ᠬᠥᠬᠡᠬᠤᠲᠠ ᠶᠢᠨ ᠡᠪᠦᠯ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤᠷᠢᠵᠤ ᠡᠯᠰᠡᠬᠦ ᠬᠤᠷᠠᠯ 11 ᠳ᠋ᠦ᠋ᠭᠡᠷ ᠰᠠᠷ᠎ᠠ ᠶᠢᠨ 12᠎ ᠤᠨ ᠡᠳᠦᠷ ᠲᠤ ᠶᠠᠪᠤᠭᠳᠠᠨ᠎ᠠ
ᠨᠡᠶᠢᠲᠡᠯᠡᠭᠰᠡᠨ ᠴᠠᠭ᠄
2016/10/28
     ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯᠯᠠᠨ ᠡᠷᠭᠢᠯᠡᠭᠰᠡᠨ ᠪᠦᠬᠦ ᠬᠤᠲᠠ ᠶᠢᠨ ᠡᠪᠦᠯ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤᠷᠢᠵᠤ ᠡᠯᠰᠡᠬᠦ ᠬᠤᠷᠠᠯ 11 ᠳ᠋ᠦ᠋ᠭᠡᠷ ᠰᠠᠷ᠎ᠠ ᠶᠢᠨ 12᠎ ᠤᠨ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠨᠢᠭᠡ ᠡᠳᠦᠷ ᠶᠠᠪᠤᠭᠳᠠᠬᠤ ᠪᠣᠯᠣᠨ᠎ᠠ᠃ ᠲᠤᠰ ᠣᠳᠠᠭ᠎ᠠ ᠶᠢᠨ ᠲᠣᠮᠣ ᠬᠡᠯᠪᠡᠷᠢ ᠶᠢᠨ ᠴᠢᠳᠠᠪᠤᠷᠢᠲᠠᠨ ᠤᠷᠢᠵᠤ ᠡᠯᠰᠡᠬᠦ ᠬᠤᠷᠠᠯ ᠳᠤ 300 ᠳᠡᠯᠭᠡᠨ ᠦᠵᠡᠭᠦᠯᠬᠦ ᠣᠷᠣ ᠲᠣᠬᠢᠷᠠᠭᠤᠯᠵᠤ᠂ ᠣᠷᠣᠨ ᠤ ᠳᠣᠲᠣᠷ᠎ᠠ ᠭᠠᠳᠠᠨᠠᠬᠢ ᠤᠯᠤᠰ ᠤᠨ ᠥᠮᠴᠢᠯᠡᠯᠲᠤ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠡᠯ᠎ᠡ ᠲᠦᠷᠦᠯ ᠤᠨ ᠳᠤᠮᠳᠠ ᠵᠢᠵᠢᠭ ᠠᠵᠤ ᠠᠬᠤᠶᠢᠯᠠᠯ ᠵᠡᠷᠭᠡ ᠬᠥᠮᠦᠨ ᠬᠡᠷᠡᠭᠯᠡᠬᠦ ᠨᠢᠭᠡᠴᠡ ᠶᠢ ᠤᠷᠢᠵᠤ ᠡᠯᠰᠡᠭᠦᠯᠬᠦ ᠪᠣᠯᠣᠨ᠎ᠠ᠃ ᠠᠵᠢᠯ ᠲᠦᠷᠦᠯ ᠨᠢ ᠡᠨᠧᠷᠭᠢ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠰᠣᠶᠣᠯ ᠵᠠᠭᠤᠴᠢ᠂ ᠭᠡᠷ ᠭᠠᠵᠠᠷ ᠭᠦᠷᠦᠩᠭᠡ᠂ ᠡᠯᠧᠺᠲᠷᠣᠨ ᠮᠡᠳᠡᠭᠡ ᠬᠤᠯᠪᠣᠭ᠎ᠠ᠂ ᠡᠮ ᠡᠮᠨᠡᠯᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠬᠦᠷᠢᠶ᠎ᠡ ᠳᠤ ᠬᠤᠯᠪᠣᠭᠳᠠᠨ᠎ᠠ᠃ ᠵᠢᠱᠢᠯᠲᠡ ᠪᠠᠷ ᠶᠡᠭᠡ ᠳᠡᠭᠡᠳᠦ ᠰᠤᠷᠭᠠᠭᠤᠯᠢ ᠨᠤᠭᠤᠳ ᠠᠴᠠ ᠲᠡᠭᠦᠰᠦᠭᠰᠡᠳ ᠵᠢᠴᠢ ᠨᠡᠶᠢᠭᠡᠮ ᠤᠨ ᠡᠯ᠎ᠡ ᠲᠦᠷᠦᠯ ᠤᠨ ᠠᠵᠢᠯ ᠡᠷᠢᠭᠴᠢᠳ ᠪᠠᠷᠤᠭ 2 ᠲᠦᠮᠡᠨ ᠬᠥᠮᠦᠨ ᠤᠳᠠᠭ᠎ᠠ ᠴᠤᠭᠯᠠᠭᠠᠨ ᠳᠤ ᠣᠷᠣᠯᠴᠠᠵᠤ ᠠᠵᠢᠯ ᠡᠷᠢᠬᠦ ᠪᠣᠯᠣᠨ᠎ᠠ᠃      ᠲᠤᠰ ᠤᠳᠠᠭᠠᠨ ᠤ ᠤᠷᠢᠵᠤ ᠡᠯᠰᠡᠬᠦ ᠬᠤᠷᠠᠯ ᠨᠢ ︽ᠲᠤᠬᠠᠶ ᠶᠢᠨ ᠲᠠᠯᠠᠪᠠᠢ + ᠲᠣᠣᠷ ᠰᠦᠯᠵᠢᠶ᠎ᠡ + ᠸᠢᠴᠠᠲ︾᠎ ᠢ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠡᠷᠢᠬᠦ ᠤᠷᠢᠵᠤ ᠬᠡᠷᠡᠭᠯᠡᠬᠦ ᠵᠠᠭᠪᠤᠷᠰᠢᠯ ᠢ ᠦᠷᠭᠦᠯᠵᠢᠯᠡᠨ ᠭᠦᠨᠵᠡᠭᠡᠶ ᠴᠣᠭᠴᠠᠯᠠᠵᠤ᠂ ᠤᠷᠢᠵᠤ ᠡᠯᠰᠡᠬᠦ ᠬᠤᠷᠠᠯ ᠢ ︽ᠸᠢᠴᠠᠲ + ᠲᠤᠬᠠᠶ ᠶᠢᠨ ᠲᠠᠯᠠᠪᠠᠢ︾᠎ ᠳᠤ ᠠᠮᠵᠢᠭᠤᠯᠤᠨ ᠭᠠᠷᠭᠠᠵᠤ᠂ ᠢᠨᠲ᠋ᠧᠷ ᠰᠦᠯᠵᠢᠶᠡᠨ ᠤ ᠠᠵᠢᠯ ᠣᠯᠭᠤᠯᠲᠠ ᠶᠢᠨ ᠦᠢᠯᠡᠴᠢᠯᠡᠭᠡ ᠳᠤᠮᠳᠠᠬᠢ ᠰᠢᠯᠢᠳᠡᠭᠵᠢᠭᠦᠯᠬᠦ ᠪᠠ ᠲᠥᠪᠯᠡᠷᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠡᠩ ᠳᠥᠭᠦᠮ ᠳᠥᠲᠡ ᠴᠢᠨᠠᠷᠲᠠᠶ᠂ ᠬᠠᠨᠳᠤᠯᠭᠠᠲᠤ ᠴᠢᠨᠠᠷᠲᠠᠶ ᠦᠢᠯᠡᠴᠢᠯᠡᠭᠡ ᠬᠠᠩᠭᠠᠨ᠎ᠠ᠃ ᠶᠡᠭᠡ ᠬᠤᠷᠠᠯ ᠳᠤ ᠠᠵᠢᠯ ᠡᠷᠢᠭᠴᠢᠳ ᠤᠨ ᠳᠠᠩᠰᠠᠯᠠᠨ ᠲᠡᠮᠳᠡᠭᠯᠡᠬᠦ ᠭᠠᠵᠠᠷ ᠢ ᠨᠡᠮᠡᠨ ᠪᠠᠶᠢᠭᠤᠯᠵᠤ᠂ ᠠᠵᠢᠯ ᠡᠷᠢᠭᠴᠢᠳ ᠲᠤ ᠦᠨ᠎ᠡ ᠲᠥᠯᠥᠪᠦᠷᠢ ᠦᠭᠡᠢ ᠪᠠᠷ ᠠᠵᠢᠯ ᠮᠡᠷᠭᠡᠵᠢᠯ ᠲᠠᠨᠢᠯᠴᠠᠭᠤᠯᠵᠤ᠂ ᠠᠵᠢᠯ ᠣᠯᠭᠤᠯᠲᠠ ᠶᠢ ᠵᠢᠯᠣᠭᠤᠳᠤᠨ᠎ᠠ︔ ᠠᠵᠢᠯ ᠡᠷᠢᠭᠴᠢᠳ ᠲᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠯᠠᠪᠯᠠᠯᠲᠠ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号