ᠥᠪᠥᠷ ᠮᠣᠩᠭᠤᠯ ᠤᠨ ᠠᠰᠫᠢᠷᠠᠨᠲ ᠶᠢᠨ ᠨᠡᠷ᠎ᠡ ᠮᠡᠳᠡᠭᠦᠯᠬᠦ ᠲᠤᠬᠠᠶ ᠶᠢᠨ ᠲᠠᠯᠠᠪᠠᠶ ᠳᠤ ᠨᠤᠲᠠᠯᠠᠬᠤ ᠭᠠᠵᠠᠷ ᠢ ᠲᠤᠬᠢᠷᠠᠭᠤᠯᠪᠠ
ᠨᠡᠶᠢᠲᠡᠯᠡᠭᠰᠡᠨ ᠴᠠᠭ᠄
2016/10/31
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠷᠴᠢᠮᠬᠠᠨ ᠳᠤ ︽2017 ᠣᠨ ᠤ ᠠᠰᠫᠢᠷᠠᠨᠲ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠲᠤᠬᠠᠶ ᠶᠢᠨ ᠲᠠᠯᠠᠪᠠᠢ ᠳᠤ ᠨᠤᠲᠠᠯᠠᠬᠤ ᠭᠠᠵᠠᠷ ᠢ ᠲᠤᠬᠢᠷᠠᠭᠤᠯᠬᠤ ᠵᠡᠷᠭᠡ ᠬᠤᠯᠪᠣᠭᠳᠠᠯ ᠪᠥᠬᠦᠢ ᠤᠴᠢᠷ ᠤᠨ ᠲᠤᠬᠠᠶ ᠮᠡᠳᠡᠭᠳᠡᠯ︾ ᠲᠠᠷᠬᠠᠭᠠᠵᠤ᠂ ᠨᠡᠷ᠎ᠡ ᠮᠡᠳᠡᠭᠦᠯᠦᠨ ᠰᠢᠯᠭᠠᠭᠤᠯᠬᠤ ᠴᠢᠭ᠋ ᠢᠶᠠᠨ ᠣᠨᠳᠣᠣ ᠭᠠᠵᠠᠷ ᠲᠤ ᠰᠤᠩᠭᠤᠭᠰᠠᠨ ᠬᠡᠰᠡᠭ ᠰᠢᠯᠭᠠᠭᠤᠯᠤᠭᠴᠢᠳ ᠤᠨ ᠲᠤᠬᠠᠶ ᠶᠢᠨ ᠲᠠᠯᠠᠪᠠᠶ ᠳᠤ ᠨᠤᠲᠠᠯᠠᠬᠤ ᠭᠠᠵᠠᠷ ᠲᠤ ᠲᠤᠬᠢᠷᠠᠭᠤᠯᠤᠯᠲᠠ ᠬᠢᠪᠡ᠃      ᠨᠡᠷ᠎ᠡ ᠮᠡᠳᠡᠭᠦᠯᠬᠦ ᠴᠢᠭ᠋ ᠢᠶᠠᠨ ᠤᠨᠳᠤᠤ ᠭᠠᠵᠠᠷ ᠲᠤ ᠰᠤᠩᠭᠤᠭᠰᠠᠨ ᠰᠢᠯᠭᠠᠭᠤᠯᠤᠭᠴᠢ ᠨᠢ ᠴᠥᠮ ᠲᠤᠰ ᠭᠠᠵᠠᠷ ᠲᠤ ᠪᠠᠨ ︵ᠡᠷᠦᠬᠡ ᠠᠮᠠ ᠪᠤᠶᠤ ᠠᠵᠢᠯᠯᠠᠵᠤ ᠪᠠᠶᠢᠭ᠎ᠠ ᠭᠠᠵᠠᠷ᠂ ᠰᠤᠷᠤᠯᠴᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ︶ ᠲᠤᠬᠠᠶ ᠶᠢᠨ ᠲᠠᠯᠠᠪᠠᠶ ᠳᠤ ᠨᠤᠳᠠᠯᠠᠯᠲᠠ ᠬᠢᠯᠭᠡᠵᠦ ᠪᠤᠯᠤᠨ᠎ᠠ︔ ᠬᠢᠩᠭᠠᠨ ᠠᠶᠢᠮᠠᠭ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠠᠯᠠᠱᠠ ᠠᠶᠢᠮᠠᠭ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠢ ᠨᠤᠲᠠᠯᠠᠬᠤ ᠴᠢᠭ᠋ ᠢᠶᠠᠷ ᠨᠡᠮᠡᠨ ᠲᠤᠭᠲᠠᠭᠠᠵᠤ᠂ ᠬᠢᠩᠭᠠᠨ ᠠᠶᠢᠮᠠᠭ ᠪᠠ ᠠᠯᠠᠱᠠ ᠠᠶᠢᠮᠠᠭ ᠲᠤ ᠠᠵᠢᠯᠯᠠᠵᠤ ᠪᠠᠶᠢᠭ᠎ᠠ ᠪᠤᠶᠤ ᠡᠷᠦᠬᠡ ᠠᠮᠠ ᠶᠢᠨ ᠳᠠᠩᠰᠠ ᠨᠢ ᠪᠠᠶᠢᠭ᠎ᠠ ᠰᠢᠯᠭᠠᠭᠤᠯᠤᠭᠴᠢ ᠲᠤᠰ ᠠᠶᠢᠮᠠᠭ ᠬᠤᠲᠠ ᠳᠠᠭᠠᠨ ᠲᠤᠬᠠᠶ ᠶᠢᠨ ᠲᠠᠯᠠᠪᠠᠢ ᠶᠢᠨ ᠨᠤᠳᠠᠯᠠᠯᠲᠠ ᠶᠢᠨ ᠭᠠᠷ ᠭᠦᠢᠴᠡᠳᠬᠡᠯ ᠬᠢᠵᠦ ᠪᠤᠯᠤᠨ᠎ᠠ︔ ᠬᠥᠬᠡᠬᠤᠲᠠ᠂ ᠪᠤᠭᠤᠲᠤ ᠬᠤᠳᠠ᠂ ᠲᠦᠩᠯᠢᠶᠣᠤ ᠬᠤᠳᠠ᠂ ᠤᠯᠠᠭᠠᠨᠴᠠᠪ ᠬᠤᠳᠠ᠂ ᠤᠯᠠᠭᠠᠨᠬᠠᠳᠠ ᠬᠤᠳᠠ ᠵᠡᠷᠭᠡ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠡᠯᠢᠶᠡᠳ ᠠᠷᠪᠢᠨ ᠪᠠᠶᠢᠬᠤ ᠠᠶᠢᠮᠠᠭ ᠬᠤᠳᠠ ᠨᠢ ᠬᠤᠳᠠ ᠶᠢᠨ ᠬᠠᠷᠢᠶ᠎ᠠ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠲᠤᠬᠠᠶ ᠶᠢᠨ ᠲᠠᠯᠠᠪᠠᠶ ᠶᠢᠨ ᠨᠤᠳᠠᠯᠠᠯᠲᠠ ᠶᠢᠨ ᠴᠢᠭ᠋ ᠨᠡᠮᠡᠨ ᠲᠤᠬᠢᠷᠠᠭᠤᠯᠵᠤ ᠪᠤᠯᠤᠨ᠎ᠠ᠃      ᠨᠤᠲᠠᠯᠠᠬᠤ ᠭᠠᠵᠠᠷ ᠢ ᠲᠤᠬᠢᠷᠠᠭᠤᠯᠤᠭᠰᠠᠨ ᠤ ᠳᠠᠷᠠᠭ᠎ᠠ᠂ ᠰᠢᠯᠭᠠᠭᠤᠯᠤᠭᠴᠢᠳ ‍ᠤᠨ‌‍ᠲ᠋ᠤᠬᠠᠶ ᠶᠢᠨ ᠲᠠᠯᠠᠪᠠᠶ ᠳᠤ ᠨᠤᠲᠠᠯᠠᠭᠤᠯᠬᠤ ᠳᠤ ᠬᠡᠷᠡᠭᠴᠡᠭᠡ ᠪᠦᠬᠦᠢ ᠮᠠᠲ᠋ᠧᠷᠢᠶᠠᠯ ᠤᠨ ᠲᠠᠯ᠎ᠠ ᠪᠠᠷ᠂ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠲᠤᠬᠠᠶ ᠶᠢᠨ ᠲᠠᠯᠠᠪᠠᠶ ᠶᠢᠨ ᠨᠤᠲᠠᠯᠠᠯᠲᠠ ᠬᠢᠯᠭᠡᠬᠦ ᠳᠤ ᠡᠷᠤᠭᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ ᠮᠠᠲ᠋ᠧᠷᠢᠶᠠᠯ ᠪᠡᠯᠡᠳᠬᠡᠬᠦ ᠴᠢᠬᠤᠯᠠᠲᠠᠢ︔ ᠠᠵᠢᠯᠯᠠᠵᠤ ᠪᠠᠶᠢᠭ᠎ᠠ ᠭᠠᠵᠠᠷ ᠲᠠᠭᠠᠨ ᠲᠤᠬᠠᠶ ᠶᠢᠨ ᠲᠠᠯᠠᠪᠠᠶ ᠶᠢᠨ ᠨᠤᠲᠠᠯᠠᠯᠲᠠ ᠬᠢᠯᠭᠡᠬᠦ ᠳᠤ ᠠᠵᠢᠯᠳᠠᠨ ᠤ ᠶᠠᠪᠤᠳᠠᠯ ᠤᠨ ᠬᠠᠷᠢᠴᠠᠭ᠎ᠠ ᠲᠠᠢ ᠬᠠᠷᠢᠶ᠎ᠠ ᠨᠢᠭᠡᠴᠡ ᠪᠠᠷ ᠢᠶᠠᠨ ᠬᠦᠴᠦᠨ ᠲᠠᠢ ︵ᠴᠠᠯᠢᠩ ᠪᠤᠶᠤ ᠭᠠᠶᠢᠯᠢ ᠲᠤᠰᠢᠶᠠᠭᠰᠠᠳ ᠭᠡᠷᠡᠴᠢ ᠵᠡᠷᠭᠡ ᠪᠠᠭᠲᠠᠨ᠎ᠠ︶ ᠠᠵᠢᠯ ᠤᠨ ᠭᠡᠷᠡᠴᠢ ᠬᠢᠯᠭᠡᠬᠦ ᠴᠢᠬᠤᠯᠠᠲᠠᠢ︔ ᠳᠠᠳᠤᠯᠭ᠎ᠠ ᠬᠢᠵᠦ ᠪᠠᠶᠢᠭ᠎ᠠ ᠭᠠᠵᠠᠷ ᠲᠠᠭᠠᠨ ᠲᠤᠬᠠᠶ ᠶᠢᠨ ᠲᠠᠯᠠᠪᠠᠶ ᠶᠢᠨ ᠨᠤᠳᠠᠯᠠᠯᠲᠠ ᠬᠢᠯᠭᠡᠬᠦ ᠳᠤ ᠳᠠᠳᠤᠯᠭ᠎ᠠ ᠬᠢᠵᠦ ᠪᠠᠶᠢᠭ᠎ᠠ ᠨᠢᠭᠡᠴᠡ ᠪᠤᠶᠤ ᠰᠤᠷᠤᠯᠴᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠪᠠᠷ ᠢᠶᠠᠨ ᠭᠡᠷᠡᠴᠢ  ᠬᠢᠯᠭᠡᠬᠦ ᠬᠡᠷᠡᠭᠲᠡᠢ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠰᠦᠯᠵᠢᠶᠡᠨ ᠳᠡᠭᠡᠷ᠎ᠡ ᠳᠡᠭᠡᠷᠡᠬᠢ ︵ᠰᠤᠷᠭᠠᠭᠤᠯᠢ ᠶᠢᠨ ᠬᠠᠷᠢᠶ᠎ᠠ︶᠎ ᠶᠢᠨ ᠰᠤᠷᠭᠠᠭᠤᠯᠢ ᠶᠢᠨ ᠬᠢᠨᠠᠨ ᠰᠢᠯᠭᠠᠯᠲᠠ ᠶᠢ ᠦᠩᠭᠡᠷᠡᠵᠦ ᠳᠡᠶᠢᠯᠦᠭᠰᠡᠨ ᠦᠭᠡᠢ ᠰᠢᠯᠭᠠᠭᠤᠯᠤᠭᠴᠢ ᠲᠤᠬᠠᠶ ᠶᠢᠨ ᠲᠠᠯᠠᠪᠠᠶ ᠳᠤ ᠨᠤᠲᠠᠯᠠᠭᠤᠯᠬᠤ ᠳᠠᠭᠠᠨ ᠰᠤᠷᠤᠯᠭ᠎ᠠ ᠶᠢᠨ ᠨᠠᠮᠲᠠᠷ ︵ᠰᠤᠷᠭᠠᠭᠤᠯᠢ ᠶᠢᠨ ᠬᠠᠷᠢᠶ᠎ᠠ︶᠎ ᠤᠨ ᠦᠨᠡᠮᠰᠢᠯ ᠤᠨ ᠮᠡᠳᠡᠭᠦᠯᠦᠯᠲᠡ ᠬᠠᠩᠭᠠᠬᠤ ᠬᠡᠷᠡᠭᠲᠡᠢ᠃      2017 ᠣᠨ ᠤ ᠠᠰᠫᠢᠷᠠᠨᠲ ᠤᠨ ᠰᠢᠯᠭᠠᠯᠲᠠ ᠶᠢᠨ ︵ᠠᠩᠬᠠᠨ ᠤ︶ ᠭᠠᠵᠠᠷ ᠢ ᠮᠦᠨᠬᠦ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠰᠤᠩᠭᠤᠭᠰᠠᠨ ᠪᠠ ᠨᠤᠲᠠᠯᠠᠭᠰᠠᠨ ᠰᠢᠯᠭᠠᠯᠲᠠ ᠶᠢᠨ ᠭᠠᠵᠠᠷ ᠢᠶᠠᠷ ᠪᠠᠷᠢᠮᠵᠢᠶ᠎ᠠ ᠪᠤᠯᠭᠠᠨ᠎ᠠ᠃ 11 ᠳ᠋ᠦ᠋ᠭᠡᠷ ᠰᠠᠷ᠎ᠠ ᠶᠢᠨ 5 ~ 11᠎ ᠤ ᠡᠳᠦᠷ᠂ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠦ᠂ ᠦᠪᠡᠷ ᠤᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠬᠠᠷᠭᠤᠭᠤᠯᠤᠭᠠᠳ ᠪᠤᠷᠤᠭᠤ ᠦᠭᠡᠢ ᠪᠤᠭ ᠲᠤᠬᠠᠶ ᠶᠢᠨ ᠲᠠᠯᠠᠪᠠᠶ ᠶᠢᠨ ᠨᠤᠲᠠᠯᠠᠭᠤᠯᠬᠤ ᠭᠠᠵᠠᠷ ᠢᠶᠠᠨ ᠰᠣᠩᠭᠤᠬᠤ ᠪᠠ ᠲᠤᠬᠠᠶ ᠶᠢᠨ ᠲᠠᠯᠠᠪᠠᠢ ᠳᠤ ᠨᠤᠲᠠᠯᠠᠭᠤᠯᠬᠤ ᠴᠠᠭ ᠢᠶᠠᠨ ᠪᠤᠯᠵᠤᠬᠤ ᠶᠢᠨ ᠬᠠᠮᠲᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠦᠢᠳᠬᠡᠯ ᠢᠶᠠᠨ ᠲᠤᠰᠢᠶᠠᠬᠤ ᠬᠡᠷᠡᠭᠲᠡᠢ᠃ 11 ᠳ᠋ᠦ᠋ᠭᠡᠷ ᠰᠠᠷ᠎ᠠ ᠶᠢᠨ 6 ~ 12᠎ ᠤ ᠡᠳᠦᠷ ᠲᠤᠬᠠᠶ ᠶᠢᠨ ᠲᠠᠯᠠᠪᠠᠶ ᠶᠢᠨ ᠨᠤᠲᠠᠯᠠᠯᠲᠠ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号