠢᠲᠤ ᠬᠡᠮᠵᠢᠶ᠎ᠡ ᠶᠢ ᠨᠠᠷᠢᠨ ᠬᠢᠨᠠᠮᠠᠭᠠᠶ ᠦᠨᠡᠯᠡᠨ ᠵᠢᠱᠢᠬᠦ ᠪᠣᠯᠣᠨ᠎ᠠ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠢ ᠪᠦᠷᠢᠨ ᠪᠦᠷᠬᠦᠭᠦᠯᠬᠦ ᠶᠢᠨ ᠱᠠᠭᠠᠷᠳᠠᠯᠭ᠎ᠠ ᠶᠣᠰᠣᠭᠠᠷ᠂ ᠦᠨᠡᠯᠡᠨ ᠵᠢᠱᠢᠬᠦ ᠳᠤᠭᠤᠶᠢᠯᠠᠩ ᠨᠢ ᠬᠠᠷᠢᠭᠤ ᠮᠡᠳᠡᠭᠦᠯᠦᠯᠲᠡ ᠰᠣᠨᠤᠰᠬᠤ᠂ ᠠᠶᠢᠯ ᠡᠷᠦᠭᠡ ᠳᠤ ᠬᠦᠷᠴᠦ ᠠᠰᠠᠭᠤᠯᠲᠠ ᠶᠢᠨ ᠰᠡᠳᠦᠪ ᠢᠶᠠᠷ ᠪᠠᠶᠢᠴᠠᠭᠠᠯᠲᠠ ᠬᠢᠬᠦ ᠪᠠ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠤᠶᠠᠯᠳᠤᠭᠤᠯᠬᠤ ᠠᠷᠭ᠎ᠠ ᠠᠪᠴᠤ᠂ ᠡᠯ᠎ᠡ ᠶᠠᠳᠠᠭᠤ ᠬᠦᠴᠢᠷᠳᠡᠯᠲᠡᠶ ᠭᠠᠴᠠᠭ᠎ᠠ ᠲᠤᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠣᠨᠣᠪᠴᠢᠲᠤ ᠴᠢᠨᠠᠷ᠂ ᠳᠡᠰ ᠳᠠᠷᠠᠭᠠᠯᠠᠯ ᠤᠨ ᠵᠢᠷᠤᠮᠵᠢᠯ ᠤᠨ ᠴᠢᠨᠠᠷ ᠪᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢᠨ ᠦᠨᠡᠨ ᠮᠠᠭᠠᠳ ᠴᠢᠨᠠᠷ ᠵᠡᠷᠭᠡ ᠶᠢ ᠪᠤᠰᠤᠳᠴᠢ ᠪᠠᠷ᠂ ᠲᠥᠪ ᠭᠤᠣᠯᠴᠢ ᠪᠠᠷ ᠦᠨᠡᠯᠡᠨ ᠵᠢᠱᠢᠬᠦ ᠪᠥᠭᠡᠳ ᠲᠤᠬᠠᠶ ᠶᠢᠨ ᠭᠠᠵᠠᠷ ᠲᠤᠨᠢ ᠬᠤᠪᠢ ᠣᠯᠭᠤᠨ᠂ ᠨᠤᠲᠠᠯᠠᠯᠲᠠ ᠬᠢᠵᠦ ᠭᠠᠷ ᠤᠨ ᠦᠰᠦᠭ ᠵᠢᠷᠤᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号